ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ | ᠴᠢᠬᠤᠯᠠᠴᠢᠯᠠᠭᠰᠠᠨ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠬᠡᠷᠡᠭᠲᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ | ᠬᠦ᠋ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ | ᠴᠠᠭ ᠲᠣᠭᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ | ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠤᠯᠠᠮᠵᠢᠯᠠᠯᠲᠤ ᠠᠵᠤ ᠦᠢᠯᠡᠰ ᠢ | ᠤᠮᠳᠤᠭᠠᠶᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ | ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ | ᠭᠠᠵᠠᠷ ᠤᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠬᠠᠭᠤᠴᠢᠨ ᠢ | ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ | ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢᠨ | ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ | ᠪᠤᠯᠭᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 3 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠼᠦᠢ ᠲᠢᠶᠧ ᠵᠢᠶᠦ᠋ᠨ᠂ ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 | ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠭᠡᠷᠡᠯᠴᠢ ᠴᠡᠨᠡᠭ ᠤᠨ ᠠᠵᠢᠯ ᠲᠥᠷᠥᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ᠂ | ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ ᠭᠤᠷᠪᠠᠯᠵᠢᠨ ᠬᠤᠶ᠋ᠢᠭ ᠤᠨ ᠨᠢᠭᠡ | ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ | ᠠᠰᠠᠭᠤᠳᠠᠯ ᠤᠨ ᠲᠤᠬᠠᠢ ᠦᠭᠡ ᠬᠡᠯᠡᠪᠡ᠃ ᠰᠢ ᠶᠢᠨ ᠫᠢᠩ ᠪᠠᠶᠢᠨ ᠳᠠᠭᠢᠨ ᠳᠤᠮᠳᠠ ᠦᠭᠡ ᠬᠡᠯᠡᠵᠦ ᠤᠯᠠᠨ ᠲᠠᠢ | ᠶᠠᠷᠢᠯᠴᠠᠵᠤ ᠰᠣᠯᠢᠯᠴᠠᠪᠠ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ | ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ | ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ | ᠭᠦᠢᠴᠡᠳ ᠨᠤᠲᠠᠯᠠᠵᠤ᠂ ᠵᠢᠶᠠᠩᠰᠤ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ | ᠴᠢᠬᠤᠯᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠶᠢ ᠬᠦᠰᠡᠪᠡ᠃ | ᠰᠢ ᠶᠢᠨ ᠫᠢᠩ᠂ ᠵᠢᠶᠠᠩᠰᠤ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ | ᠰᠠᠶᠢᠬᠠᠨ ᠨᠥᠬᠦᠴᠡᠯ ᠪᠠ ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ᠋ ᠭᠤᠣᠯᠳᠠᠯᠭ᠎ᠠ ᠶᠢ ᠳᠤᠪᠤᠶᠢᠯᠭᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠤᠯᠠᠮᠵᠢᠯᠠᠯᠲᠤ ᠠᠵᠤ ᠦᠢᠯᠡᠰ ᠢ | ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠢᠷᠡᠭᠡᠳᠦᠢ ᠶᠢᠨ ᠠᠵᠤ ᠦᠢᠯᠡᠰ ᠢ | ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ | ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠪᠠᠶᠢᠭᠤᠯᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ | ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ | ᠪᠠᠶᠢᠭᠤᠯᠬᠤ ᠲᠣᠭᠤᠷᠢᠨ ᠳᠤ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠡᠷᠬᠡ ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ | ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠢ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠮᠵᠢᠵᠤ ᠡᠯ᠎ᠡ ᠲᠦᠷᠦᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠪᠠᠶᠢᠭᠤᠯᠤᠮᠵᠢ ᠰᠤᠷᠭᠠᠨ | ᠬᠥᠮᠦᠵᠢᠯ ᠤᠨ ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ | ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ ᠨᠠᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢ | ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶ᠋ᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ ᠦᠢᠯᠡᠴᠢᠯᠡᠵᠦ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ | ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ | ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ ᠣᠷᠣᠨ ᠪᠦᠰᠡ ᠴᠢᠨᠠᠭᠰᠢᠯᠠᠪᠠᠯ ᠪᠦᠭᠦ ᠤᠯᠤᠰ ᠤᠨ | ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ | ᠰᠠᠶᠢᠳᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ | ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ | ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ᠋ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ | ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ | ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ᠋ ᠬᠥᠩᠭᠡᠷᠡᠭᠦᠯᠵᠦ᠂ ᠪᠦᠭᠦ ᠨᠠᠮ ᠪᠦᠭᠦ ᠨᠡᠶ᠋ᠢᠭᠡᠮ ᠤᠨ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ | ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ | ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠳᠤᠷ ᠠᠳᠬᠤᠵᠤ᠂ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠨᠠᠭᠰᠢᠳᠠ ᠰᠠᠶᠢᠳᠤᠷ ᠬᠢᠵᠦ᠂ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃ ᠮᠦ᠋ ᠬᠤᠩ᠂ | ᠵᠢᠶᠠᠩ ᠰᠢᠨ ᡁᠢ ᠨᠠᠷ ᠣᠷᠣᠯᠴᠠᠪᠠ᠃ | ᠳᠡᠪᠰᠢᠭᠦᠯᠦᠭᠴᠢ᠄ ᠲᠡᠷᠭᠡᠯ | |