ᠰᠢ ᠶᠢᠨ ᠫᠢᠩ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠵᠤ ᠪᠠᠶᠢᠭ᠎ᠠ ᠳᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠣᠷᠴᠢᠨ ᠲᠣᠭᠤᠷᠢᠨ | ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠳᠡᠭᠡᠨ ᠴᠢᠬᠤᠯᠠᠴᠢᠯᠠᠭᠰᠠᠨ — ᠢᠳᠡᠪᠬᠢᠲᠡᠢ ᠪᠠᠷ ᠠᠷᠭ᠎ᠠ | ᠤᠬᠠᠭᠠᠨ ᠭᠠᠷᠭᠠᠵᠤ ᠵᠠᠰᠠᠭ ᠲᠤ ᠲᠤᠰᠠᠯᠠᠵᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠡᠷᠠᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠸᠠᠩ | ᠬᠤ᠋ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ | | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ | ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ | ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠴᠠᠢ᠃ ᠲᠡᠷᠡ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠡᠯ᠎ᠡ ᠨᠠᠮ ᠪᠦᠯᠦᠭ᠂ ᠡᠯ᠎ᠡ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠥᠮᠥᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ | ᠤᠬᠠᠭᠠᠨ ᠭᠠᠷᠭᠠᠵᠤ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | 3 ᠰᠠᠷ᠎ᠠ ᠶᠢᠨ 6 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ | ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ | ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠴᠠᠢ᠃ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ | ᠶᠠᠷᠢᠯᠴᠠᠬᠤ ᠳᠤ ᠣᠷᠣᠯᠴᠠᠪᠠ᠃ | | | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠩ ᠵᠢᠩ ᠸᠧᠨ ᠰᠡᠭᠦᠳᠡᠷᠯᠡᠪᠡ | | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶ᠋ᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ | ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ ᠤᠨ ᠡᠯ᠎ᠡ | ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠤᠦᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠤᠦᠨ ᠭᠠᠳᠠᠭᠠᠳᠤ ᠳᠤ ᠪᠠᠶᠢᠭ᠎ᠠ | ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠰᠢᠶᠠ ᠰᠢᠶᠠᠨ ᠫᠧᠩ᠂ ᠲᠢᠶᠠᠨ ᠬᠤᠩ ᠴᠢ᠂ ᠦ᠋ ᠵᠢᠶᠠᠨ ᠫᠢᠩ᠂ | ᠵᠣᠣ ᠢᠦᠢ ᠯᠢᠶᠠᠩ᠂ ᠬᠤᠸᠠᠩ ᠮᠢᠶᠠᠨ ᠰᠥᠩ᠂ ᠬᠤ᠋ ᠰᠥᠩ ᠴᠢᠨ ᠵᠡᠷᠭᠡ 6 ᠭᠡᠰᠢᠭᠦᠨ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ | ᠡᠬᠡ ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ ᠢᠨᠲ᠋ᠧᠷ ᠰᠦᠯᠵᠢᠶᠡᠨ ᠤ ᠭᠤᠣᠯᠯᠠᠬᠤ | ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ | ᠦᠢᠯᠡᠰᠵᠢᠯᠲᠡ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ | ᠦᠭᠡ ᠬᠡᠯᠡᠪᠡ᠃ | ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠣᠯᠠᠨ ᠲᠠᠢ ᠬᠠᠮᠲᠤ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ | ᠪᠠᠶᠢᠨ᠎ᠠ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠠᠳᠡ ᠰᠠᠭᠤᠵᠤ ᠪᠠᠶᠢᠭ᠎ᠠ ᠭᠡᠰᠢᠭᠦᠳ ᠪᠣᠯᠣᠨ ᠥᠷᠭᠡᠨ | ᠤᠯᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠭᠦᠨ ᠪᠣᠯᠣᠨ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ | ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠥᠰ ᠲᠤ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠨᠠᠮ ᠤᠨ ᠲᠥᠪ | ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠲᠤ ᠰᠢᠯᠵᠢᠭᠦ ᠶᠢ | ᠡᠷᠡᠰ ᠰᠢᠭᠤᠷᠬᠠᠢ ᠬᠡᠷᠡᠭᠵᠢᠭᠦᠯᠵᠦ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠭᠦ ᠬᠦᠴᠦ ᠪᠠᠷ ᠢᠶᠠᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠣᠯ ᠵᠢᠰᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ | ᠠᠯᠬᠤᠪᠠ᠃ ᠠᠮᠵᠢᠯᠲᠠ ᠪᠦᠲᠦᠮᠵᠢ ᠶᠢ ᠭᠢᠯᠪᠠᠷᠬᠠᠨ ᠢᠶᠠᠷ ᠣᠯᠣᠭᠰᠠᠨ ᠪᠢᠰᠢ᠂ ᠡᠨᠡ ᠪᠣᠯ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ ᠤ ᠦᠷ᠎ᠡ | ᠳ᠋ᠦ᠋ᠩ ᠮᠥᠨ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠭᠦᠳᠡᠯᠮᠦᠷᠢ | ᠪᠠ ᠤᠶᠤᠨ ᠤᠬᠠᠭᠠᠨ ᠢ ᠰᠢᠩᠭᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ︽ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠵᠤ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ | ︾ ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ | ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ | ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ | ᠦᠷᠭᠦᠯᠵᠢᠯᠡᠨ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ | ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ᠃ | ᠥᠷᠭᠡᠨ ᠤᠯᠠᠨ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠡᠲᠡᠭᠡᠳ ᠤᠨ ᠬᠥᠮᠥᠰ ᠰᠢᠨᠵᠢᠯᠡᠬᠦ ᠤᠬᠠᠭᠠᠨ | ᠲᠧᠨᠢᠭ ᠮᠡᠷᠭᠡᠵᠢᠯ ᠤᠨ ᠪᠠᠶ᠋ᠢᠭᠤᠯᠤᠮᠵᠢ ᠶᠢᠨ ᠥᠭᠡᠷᠡᠴᠢᠯᠡᠯᠲᠡ ᠳᠤ ᠣᠷᠤᠯᠴᠠᠬᠤ ᠶᠢ ᠢᠳᠡᠪᠬᠢᠲᠡᠢ ᠲᠡᠮᠵᠢᠵᠤ᠂ ᠰᠢᠨᠵᠢᠯᠡᠬᠦ | ᠤᠬᠠᠭᠠᠨ ᠲᠧᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ | ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ | ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ | ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ | ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ | ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠷ᠎ᠠ ᠭᠠᠳᠠᠨᠠᠬᠢ ᠪᠦᠯᠬᠦᠮᠳᠡᠵᠦ | ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠳᠤᠷ ᠪᠦᠯᠬᠦᠮᠳᠡᠵᠦ᠂ ︽ᠲᠤᠰᠠᠭᠠᠷ | ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ | ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠰᠢᠨᠵᠢᠯᠡᠬᠦ ᠤᠬᠠᠭᠠᠨ ᠲᠧᠨᠢᠭ ᠮᠡᠷᠭᠡᠵᠢᠯ᠂ ᠬᠥᠳᠡᠭᠡ ᠠᠵᠤ ᠠᠬᠤᠢ᠂ ᠰᠣᠶᠣᠯ | ᠢᠷᠭᠡᠨᠰᠢᠯ᠂ ᠵᠠᠯᠠᠭᠤᠴᠤᠳ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ | ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠣᠨ ᠥᠷᠭᠡᠨ ᠤᠯᠠᠨ | ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠠᠭᠤᠷᠢ ᠰᠤᠳᠤᠯᠭᠠᠨ ᠪᠣᠯᠣᠨ ᠬᠡᠷᠡᠭᠯᠡᠭᠡᠨ ᠤ ᠰᠠᠭᠤᠷᠢ | ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠳᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ | ᠴᠢᠳᠠᠪᠤᠷᠢ ᠶᠢ ᠪᠤᠶᠢᠵᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠣᠯᠣᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ | ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠲᠠᠯᠳᠠ ᠬᠦᠴᠦᠨ ᠢ ᠤᠯᠠᠮ | ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ | ᠬᠠᠮᠠᠭᠠᠯᠠᠵᠤ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ | ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠪᠣᠬᠢᠷᠳᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠴᠢᠭᠯᠡᠯᠲᠡ ᠶᠢ | ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ | ᠪᠠᠶᠢᠬᠤ᠂ ᠳᠣᠣᠷ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ | ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠦᠢᠯᠡᠳᠬᠦᠨ ᠤ ᠥᠷᠲᠡᠭ ᠢ | ᠪᠣᠳᠠᠲᠠᠢ ᠪᠤᠯᠭᠠᠬᠤ ᠠᠷᠭ᠎ᠠ ᠵᠠᠮ ᠢ ᠥᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠶ | ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ | ᠤᠢ ᠪᠣᠯᠣᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ | ᠴᠢᠩᠭᠠᠳᠬᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠪᠡᠶ᠎ᠡ ᠶᠢᠨ ᠬᠡᠪ | ᠴᠢᠨᠠᠷ ᠪᠠ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ | ᠲᠦᠷᠦ ᠶᠢᠨ ᠵᠥᠪᠯᠡᠯᠭᠡᠨ ᠤ ᠠᠵᠢᠯ ᠪᠠ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠱᠢ ᠲᠠᠢ ᠹᠧᠩ᠂ ᠵᠧᠩ ᠵᠢᠶᠠᠨ ᠪᠠᠩ᠂ ᠬᠤ᠋ ᠴᠦᠨ | ᠬᠤᠸᠠ᠂ ᠸᠠᠩ ᠳ᠋ᠦ᠋ᠩ ᠹᠧᠩ᠂ ᠾᠧ ᠪᠦ᠋ᠦ ᠰᠢᠶᠠᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠪᠠ ᠃ | ᠳᠡᠪᠰᠢᠭᠦᠯᠦᠭᠴᠢ᠄ ᠲᠡᠷᠭᠡᠯ | |