ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠵᠢᠴᠢ ᠬᠤᠰᠢᠭᠤ ᠨᠠᠮ ᠤᠨ | ᠬᠤᠷᠢᠶᠠᠨ ᠤ ᠬᠢᠨᠠᠯᠲᠠ ᠲᠠᠯᠪᠢᠵᠤ ᠠᠵᠢᠯ ᠵᠣᠬᠢᠴᠠᠭᠤᠯᠤᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ | | 3 ᠰᠠᠷ᠎ᠠ ᠶᠢᠨ 29 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠢᠦᠢ ᠳ᠋ᠠᠢ ᠴᠢᠩ | ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠬᠢᠨᠠᠯᠲᠠ | ᠲᠠᠯᠪᠢᠵᠤ ᠠᠵᠢᠯ ᠵᠣᠬᠢᠴᠠᠭᠤᠯᠤᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠮᠣᠵᠢ ᠳᠤ ᠰᠢᠨᠵᠢᠯᠡᠨ ᠪᠠᠶᠢᠴᠠᠭᠠᠭᠰᠠᠨ | ᠪᠠ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠬᠤ ᠶᠢ ᠲᠦᠯᠬᠢᠨ ᠠᠬᠢᠭᠤᠯᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠡᠭ ᠤᠨ ᠣᠶᠢᠷ᠎ᠠ ᠶᠢᠨ ᠬᠤᠭᠤᠴᠠᠭᠠᠨ ᠳᠤ ᠶᠠᠷᠢᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ᠂ ᠬᠤᠶᠠᠷ ᠲᠥᠯᠥᠭᠡᠯᠡᠭᠴᠢ ᠨᠢᠭᠡ ᠭᠡᠰᠢᠭᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ᠂ | ᠬᠤᠰᠢᠭᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠵᠤ ᠠᠵᠢᠯ ᠵᠣᠬᠢᠴᠠᠭᠤᠯᠤᠨ ᠰᠠᠶᠢᠵᠢᠷᠠᠭᠤᠯᠬᠤ ᠵᠡᠷᠭᠡ ᠠᠵᠢᠯ ᠢ | ᠰᠤᠳᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠪᠠᠶᠢᠩᠭᠤ ᠶᠢᠨ | ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠠᠯᠲᠠ᠂ ᠳᠡᠳ᠋ ᠬᠤᠰᠢᠭᠤ ᠳᠠᠷᠤᠭ᠎ᠠ ᠵᠢᠴᠢ ᠰᠤᠮᠤ ᠰᠢᠶᠠᠩ ᠪᠠᠯᠭᠠᠰᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |