ᠰᠢ ᠶᠢᠨ ᠫᠢᠩ ᠮᠠ ᠵᠢᠩ ᠵᠢᠦ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/11
      ᠰᠢ ᠶᠢᠨ ᠫᠢᠩ ᠮᠠ ᠵᠢᠩ ᠵᠢᠦ ᠨᠠᠷ ᠲᠠᠢ ᠠᠭᠤᠯᠵᠠᠪᠠ      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10 ᠤ ᠦᠳᠡ ᠶᠢᠨ ᠬᠤᠶᠢᠨ᠎ᠠ ᠪᠡᠭᠡᠵᠢᠩ ᠳᠤ ᠮᠠ ᠵᠢᠩ ᠵᠢᠦ ᠨᠠᠷ ᠲᠠᠢ ᠠᠭᠤᠯᠵᠠᠪᠠ᠃
4.11.jpg
           4 ᠰᠠᠷ᠎ᠠ ᠶᠢᠨ 10 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ ᠮᠠ ᠵᠢᠩ ᠵᠢᠦ ᠨᠠᠷ ᠲᠠᠢ ᠠᠭᠤᠯᠵᠠᠪᠠ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ᠃      ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠨ᠎ᠠ᠃ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ  ᠪᠠᠶᠢᠵᠦ᠂ ᠥᠨᠢ ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ ᠪᠥᠭᠡᠳ ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠬᠥᠪᠡᠭᠦᠳ ᠥᠬᠢᠳ ᠨᠢᠭᠡ ᠪᠦᠷᠢ ᠴᠥᠮ ᠡᠭᠦᠨ ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠤᠷᠲᠤ ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ  ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ ᠲᠠᠶᠢᠸᠠᠨ ᠢ ᠰᠡᠷᠭᠦᠭᠡᠨ ᠮᠠᠨᠳᠤᠭᠤᠯᠤᠭᠰᠠᠨ ᠢ ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ ᠪᠣᠯᠣᠰᠢ ᠦᠭᠡᠢ ᠲᠡᠦᠬᠡ ᠶᠢ ᠪᠢᠴᠢᠭᠯᠡᠵᠦ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ ᠬᠡᠷᠡᠭ ᠢ   ᠰᠡᠶᠢᠯᠦᠭᠰᠡᠨ ᠶᠤᠮ᠃         ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ  ᠴᠣ᠋ ᠠᠯᠳᠠᠷᠠᠭᠠᠵᠤ  ᠳᠠᠶᠢᠯᠬᠦ ᠦᠭᠡᠢ ᠰᠡᠳᠬᠢᠯ ᠤᠨ ᠵᠠᠩᠭᠢᠷᠠᠭ᠎ᠠ ᠭᠡᠵᠦ  ᠪᠠᠶᠢᠳᠠᠭ ᠦᠭᠡᠢ᠂ ᠶᠠᠮᠠᠷ  ᠴᠣ᠋ ᠵᠥᠪᠳᠡᠯᠴᠡᠵᠦ  ᠳᠠᠶᠢᠯᠬᠦ ᠦᠭᠡᠢ ᠠᠰᠠᠭᠤᠳᠠᠯ ᠭᠡᠵᠦ  ᠪᠠᠶᠢᠳᠠᠭ ᠦᠭᠡᠢ᠂ ᠶᠠᠮᠠᠷ  ᠴᠣ᠋ ᠬᠦᠴᠦᠨ ᠭᠡᠳ ᠪᠢᠳᠡᠨ ᠢ ᠰᠠᠯᠭᠠᠵᠤ  ᠳᠠᠶᠢᠯᠬᠦ ᠦᠭᠡᠢ ᠶᠤᠮ᠃ ᠳᠠᠯᠠᠢ ᠶᠢᠨ ᠬᠤᠭᠤᠯᠠᠢ ᠶᠢᠨ ᠬᠤᠭᠤᠷᠣᠨᠳᠣᠭᠢ ᠵᠠᠢ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ  ᠳᠡᠶᠢᠯᠬᠦ ᠦᠭᠡᠢ ᠶᠤᠮ᠃  ᠪᠠᠶᠢᠭᠤᠯᠤᠯ ᠤᠨ ᠠᠳᠠᠯᠢ ᠪᠤᠰᠤ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠴᠥᠮ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃ ᠭᠠᠳᠠᠭᠠᠳᠤ ᠶᠢᠨ ᠭᠠᠷ ᠳᠦᠷᠦᠯᠲᠡ ᠤᠯᠤᠰ ᠭᠡᠷ ᠢᠶᠠᠷ ᠢᠶᠠᠨ ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ ᠬᠤᠷᠢᠭᠯᠠᠵᠤ ᠴᠢᠳᠠᠬᠤ ᠦᠭᠡᠢ ᠶᠤᠮ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ  ᠪᠠᠶᠢᠵᠦ᠂ ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃        ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ  ᠰᠠᠶᠢᠨ  ᠪᠠᠶᠢᠪᠠᠯ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ  ᠰᠠᠶᠢᠨ  ᠪᠠᠶᠢᠵᠦ ᠴᠢᠳᠠᠨ᠎ᠠ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠰᠢ ᠶᠢᠨ ᠫᠢᠩ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂ ᠬᠠᠮᠲᠤ ᠶᠢᠨ ᠰᠣᠶᠣᠯ᠂ ᠬᠠᠮᠲᠤ ᠶᠢᠨ ᠲᠡᠦᠬᠡ ᠲᠠᠢ ᠶᠤᠮ᠂ ᠨᠠᠩ ᠴᠢᠬᠤᠯᠠ ᠪᠢᠳᠡ ᠦᠨᠳᠦᠰᠦᠲᠡᠨ ᠳᠡᠭᠡᠨ ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ ᠬᠦᠰᠡᠯ ᠡᠷᠡᠮᠡᠯᠵᠡᠯ ᠲᠠᠢ  ᠪᠠᠶᠢᠬᠤ ᠶᠠᠪᠤᠳᠠᠯ ᠪᠣᠯᠣᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠳᠤ ᠶᠢᠨ ᠬᠥᠭᠵᠢᠯᠲᠡ ᠠᠴᠠ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃      ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨ ᠤ ᠵᠠᠩᠭᠢᠯᠠᠭ᠎ᠠ ᠳᠤᠮᠳᠠᠳᠤ ᠶᠢᠨ ᠦᠨᠳᠦᠰᠦᠲᠡᠨ ᠳᠤ ᠢᠮᠠᠭᠲᠠ ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂ ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ ᠵᠣᠷᠢᠭ ᠲᠠᠢ ᠪᠠᠶᠢᠳᠠᠭ ᠲᠤ ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ ᠬᠤᠯᠪᠣᠭᠳᠠᠵᠤ  ᠪᠠᠶᠢᠳᠠᠭ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂  ᠨᠠᠶᠢᠷᠠᠮᠳᠠᠯ ᠢᠶᠠᠷ ᠨᠢᠭᠡᠳᠬᠡᠬᠦ  ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ ᠡᠵᠡᠮᠰᠢᠭᠦᠯᠬᠦ ᠬᠡᠷᠡᠭᠲᠡᠢ᠃        ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠭᠡᠷ ᠣᠷᠣᠨ ᠡᠩᠬᠡ  ᠲᠠᠶᠢᠪᠤᠩ ᠠᠮᠤᠷ ᠠᠮᠤᠭᠤᠯᠠᠩ᠂ ᠭᠡᠷ ᠪᠦᠯᠢ ᠪᠠᠷ ᠢᠶᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ ᠡᠷᠬᠡᠪᠰᠢ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶ᠋ᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢᠭᠡ ᠳᠤᠮᠳᠠᠳᠤ ᠤᠯᠤᠰ  ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠳᠤ ᠪᠤᠢ᠂ ᠭᠤᠣᠯᠳᠠᠯᠭ᠎ᠠ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠪᠣᠯ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ ᠬᠠᠮᠲᠤ ᠶᠢᠨ ᠲᠠᠨᠢᠯᠲᠠ ᠲᠠᠢ ᠪᠠᠶ᠋ᠢᠬᠤ ᠳᠤ ᠪᠤᠢ᠃ ᠤᠯᠤᠰ ᠣᠷᠣᠨ ᠢ ᠬᠠᠭᠠᠴᠠᠭᠤᠯᠬᠤ ᠦᠭᠡᠢ ᠯᠡ ᠶᠤᠮ ᠪᠣᠯ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠴᠥᠮ ᠳᠤᠮᠳᠠᠳᠤ ᠤᠯᠤᠰ ᠤᠨ ᠬᠥᠮᠥᠨ᠂ ᠨᠢᠭᠡ ᠭᠡᠷ ᠤᠨ ᠬᠥᠮᠥᠨ ᠮᠥᠨ ᠭᠡᠳᠡᠭ ᠢ ᠮᠡᠳᠡᠷᠡᠳᠡᠭ ᠯᠡ ᠶᠤᠮ ᠪᠣᠯ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ ᠬᠥᠮᠥᠰ ᠤᠨ ᠤᠴᠢᠷ ᠢᠶᠠᠨ ᠤᠷᠢᠳ ᠢᠶᠠᠷ ᠬᠠᠷᠢᠯᠴᠠᠵᠤ ᠰᠠᠨᠠᠯ ᠢᠶᠠᠨ ᠰᠣᠯᠢᠯᠴᠠᠵᠤ᠂  ᠤᠶᠢᠯᠭᠠᠯᠴᠠᠭ᠎ᠠ ᠪᠠᠨ  ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠵᠥᠷᠢᠴᠡᠯ ᠢ ᠠᠷᠢᠯᠭᠠᠵᠤ᠂ ᠬᠠᠮᠲᠤ ᠶᠢᠨ ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃       ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ ᠴᠣᠭᠴᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ ᠪᠣᠯ ᠪᠢᠳᠡᠨ ᠤ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠴᠣᠭᠴᠠᠯᠠᠬᠤ ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ  ᠰᠠᠶᠢᠨ  ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠵᠦ᠂  ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ ᠨᠡᠩ  ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦ᠋ᠩᠰᠢᠭᠤᠷ ᠭᠠᠷᠤᠢ ᠠᠬ᠎ᠠ ᠳᠡᠭᠦᠦ ᠨᠠᠷ ᠢᠶᠠᠨ ᠳᠠᠭᠠᠭᠤᠯᠤᠨ  ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ  ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ  ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ ᠴᠢᠳᠠᠪᠤᠷᠢ ᠲᠠᠢ ᠶᠤᠮ᠃       ᠪᠢᠳᠡ ᠢᠮᠠᠭᠲᠠ  ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ  ᠲᠠᠶᠢᠸᠠᠨ ᠤ ᠠᠬ᠎ᠠ ᠳᠡᠭᠦᠦ ᠨᠠᠷ ᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ᠂ ᠡᠬᠡ ᠤᠯᠤᠰ ᠤᠨ ᠡᠬᠡ ᠬᠠᠭᠤᠷᠠᠢ ᠶᠢᠨ ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠳᠡᠪᠬᠢᠲᠡᠢ ᠪᠠᠷ  ᠲᠠᠶᠢᠸᠠᠨ ᠤ ᠠᠬ᠎ᠠ ᠳᠡᠭᠦᠦ ᠨᠠᠷ ᠲᠤ ᠪᠣᠳᠠᠲᠤ ᠶᠠᠪᠤᠳᠠᠯ ᠬᠢᠵᠦ᠂  ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂  ᠲᠠᠶᠢᠸᠠᠨ ᠤ ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ ᠵᠢᠷᠭᠠᠯ ᠢ ᠨᠡᠩ ᠪᠣᠳᠠᠲᠠᠢ᠂ ᠢᠷᠡᠭᠡᠳᠦᠢ ᠶᠢ ᠨᠡᠩ  ᠰᠠᠶᠢᠨ ᠰᠠᠶᠢᠬᠠᠨ ᠪᠣᠯᠭᠠᠨ᠎ᠠ᠃       ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤᠷᠲᠤ ᠤᠳᠠᠭᠠᠨ ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ ᠪᠦᠲᠦᠭᠡᠨ  ᠪᠠᠶᠢᠭᠤᠯᠵᠤ᠂ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠶᠡᠷᠦ ᠠᠴᠠ ᠨᠢᠭᠡ ᠭᠡᠷ ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ ᠲᠤᠳᠤᠮ  ᠤᠶᠢᠷ᠎ᠠ ᠳᠣᠲᠣᠨᠣ ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠤᠨ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ ᠰᠡᠳᠬᠢᠯ ᠢᠶᠠᠨ ᠰᠣᠯᠢᠯᠴᠠᠬᠤ᠂ ᠶᠠᠪᠤᠯᠴᠠᠭᠠᠨ ᠤ ᠳᠤᠮᠳᠠ ᠢᠲᠡᠭᠡᠯ ᠢᠶᠠᠨ ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ  ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ ᠢᠯᠡᠭᠦᠬᠡᠨ ᠢᠷᠡᠵᠦ  ᠠᠶᠢᠯᠴᠢᠯᠠᠬᠤ ᠶᠢ ᠬᠠᠯᠠᠭᠤᠨ ᠢᠶᠠᠷ ᠤᠷᠢᠵᠤ  ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ ᠣᠴᠢᠵᠤ ᠦᠵᠡᠬᠦ ᠶᠢ ᠬᠦᠰᠡᠵᠦ  ᠪᠠᠶᠢᠨ᠎ᠠ᠃        ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠤᠳᠠᠰᠤ ᠮᠥᠨ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂ ᠤᠯᠠᠮᠵᠢᠯᠠᠨ ᠵᠠᠯᠭᠠᠮᠵᠢᠯᠠᠭᠴᠢ᠂ ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃       ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠭᠤᠨ ᠵᠢᠯ ᠤᠨ ᠲᠡᠮᠡᠴᠡᠯ ᠢᠶᠠᠷ ᠳᠠᠮᠵᠢᠭᠠᠳ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ ᠲᠥᠰᠥᠪ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ ᠵᠦᠩ ᠱᠠᠨ ᠠᠪᠤᠭᠠᠢ ᠶᠢᠨ ᠵᠢᠰᠢᠭᠰᠡᠨ ᠠᠯᠤᠰ ᠤᠨ ᠲᠥᠰᠥᠪ ᠠᠴᠠ ᠬᠤᠯᠠ ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ ᠤᠷᠤᠭᠰᠢᠯᠠᠬᠤ ᠳᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ ᠬᠥᠯᠥᠰᠦ ᠰᠢᠩᠭᠡᠵᠦ  ᠪᠠᠶᠢᠭ᠎ᠠ ᠪᠣᠯᠬᠤᠷ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ ᠳᠤ ᠪᠡᠶᠡᠯᠡᠭᠳᠡᠬᠦ ᠪᠣᠯᠣᠨ᠎ᠠ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ  ᠲᠠᠶᠢᠸᠠᠨ ᠤ ᠵᠠᠯᠠᠭᠤᠴᠤᠳ ᠤᠨ ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ ᠴᠣᠭᠴᠠᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠪᠠᠶᠠᠷᠯᠠᠨ ᠤᠭᠲᠤᠵᠤ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠦᠰᠦᠨ  ᠪᠤᠶᠢᠵᠢᠬᠤ᠂ ᠴᠢᠳᠠᠪᠤᠷᠢᠲᠠᠨ ᠪᠤᠯᠬᠤ᠂ ᠠᠮᠵᠢᠯᠲᠠ ᠣᠯᠬᠤ ᠳᠤ ᠨᠡᠩ  ᠰᠠᠶᠢᠨ ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ᠂ ᠲᠡᠦᠬᠡ ᠶᠢᠨ ᠪᠤᠤᠬᠢᠶ᠎ᠠ ᠶᠢ  ᠰᠠᠶᠢᠳᠤᠷ ᠭᠦᠶᠦᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ  ᠪᠠᠶᠢᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ ᠪᠥᠭᠡᠳ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ  ᠪᠠᠶᠢᠬᠤ ᠪᠠᠨ ᠢᠯᠡᠳᠬᠡᠵᠦ  ᠪᠠᠶᠢᠨ᠎ᠠ ᠭᠡᠵᠦ ᠬᠡᠯᠡᠪᠡ᠃       ᠮᠠ ᠵᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠪᠣᠯ  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ  ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ ᠲᠥᠷᠥ ᠶᠢᠨ ᠰᠠᠭᠤᠷᠢ ᠮᠥᠨ᠃  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ ᠬᠤᠶ᠋ᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ  ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂  ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ  ᠴᠢᠷᠮᠠᠶᠢᠨ᠎ᠠ  ᠭᠡᠵᠦ ᠬᠡᠯᠡᠪᠡ᠃        ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ ᠲᠥᠯᠥᠭᠡᠯᠡᠭᠴᠢ ᠦᠭᠡ ᠬᠡᠯᠡᠪᠡ᠃        ᠸᠠᠩ ᠬᠤᠣ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃   ᠳᠡᠪᠰᠢᠭᠦᠯᠦᠭᠴᠢ᠄  ᠲᠡᠷᠭᠡᠯ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2