ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠵᠠᠩᠭᠠᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠵᠠᠩᠭᠠᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ ᠬᠢᠪᠡ                ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠶᠦᠨ  ᠭᠥᠸᠧ ᠱᠧᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠠᠮᠲᠤ ᠶᠢᠨ ᠬᠥᠭᠵᠢᠯᠲᠡ ᠶᠢᠨ ᠭᠠᠵᠠᠷ ᠤᠨ ᠳᠠᠷᠤᠭ᠎ᠠ ᠯᠢ ᡁᠢ ᠲᠢᠶᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠣᠯᠤᠨ ᠵᠤᠭᠠᠴᠠᠯ ᠤᠨ ᠲᠢᠩᠬᠢᠮ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠨ ᠯᠢ ᠰᠢᠶᠠ ᠵᠡᠷᠭᠡ ᠬᠥᠮᠦᠰ ᠵᠢᠶᠠᠩ ᠠᠨ ᠰᠤᠮᠤᠨ ᠳᠤ ᠭᠦᠨᠵᠡᠭᠡᠶᠢᠷᠡᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠪᠣᠯᠤᠨ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠲᠥᠷᠥᠯ ᠤᠨ ᠪᠠᠶᠢᠴᠠᠭᠠᠨ ᠰᠤᠳᠤᠯᠤᠯᠲᠠ ᠬᠢᠵᠡᠢ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠢᠯᠢ ᠶᠢᠨ ᠮᠠᠯᠴᠢᠨ  ᠭᠠᠩᠪᠤᠯᠤᠤᠨ᠂ ᠨᠢᠭᠡᠳᠦᠭᠡᠷ ᠹᠷᠣᠨᠲ ᠤᠨ ᠬᠢᠯᠢ ᠶᠢᠨ ᠬᠠᠮᠠᠭᠠᠯᠠᠯᠲᠠ ᠶᠢᠨ ᠠᠵᠢᠯᠲᠠᠨ ᠷᠧᠨ ᠷᠦᠢ ᠫᠢᠩ ᠤᠨ ᠭᠡᠷ ᠲᠤ ᠭᠦᠨᠵᠡᠭᠡᠶᠢᠷᠡᠨ᠂ ᠬᠢᠯᠢ ᠶᠢᠨ ᠬᠠᠮᠠᠭᠠᠯᠠᠯᠲᠠ ᠶᠢᠨ ᠰᠤᠮᠤ ᠳᠤ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠢ ᠠᠰᠠᠭᠤᠨ ᠰᠤᠷᠪᠤᠯᠵᠢᠯᠠᠬᠤ ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠬᠤ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠵᠠᠩᠭᠠᠨ ᠰᠤᠮᠤᠨ ᠤ ᠬᠢᠯᠢ ᠬᠢᠵᠠᠭᠠᠷ ᠣᠷᠣᠨ ᠳᠤ ᠬᠦᠷᠬᠦ ᠭᠠᠴᠠᠭᠠᠨ ᠤ ᠬᠥᠮᠦᠨ ᠠᠮᠠ᠂ ᠰᠣᠶᠣᠯ ᠵᠠᠩ ᠳᠠᠳᠬᠠᠯ᠂ ᠬᠥᠳᠡᠯᠮᠦᠷᠢ ᠶᠢᠨ ᠬᠦᠴᠦᠨ ᠤ ᠰᠢᠯᠵᠢᠯᠲᠡ᠂ ᠭᠠᠴᠠᠭᠠᠨ ᠤ ᠬᠠᠮᠲᠤ ᠶᠢᠨ ᠠᠵᠤ ᠠᠬᠤᠢ ᠪᠣᠯᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠠᠢ᠃        ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠬᠢᠯᠢ ᠬᠢᠵᠠᠭᠠᠷ ᠤᠨ ᠭᠠᠴᠠᠭ᠎ᠠ ᠳᠤ ᠬᠦᠷᠴᠦ ᠪᠠᠶᠢᠭ᠎ᠠ ᠣᠳᠣᠬᠢ ᠪᠠᠶᠢᠳᠠᠯ ᠤᠨ ᠠᠰᠠᠭᠤᠳᠠᠯ ᠪᠠ ᠬᠥᠭᠵᠢᠯᠲᠡ ᠶᠢᠨ ᠬᠠᠨᠳᠤᠰᠢ ᠶᠢᠨ ᠲᠤᠬᠠᠢ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠢ ᠡᠵᠡᠮᠰᠢᠵᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠬᠦᠴᠦᠯᠡᠴᠡ ᠶᠢᠨ ᠴᠡᠭ ᠢᠶᠠᠨ ᠣᠨᠣᠪᠴᠢᠲᠠᠢ ᠡᠷᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠳᠠᠲᠠᠢ ᠲᠠᠢ ᠪᠠᠨ ᠤᠶᠠᠯᠳᠤᠭᠤᠯᠵᠤ᠂ ᠰᠢᠢᠳᠪᠦᠷᠢᠯᠡᠬᠦ ᠠᠷᠭ᠎ᠠ ᠪᠠᠷᠢᠯ ᠢ ᠴᠢᠭᠯᠡᠭᠦᠯᠬᠦ ᠴᠢᠨᠠᠷᠲᠠᠢ ᠪᠠᠷ ᠰᠤᠳᠤᠯᠤᠨ ᠳᠤᠷᠠᠳᠴᠤ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠵᠦ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃        ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠤᠮᠤᠨ ᠤ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯ ᠢ ᠨᠤᠲᠠᠯᠠᠵᠤ᠂ ᠮᠠᠨ ᠤ ᠰᠤᠮᠤ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠵᠤ᠂ ᠰᠠᠭᠤᠷᠢ ᠪᠦᠲᠦᠭᠡᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠵᠤ᠂ ᠲᠤᠰ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠯᠢ ᠬᠢᠵᠠᠭᠠᠷ ᠣᠷᠣᠨ ᠤ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠪᠣᠯᠤᠨ᠎ᠠ᠃        ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠵᠥᠪᠯᠡᠯ ᠤᠨ ᠡᠷᠬᠢᠯᠡᠭᠴᠢ ᠶᠦᠩ ᠱᠤ᠋ ᠫᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠭᠤᠸ᠎ᠠ᠂ ᠵᠢᠩᠠᠨ ᠰᠤᠮᠤ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᠵᠢᠶᠦ᠋ᠨ ᠵᠢᠶᠧ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2