ᠢᠦᠢ ᠳ᠋ᠠᠢ ᠴᠢᠩ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠭᠤᠷᠢᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/4/15
      ᠢᠦᠢ ᠳ᠋ᠠᠢ ᠴᠢᠩ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠭᠤᠷᠢᠨ ᠪᠠᠶᠢᠴᠠᠭᠠᠯᠲᠠ ᠬᠢᠭᠰᠡᠨ                 ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂  ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂  ᠪᠠᠶᠠᠨᠴᠤᠭᠳᠤ ᠰᠤᠮᠤᠨ ᠤ ᠵᠡᠰ ᠤᠨ ᠦᠢᠯᠡᠰ ᠤᠨ ᠺᠣᠮᠫᠠᠨᠢ᠂ ᠠᠮᠠᠨ ᠤᠰᠤ ᠠᠭᠤᠷᠬᠠᠢ ᠶᠢᠨ ᠦᠢᠯᠡᠰ ᠤᠨ ᠺᠣᠮᠫᠠᠨᠢ ᠳᠤ ᠭᠦᠨᠵᠡᠭᠡᠶᠢᠷᠡᠵᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠭᠰᠠᠨ ᠪᠠᠶᠢᠳᠠᠯ ᠪᠠ ᠳᠠᠷᠠᠭ᠎ᠠ ᠠᠯᠬᠤᠮ ᠤᠨ ᠨᠡᠭᠡᠭᠡᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠪᠠᠶᠢᠳᠠᠯ ᠳᠤ ᠨᠡᠷᠢᠨ ᠤᠶᠢᠯᠭᠠᠯᠲᠠ ᠬᠢᠭᠰᠡᠨ  ᠪᠠᠶᠢᠨ᠎ᠠ᠃        ᠢᠦᠢ ᠳ᠋ᠠᠢ ᠴᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠤ ᠠᠬᠤᠶᠢᠯᠠᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯᠲᠡ ᠶᠢ ᠨᠡᠭᠡᠭᠡᠨ ᠬᠥᠭᠵᠢᠭᠦᠯᠬᠦ ᠪᠦᠬᠦ ᠶᠠᠪᠤᠴᠠ ᠳᠤ ᠠᠭᠤᠰᠬᠠᠵᠤ᠂ ᠠᠭᠤᠷᠬᠠᠢ ᠶᠢᠨ ᠦᠢᠯᠡᠰ ᠤᠨ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠢᠰᠲ᠋ᠧᠮ ᠲᠠᠢ ᠰᠦᠪᠡᠭᠴᠢᠯᠡᠵᠦ᠂ ᠠᠵᠤ ᠠᠬᠤᠢ ᠶᠢᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ ᠤᠨ ᠬᠠᠷᠢᠯᠴᠠᠨ ᠨᠢᠭᠡᠳᠦᠯᠲᠡᠢ ᠪᠠᠶᠢᠬᠤ ᠶᠢ  ᠰᠠᠶᠢᠳᠤᠷ  ᠪᠡᠶᠡᠯᠡᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ᠠᠶᠤᠯᠭᠦᠢ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠢ ᠵᠡᠷᠭᠡ ᠳᠤᠨᠢ ᠶᠠᠪᠤᠭᠤᠯᠵᠤ᠂ 《ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠪᠠᠶᠢᠯᠭᠠᠬᠤ》ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠭᠤᠷᠬᠠᠢ ᠶᠢᠨ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠲᠤᠰ ᠪᠡᠶ᠎ᠡ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ  ᠵᠢᠭᠠᠵᠦ ᠭᠠᠷᠭᠠᠭᠰᠠᠨ ᠪᠠᠶᠢᠨ᠎ᠠ ᠃        ᠬᠤᠪᠢᠳᠠᠨ ᠬᠠᠮᠢᠶᠠᠷᠴᠤ ᠪᠦᠬᠦᠢ ᠬᠤᠰᠢᠭᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠯᠢ ᠨᠢᠩ   ᠷᠧᠨ  ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2