ᠢᠦᠢ ᠳ᠋ᠠᠢ ᠴᠢᠩ ᠪᠦᠬᠦ ᠬᠤᠰᠢᠭᠤᠨ ᠤ ᠢᠳᠡᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠲᠤᠭᠤᠷᠢᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/4/15
      ᠢᠦᠢ ᠳ᠋ᠠᠢ ᠴᠢᠩ ᠪᠦᠬᠦ ᠬᠤᠰᠢᠭᠤᠨ ᠤ ᠢᠳᠡᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠲᠤᠭᠤᠷᠢᠨ ᠪᠠᠶᠢᠴᠠᠭᠠᠯᠲᠠ ᠬᠢᠭᠰᠡᠨ                ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂ ᠰᠠᠶᠢᠨᠦᠸ᠋ ᠺᠣᠮᠫᠠᠨᠢ ᠂ ᠬᠤᠵᠢᠷᠲᠤ ᠰᠢᠶᠠᠩ ᠤᠨ ᠵᠢᠢ ᠳ᠋ᠧᠩ ᠲᠣᠰᠬᠤᠨ᠂ ᠢᠳᠡᠰᠢᠨ ᠬᠤᠨᠢᠨ ᠤ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ᠂ ᠦᠨᠳᠦᠰᠦᠳᠡᠨ ᠤ ᠠᠷᠠᠯᠵᠢᠶᠠᠨ ᠤ ᠺᠣᠮᠫᠠᠨᠢ ᠵᠡᠷᠭᠡ ᠭᠠᠵᠠᠷ ᠢᠳᠡᠰᠢᠨ ᠬᠤᠨᠢᠨ ᠤ ᠠᠵᠤ ᠦᠢᠯᠡᠰ ᠤᠨ ᠪᠦᠬᠦᠯᠢ ᠬᠡᠯᠬᠢᠶ᠎ᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠲᠤᠭᠤᠷᠢᠨ ᠪᠠᠶᠢᠴᠠᠭᠠᠯᠲᠠ  ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠢ ᠵᠣᠬᠢᠴᠠᠭᠤᠯᠤᠨ  ᠰᠢᠢᠦᠨᠪᠦᠷᠢᠯᠡᠭᠰᠡᠨ  ᠪᠠᠶᠢᠨ᠎ᠠ ᠃        ᠢᠦᠢ ᠳ᠋ᠠᠢ ᠴᠢᠩ ᠠᠴᠠ᠂ ᠣᠶᠢᠷ᠎ᠠ ᠶᠢᠨ ᠵᠢᠯ ᠳᠤ᠂ ᠪᠦᠬᠦ ᠬᠤᠰᠢᠭᠤᠨ ᠤ ᠢᠳᠡᠰᠢᠨ  ᠬᠤᠨᠢᠨ ᠤ ᠠᠵᠤ ᠦᠢᠯᠡᠰ ᠤᠨ ᠬᠡᠯᠬᠢᠶᠡᠵᠢᠯ ᠦᠳᠲᠡᠷ ᠲᠦᠷᠭᠡᠨ ᠬᠥᠭᠵᠢᠵᠦ᠂ ᠨᠢᠭᠡ ᠢᠵᠢ ᠪᠦᠷᠢᠨ ᠳ᠋ᠦ᠋ ᠮᠧᠩ ᠬᠤᠨᠢᠨ ᠤ ᠰᠢᠨ᠎ᠡ ᠡᠭᠦᠯᠳᠡᠷ ᠤᠨ ᠲᠤᠷᠰᠢᠯᠭ᠎ᠠ ᠰᠠᠭᠤᠷᠢᠨ ᠪᠦᠷᠢᠯᠳᠦᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠬᠤᠰᠢᠭᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠦᠴᠦᠲᠡᠢ ᠠᠵᠢᠯᠯᠠᠵᠤ᠂ ᠠᠵᠢᠯ ᠤᠨ ᠠᠬᠢᠴᠠ ᠳᠤᠮᠳᠠᠬᠢ ᠪᠡᠯᠡ ᠮᠥᠩᠭᠦ ᠬᠦᠴᠢᠷ᠂ ᠠᠰᠢᠭ ᠲᠤᠰᠠ ᠶᠢᠨ ᠬᠠᠷᠢᠴᠠᠭ᠎ᠠ ᠬᠤᠯᠪᠣᠭ᠎ᠠ ᠨᠢᠭᠲᠠ ᠪᠤᠰᠤ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠤᠰᠢᠭᠤᠨ ᠤ ᠢᠳᠡᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠩᠭ᠎ᠠ ᠪᠠᠳᠤᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢᠶᠠᠷ ᠳᠠᠮᠵᠢᠨ᠂ ᠳᠥᠷᠪᠡᠳ ᠬᠤᠰᠢᠭᠤᠨ ᠤ ᠬᠤᠨᠢᠨ ᠮᠢᠬ᠎ᠠ᠂ ᠢᠳᠡᠰᠢᠨ ᠬᠤᠨᠢᠨ ᠤ ᠠᠵᠤ ᠦᠢᠯᠡᠰ᠂ ᠠᠮᠢ ᠠᠬᠤᠢ ᠶᠢᠨ ᠮᠠᠯ ᠠᠵᠤ ᠠᠬᠤᠢ ᠶᠢᠨ ᠰᠢᠨ᠎ᠡ ᠵᠠᠮ ᠮᠥᠷ ᠢ ᠪᠣᠢ ᠪᠤᠯᠭᠠᠨ᠂ ᠢᠳᠡᠰᠢᠨ ᠬᠤᠨᠢᠨ ᠤ ᠬᠠᠮᠲᠤᠷᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠬᠢᠴᠠ ᠶᠢ ᠲᠦᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠪᠠ ᠰᠢᠨᠵᠢᠯᠡᠬᠦ ᠮᠡᠷᠭᠡᠵᠢᠯ ᠤᠨ ᠪᠣᠯᠪᠠᠰᠣᠷᠠᠭᠤᠯᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨᠬᠦ ᠪᠣᠳᠠᠲᠠᠢ ᠪᠥᠭᠡᠳ ᠰᠠᠶᠢᠲᠤᠷ ᠬᠢᠬᠦ ᠬᠡᠷᠡᠭᠲᠡᠢ ᠭᠡᠵᠦ  ᠵᠢᠭᠠᠵᠦ  ᠭᠠᠷᠭᠠᠭᠰᠠᠨ  ᠪᠠᠶᠢᠨ᠎ᠠ᠃        ᠬᠤᠪᠢᠳᠠᠨ ᠬᠠᠮᠢᠶᠠᠷᠴᠤ ᠪᠦᠬᠦᠢ ᠬᠤᠰᠢᠭᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠳᠤ ᠣᠷᠣᠯᠴᠠᠵᠠᠢ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠯᠢ ᠨᠢᠩ   ᠷᠧᠨ  ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2