ᠢᠦᠢ ᠳ᠋ᠠᠢ ᠴᠢᠩ ᠪᠦᠬᠦ ᠬᠤᠰᠢᠭᠤᠨ ᠤ ᠢᠳᠡᠰᠢᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/15
      ᠢᠦᠢ ᠳ᠋ᠠᠢ ᠴᠢᠩ ᠪᠦᠬᠦ ᠬᠤᠰᠢᠭᠤᠨ ᠤ ᠢᠳᠡᠰᠢᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ               4 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠢᠦᠢ ᠳ᠋ᠠᠢ ᠴᠢᠩ  ᠰᠠᠶᠢᠨᠤᠤ ᠢᠳᠡᠰᠢᠨ ᠬᠤᠨᠢᠨ ᠤ ᠺᠣᠮᠫᠠᠨᠢ᠂ ᠬᠤᠵᠢᠷᠲᠤ ᠰᠢᠶᠠᠩ ᠤᠨ ᠵᠢᠢ ᠳ᠋ᠧᠩ ᠲᠣᠰᠬᠤᠨ᠂  ᠢᠳᠡᠰᠢᠨ ᠬᠤᠨᠢᠨ ᠤ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ᠂ ᠢᠷᠭᠡᠨ ᠤ ᠠᠷᠠᠯᠵᠢᠶᠠᠨ ᠤ ᠺᠣᠮᠫᠠᠨᠢ ᠵᠡᠷᠭᠡ ᠭᠠᠵᠠᠷ ᠤᠨ  ᠢᠳᠡᠰᠢᠨ ᠬᠤᠨᠢᠨ ᠤ ᠠᠵᠤ ᠦᠢᠯᠡᠰ ᠤᠨ ᠬᠡᠯᠬᠢᠶᠡᠵᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ 
4.15+1.jpeg      
      ᠢᠦᠢ ᠳ᠋ᠠᠢ ᠴᠢᠩ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠪᠦᠬᠦ ᠬᠤᠰᠢᠭᠤᠨ ᠤ  ᠢᠳᠡᠰᠢᠨ ᠬᠤᠨᠢᠨ ᠤ ᠠᠵᠤ ᠦᠢᠯᠡᠰ ᠤᠨ ᠬᠡᠯᠬᠢᠶᠡᠵᠢᠯ ᠦᠳᠲᠡᠷ ᠲᠦᠷᠭᠡᠨ ᠬᠥᠭᠵᠢᠵᠦ᠂ ᠨᠢᠭᠡ ᠢᠵᠢ ᠪᠠᠭᠤᠯᠭᠠᠨ ᠠᠪᠴᠤ ᠪᠣᠯᠬᠤ  ᠳ᠋ᠦ᠋ ᠮᠧᠩ ᠬᠤᠨᠢᠨ ᠤ ᠰᠢᠨ᠎ᠡ ᠡᠭᠦᠯᠳᠡᠷ ᠤᠨ ᠲᠤᠷᠰᠢᠯᠭ᠎ᠠ ᠪᠦᠷᠢᠯᠳᠦᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ ᠭᠡᠵᠡᠢ᠃ ᠬᠤᠰᠢᠭᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠵᠢᠯᠯᠠᠵᠤ᠂ ᠠᠵᠢᠯ ᠤᠨ ᠠᠬᠢᠴᠠ ᠳᠤᠮᠳᠠᠬᠢ ᠪᠡᠯᠡ ᠮᠥᠩᠭᠦ ᠬᠦᠴᠢᠷ᠂ ᠠᠰᠢᠭ ᠲᠤᠰᠠ ᠶᠢᠨ ᠬᠠᠷᠢᠴᠠᠭ᠎ᠠ ᠬᠤᠯᠪᠣᠭ᠎ᠠ ᠨᠢᠭᠲᠡ ᠪᠤᠰᠤ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠤᠰᠢᠭᠤᠨ ᠤ ᠢᠳᠡᠰᠢᠨ ᠤ ᠬᠤᠨᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ  ᠰᠠᠨᠠᠭᠠᠴᠢᠯᠠᠭ᠎ᠠ ᠠᠴᠠ  ᠪᠠᠨ ᠦᠢᠯᠡᠰ ᠪᠣᠰᠬᠠᠵᠤ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢᠨ ᠬᠠᠷᠠᠯᠲᠠ ᠶᠢᠨ ᠲᠣᠭᠤᠷᠢᠨ ᠳᠤ᠂ ᠪᠦᠬᠦ ᠬᠤᠰᠢᠭᠤᠨ ᠤ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠴᠢᠨᠠᠷ ᠰᠠᠶᠢᠲᠠᠢ᠂ ᠦᠨ᠎ᠡ ᠬᠠᠩᠰᠢ ᠥᠨᠳᠥᠷ ᠵᠣᠬᠢᠶᠠᠯ ᠪᠢᠴᠢᠨ ᠣᠷᠣᠭᠤᠯᠵᠤ᠂  ᠳ᠋ᠦ᠋ ᠮᠧᠩ  ᠬᠤᠨᠢ ᠢ ᠨᠡᠩ ᠥᠨᠳᠥᠷ ᠲᠦᠪᠰᠢᠨ ᠳᠤ ᠭᠠᠷᠭᠠᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢᠶᠠᠷ ᠳᠠᠮᠵᠢᠨ᠂ ᠳᠥᠷᠪᠡᠳ ᠬᠤᠰᠢᠭᠤᠨ ᠤ ᠬᠤᠨᠢᠨ ᠮᠢᠬ᠎ᠠ ᠶᠢ ᠳᠡᠯᠭᠡᠷᠡᠭᠦᠯᠦᠨ᠂  ᠢᠳᠡᠰᠢᠨ ᠬᠤᠨᠢᠨ ᠤ ᠠᠵᠤ ᠦᠢᠯᠡᠰ ᠠᠮᠢ ᠠᠬᠤᠢ ᠶᠢᠨ ᠮᠠᠯ ᠠᠵᠤ ᠠᠬᠤᠢ ᠶᠢᠨ ᠰᠢᠨ᠎ᠡ ᠵᠠᠮ ᠮᠥᠷ ᠢ ᠪᠣᠢ ᠪᠣᠯᠭᠠᠬᠤ ᠬᠡᠷᠡᠭᠲᠡᠢ᠃ ᠢᠳᠡᠰᠢᠨ ᠬᠤᠨᠢᠨ ᠤ ᠬᠠᠮᠲᠤᠷᠠᠭᠰᠠᠨ ᠪᠡᠶ᠎ᠡ ᠶᠢᠨ ᠲᠠᠮᠢᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠬᠢᠴᠠ ᠶᠢ ᠲᠦᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠣᠷᠠᠭᠤᠯᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨᠬᠦ ᠪᠣᠳᠠᠲᠠᠢ ᠪᠥᠭᠡᠳ ᠰᠠᠶᠢᠲᠤᠷ ᠬᠢᠬᠦ ᠬᠡᠷᠡᠭᠲᠡᠢ᠃ 
4.15+2.jpeg      
      ᠬᠤᠪᠢᠳᠠᠨ ᠬᠠᠮᠢᠶᠠᠷᠴᠤ ᠪᠦᠬᠦᠢ ᠬᠤᠰᠢᠭᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠵᠠᠢ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2