ᠡᠨᠡ ᠬᠠᠪᠤᠷ 9.7 ᠳ᠋ᠦᠩᠰᠢᠭᠤᠷ ᠮᠤ᠋ ᠨᠤᠳᠤᠭ ᠪᠡᠯᠴᠢᠭᠡᠷ ᠲᠤ ᠪᠡᠯᠴᠢᠬᠡᠷᠯᠡᠬᠦᠯᠬᠦ ᠶᠢ ᠵᠤᠬᠰᠤᠭᠠᠨ᠎ᠠ | | ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠤᠨ ᠪᠡᠯᠴᠢᠭᠡᠷ ᠡᠪᠡᠰᠦ ᠶᠢ ᠬᠡᠮᠡᠯᠢᠬᠦ᠂ | ᠭᠢᠰᠭᠢᠯᠡᠬᠦ ᠶᠢ ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ | ᠤᠷᠭᠤᠬᠤ ᠳᠤ ᠠᠰᠢᠭᠲᠠᠶᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ | ᠪᠡᠯᠴᠢᠭᠡᠷ ᠢ ᠬᠠᠮᠠᠭᠠᠯᠠᠬᠤ ᠦᠢᠯᠡᠳᠦᠯᠦᠵᠡᠭᠦᠯᠳᠡᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨᠲ᠋ᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠲᠥᠯᠥᠭᠡ᠂ 4ᠰᠠᠷ᠎ᠠ ᠶᠢᠨ 1 ᠤ ᠡᠳᠦᠷ ᠠᠴᠠ ᠡᠬᠢᠯᠡᠨ | ᠰᠢᠯᠢ ᠶᠢᠨ ᠭᠤᠤᠯ ᠠᠶᠢᠮᠠᠭ ᠤᠨ 2.2 ᠳ᠋ᠦᠩᠰᠢᠭᠤᠷ ᠮᠥ ᠨᠤᠲᠤᠭ ᠪᠡᠯᠴᠢᠭᠡᠷ ᠲᠤ᠋ᠪᠡᠯᠴᠢᠬᠡᠷᠯᠡᠬᠦᠯᠬᠦ ᠶᠢ | ᠵᠤᠬᠰᠤᠭᠠᠵᠦ ᠪᠡᠯᠴᠢᠬᠡᠷ ᠢ ᠰᠡᠷᠬᠦᠭᠡᠬᠦ ᠪᠠᠷ ᠪᠤᠯᠵᠠᠢ᠃ ᠮᠠᠨ ᠤ ᠤᠷᠤᠨ ᠡᠯ᠎ᠡ ᠭᠠᠵᠠᠷ ᠤᠨ ᠡᠪᠡᠰᠦ | ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ | ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ ᠮᠠᠯᠵᠢᠬᠤ ᠴᠠᠭ ᠤᠨ ᠬᠢᠵᠠᠭᠠᠷ ᠢ | ᠲᠣᠭᠲᠠᠭᠠᠵᠠᠢ᠂ ᠣᠳᠣᠬᠠᠨ ᠳᠤ ᠤᠯᠠᠭᠠᠨᠬᠠᠳᠠ᠂ ᠣᠷᠳᠣᠰ ᠤᠨ ᠬᠡᠰᠡᠭ ᠬᠤᠰᠢᠭᠤ ᠰᠢᠶᠠᠨ ᠨᠢᠭᠡᠨᠲᠡ | ᠬᠠᠪᠤᠷ ᠤᠨ ᠤᠯᠠᠷᠢᠯ ᠤᠨ ᠰᠡᠯᠭᠦᠨ ᠮᠠᠯᠵᠢᠬᠤᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ | ᠬᠤᠭᠤᠴᠠᠭ᠎ᠠ ᠶᠢ 45 ᠡᠳᠦᠷ ᠠᠴᠠ ᠳᠤᠤᠷ᠎ᠠ ᠪᠠᠶᠢᠯᠭᠠᠬᠤ ᠥᠬᠡᠶ᠃ ︽ᠥᠪᠥᠷᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠵᠢᠵᠤᠬᠰᠤᠭᠠᠵᠦ ᠰᠡᠯᠭᠦᠨ | ᠮᠠᠯᠵᠢᠬᠤ ᠲᠦᠷᠢᠮ︾ ᠶᠣᠰᠣᠭᠠᠷ᠂ ᠡᠨᠡ ᠵᠢᠯ ᠪᠥᠬᠦ ᠣᠷᠣᠨ ᠤ ᠨᠤᠲᠤᠭ ᠪᠡᠯᠴᠢᠭᠡᠷ ᠲᠤ | ᠬᠠᠪᠤᠷ ᠤᠨᠤᠯᠠᠷᠢᠯ ᠤᠨ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠶ ᠲᠠᠯᠠᠪᠠᠶ ᠶᠢ 9.7 | ᠳ᠋ᠦᠩᠰᠢᠭᠤᠷ ᠮᠥ ᠳ᠋ᠤ᠋ᠬᠥ᠋ᠷᠬᠡᠨᠠ᠃ ᠥᠪᠥᠷ ᠮᠣᠩᠭᠤᠯ ᠪᠡᠯᠴᠢᠭᠡᠷᠯᠡᠭᠦᠯᠭᠦ ᠪᠠᠨ ᠵᠣᠭᠰᠣᠭᠰᠠᠨ ᠮᠠᠯᠵᠢᠬᠤ | ᠡᠷᠦᠬᠡ ᠳᠤ ᠨᠥᠬᠦᠪᠥᠷᠢ ᠣᠯᠭᠤᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠬᠦ ᠶᠢ ᠳᠡᠮᠵᠢᠵᠦ | ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠭᠡᠬᠦ | ᠂ ᠵᠣᠬᠢᠴᠠᠭᠤᠯᠤᠨ ᠲᠣᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠪᠡᠰᠦ | ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨᠲ᠋ᠡᠵᠢᠭᠡᠬᠦ ᠫᠧᠩ | ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠤᠨ᠂ | ᠮᠠᠯᠴᠢᠳ ᠤᠨᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ ᠲᠡᠵᠢᠭᠡᠬᠦ ᠶᠢ ᠳᠡᠮᠵᠢᠵᠦ ᠪᠠᠶᠢᠨ᠎ᠠ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |