ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠄ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠰᠢᠶᠠᠨ ᠳᠤ ᠭᠦᠨᠵᠡᠭᠡᠶᠢᠷᠡᠨ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
      ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠄ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠰᠢᠶᠠᠨ ᠳᠤ ᠭᠦᠨᠵᠡᠭᠡᠶᠢᠷᠡᠨ  ᠪᠠᠶᠢᠴᠠᠭᠠᠨ ᠰᠤᠳᠤᠯᠤᠯᠲᠠ ᠬᠢᠪᠡ           3 ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠰᠢᠶᠠᠨ ᠳᠤ  ᠭᠦᠨᠵᠡᠭᠡᠶᠢᠷᠡᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ  ᠪᠠᠶᠢᠭᠤᠯᠤᠯᠲᠠ ᠵᠡᠷᠭᠡ  ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠰᠤᠳᠤᠯᠬᠤ ᠶᠢᠨ ᠬᠠᠮᠲᠤ ᠰᠣᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃           ᠲᠠᠷᠢᠶᠠᠯᠠᠩ ᠤᠨ ᠴᠠᠭ ᠠᠯᠲᠠ ᠰᠢᠭ᠋ ᠡᠷᠬᠢᠮ᠂ ᠬᠠᠪᠤᠷ ᠤᠨ ᠲᠠᠷᠢᠶᠠᠯᠠᠭ᠎ᠠ ᠬᠥᠮᠥᠨ ᠢ ᠬᠦᠯᠢᠶᠡᠬᠦ ᠦᠭᠡᠢ᠃ ᠰᠦᠢ ᠸᠧᠢ ᠵᠢᠶᠦ᠋ᠨ ᠲᠠᠷᠢᠶᠠᠨ ᠭᠠᠵᠠᠷ ᠲᠤ ᠪᠦᠬᠦᠶᠢᠵᠦ᠂ ᠲᠠᠷᠢᠶᠠᠯᠠᠩ ᠤᠨ ᠮᠠᠰᠢᠨ ᠤ ᠠᠵᠤ  ᠠᠬᠤᠶᠢᠯᠠᠯ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ  ᠪᠠᠶᠢᠳᠠᠯ ᠢ ᠨᠠᠷᠢᠨ  ᠤᠶᠢᠯᠭᠠᠪᠠ᠃ ᠲᠡᠷᠡ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠴᠠᠭ ᠤᠨ ᠬᠠᠪᠤᠷ ᠤᠨ ᠲᠠᠷᠢᠶᠠᠯᠠᠭ᠎ᠠ ᠶᠢ ᠵᠠᠪᠳᠤᠨ ᠠᠳᠬᠤᠵᠤ᠂  ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠳᠬᠡᠨ᠂ ᠬᠠᠪᠤᠷ ᠤᠨ ᠲᠠᠷᠢᠶᠠᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ︽ᠡᠷᠦᠬᠡ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ︾ ᠠᠵᠢᠯ ᠢ ᠪᠣᠳᠠᠲᠠᠢ ᠠᠳᠬᠤᠵᠤ᠂ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ  ᠰᠠᠶᠢᠳᠤᠷ ᠬᠡᠷᠡᠭᠯᠡᠨ᠂ ᠦᠬᠡᠷ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ  ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠭᠤᠣᠯᠳᠠᠯᠭ᠎ᠠ ᠲᠠᠢ  ᠰᠠᠶᠢᠳᠤᠷ ᠬᠢᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ︽ᠨᠠᠮ ᠤᠨ ᠠᠴᠢ ᠶᠢ ᠮᠡᠳᠡᠷᠡᠬᠦ︾ ᠪᠠᠷ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠢ ᠬᠠᠪᠰᠤᠷᠤᠨ ︽ᠵᠣᠯ ᠵᠢᠷᠭᠠᠯ ᠤᠨ ᠳᠠᠩᠰᠠ︾ ᠶᠢ ᠲᠣᠳᠣᠷᠬᠠᠢ ᠪᠤᠳᠤᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠲᠣᠳᠣᠷᠬᠠᠢ ᠶᠠᠷᠢᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ  ᠭᠦᠨᠵᠡᠭᠡᠶᠢᠷᠡᠭᠦᠯᠦᠨ ᠪᠤᠲᠠᠳᠠᠶᠢᠵᠢᠭᠤᠯᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ ᠯᠢᠲ᠋ᠢ ᠴᠠᠬᠢᠯᠭᠠᠨ ᠴᠡᠨᠡᠭ ᠤᠨ ᠪᠢᠯᠢᠭ  ᠲᠤᠶᠢᠯ ᠤᠨ ᠮᠠᠲ᠋ᠧᠷᠢᠶᠠᠯ᠂ ᠪᠦᠷᠢᠨ ᠪᠢᠲᠡᠭᠦᠮᠵᠢᠯᠡᠭᠰᠡᠨ ᠥᠨᠳᠥᠷ ᠨᠡᠭᠦᠷᠡᠰᠦᠲᠥ᠋ᠷᠥᠭᠴᠢᠲᠦ ᠾᠷᠣᠮᠲᠤ ᠲᠡᠮᠦᠷ ᠤᠨ ᠠᠭᠤᠷᠬᠠᠢ ᠶᠢᠨ ᠢᠯᠴᠢ ᠶᠢᠨ ᠵᠤᠤᠬ᠎ᠠ᠂ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠦᠷᠦᠯ ᠵᠦᠢᠯ ᠤᠨ ᠪᠦᠲᠦᠭᠡᠨ  ᠪᠠᠶᠢᠭᠤᠯᠤᠯᠲᠠ ᠶᠢᠨ  ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠰᠤᠳᠤᠯᠵᠠᠢ᠃ ᠲᠡᠷᠡ᠂ ᠲᠡᠮᠦᠷ ᠤᠨ  ᠬᠠᠶᠢᠯᠣᠰᠢ ᠶᠢᠨ ᠠᠵᠢᠯ ᠲᠦᠷᠦᠯ ᠤᠨ ︽ᠲᠠᠪᠤᠵᠢᠯᠲᠠ ᠶᠢᠨ ᠥᠭᠡᠷᠡᠴᠢᠯᠡᠯᠲᠡ︾᠂ ᠪᠢᠯᠢᠭ  ᠲᠤᠶᠢᠯ ᠤᠨ ᠮᠠᠲ᠋ᠧᠷᠢᠶᠠᠯ ᠤᠨ ᠠᠵᠤ ᠦᠢᠯᠡᠰ ᠤᠨ ︽ᠳᠥᠷᠪᠡ ᠶᠢ ᠲᠡᠰ ᠳᠡᠪᠰᠢᠭᠦᠯᠬᠦ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠪᠦᠯᠦᠭᠵᠢᠯ᠂ ᠪᠦᠯᠦᠭᠯᠡᠯ ᠤᠨ ᠬᠥᠭᠵᠢᠯᠲᠡ ᠶᠢᠨ ᠬᠠᠨᠳᠤᠰᠢ ᠶᠢ ᠠᠬᠢᠭᠤᠯᠬᠤ ᠬᠡᠷᠡᠭᠲᠡᠢ᠃ ᠲᠥᠮᠥᠰᠥ ᠶᠢᠨ ᠦᠷ᠎ᠡ ᠶᠢᠨ ᠲᠥᠮᠥᠰᠥ ᠶᠢ ᠥᠷᠭᠡᠳᠬᠡᠨ ᠦᠷᠡᠵᠢᠭᠦᠯᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠵᠤ᠂ ᠲᠥᠮᠥᠰᠥ ᠶᠢᠨ ᠦᠢᠯᠡᠰ ᠤᠨ ︽ᠴᠢᠫ︾ ᠢ ᠡᠭᠦᠳᠴᠦ᠂ ᠲᠥᠮᠥᠰᠥ ᠶᠢᠨ ᠦᠷ᠎ᠡ ᠶᠢᠨ ᠦᠷᠡᠵᠢᠭᠦᠯᠦᠨ  ᠪᠤᠶᠢᠵᠢᠭᠤᠯᠬᠤ ᠰᠠᠭᠤᠷᠢᠨ ᠢ ᠲᠦᠷᠭᠡᠳᠬᠡᠨ  ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠬᠡᠯᠡᠪᠡ᠃          ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠲᠤᠭ ᠤᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠱᠠᠩᠳᠤ ᠰᠢᠶᠠᠨ ᠤ ᠮᠦᠽᠧᠢ᠂ ᠨᠣᠮ ᠤᠨ ᠰᠠᠩ ᠢ ᠲᠣᠭᠤᠷᠢᠨ ᠦᠵᠡᠪᠡ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠵᠢᠭᠰᠠᠭᠠᠯ ᠤᠨ ᠭᠠᠵᠠᠷ ᠤᠨ  ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠤᠮᠠᠷᠠᠲᠤ ᠶᠢᠨ ᠰᠣᠶᠣᠯ ᠢ ᠪᠠᠳᠠᠷᠠᠭᠤᠯᠬᠤ ᠬᠡᠷᠡᠭᠲᠡᠢ ᠭᠡᠵᠦ ᠬᠡᠯᠡᠪᠡ᠃          ᠡᠨᠡ ᠬᠤᠭᠤᠴᠠᠭᠠᠨ ᠳᠤ᠂ ᠰᠦᠢ ᠸᠧᠢ ᠵᠢᠶᠦ᠋ᠨ ᠨᠡᠶ᠋ᠢᠭᠡᠮ ᠲᠣᠭᠤᠷᠢᠭ ᠲᠤ ᠭᠦᠨᠵᠡᠭᠡᠶᠢᠷᠡᠨ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠥᠷᠨᠢᠭᠦᠯᠵᠡᠢ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ ᠲᠦᠰᠢᠭᠯᠡᠬᠦ ᠦᠭᠡᠢ  ᠪᠠᠶᠢᠵᠦ᠂ ᠯᠠᠪᠳᠠᠭᠤᠨ ᠪᠠᠲᠤᠲᠠᠢ ᠪᠠᠷ ᠠᠷᠠᠳ ᠤᠯᠠᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ︽ᠬᠠᠯᠠᠭᠤᠨ ᠳᠤᠯᠠᠭᠠᠨ ᠤ ᠢᠨᠵᠧᠨᠧᠷᠢᠩ︾ ᠢ ᠤᠷᠢᠳᠴᠢᠯᠠᠨ ᠲᠥᠯᠥᠪᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ  ᠤᠶᠢᠯᠭᠠᠵᠦ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠢ  ᠠᠶᠢᠯ ᠪᠣᠯᠭᠠᠨ ᠳᠤ ᠬᠦᠷᠭᠡᠬᠦ ᠬᠡᠷᠡᠭᠲᠡᠢ ᠭᠡᠵᠦ ᠬᠡᠯᠡᠪᠡ᠃           ᠯᠢᠦ ᠭᠦᠸᠧ ᠭᠠᠩ᠂ ᠢᠦ᠋ᠢ ᠬᠠᠢ ᠴᠧᠩ ᠣᠷᠣᠯᠴᠠᠵᠠᠢ᠃ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2