ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠢ ᠳᠡᠭᠡᠭᠰᠢᠯᠡᠭᠦᠯᠵᠦ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠤᠶ᠎ᠠ
ᠨᠡᠶᠢᠲᠡᠯᠡᠭᠰᠡᠨ ᠴᠠᠭ᠄
2024/4/16
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠢ ᠳᠡᠭᠡᠭᠰᠢᠯᠡᠭᠦᠯᠵᠦ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠤᠶ᠎ᠠ           ᠴᠠᠭ 2024 —03 —27           ᠡᠷᠬᠢᠮ ᠵᠣᠴᠢᠨ           ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ       ᠸᠠᠩ ᠽᠢ ᠶᠤᠸᠠᠨ ᠨᠥᠬᠦᠷ
2.23.jpg
            ᠲᠣᠪᠴᠢᠯᠠᠭᠤᠷ         ᠣᠶᠢᠷ᠎ᠠ ᠶᠢᠨ ᠵᠢᠯ ᠠᠴᠠ᠂ ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 《 ᠲᠠᠯᠪᠢᠬᠤ ᠬᠠᠮᠢᠶᠠᠷᠬᠤ ᠦᠢᠯᠡᠴᠢᠯᠡᠬᠦ 》 ᠶᠢᠨ ᠲᠣᠭᠤᠷᠢᠨ ᠳᠤ᠂ 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠪᠠᠷ ᠠᠵᠢᠯ ᠤᠨ ᠭᠤᠣᠯᠳᠠᠯᠭ᠎ᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ 《 ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ 》 ᠶᠢ ᠶᠡᠬᠡᠪᠡᠷ ᠠᠬᠢᠭᠤᠯᠵᠤ᠂ 《 ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ 》 ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 《 ᠨᠢᠭᠡ ᠰᠦᠯᠵᠢᠶ᠎ᠡ 》 ᠶᠢ ᠬᠦᠴᠦᠯᠡᠨ ᠪᠠᠶᠢᠭᠤᠯᠵᠤ᠂ 《 ᠨᠢᠭᠡ ᠡᠭᠦᠳᠡ᠂ ᠠᠯᠢᠪᠠ ᠠᠵᠢᠯ ᠬᠢᠬᠦ 》 ᠶᠢ ᠴᠢᠷᠮᠠᠶᠢᠨ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃       ᠰᠤᠷᠪᠤᠯᠵᠢᠯᠠᠭᠴᠢ — ᠶᠠᠭᠤᠨ ᠤ ᠡᠮᠦᠨ᠎ᠡ᠂ ᠲᠠ ᠳᠥᠷᠪᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠣᠯ ᠡᠭᠦᠷᠭᠡ ᠴᠢᠳᠠᠪᠤᠷᠢ ᠪᠠ ᠦᠢᠯᠡᠴᠢᠯᠡᠭᠡᠨ ᠤ ᠠᠭᠤᠯᠭ᠎ᠠ ᠶᠢ ᠲᠠᠨᠢᠯᠴᠠᠭᠤᠯᠤᠭᠠᠷᠠᠢ᠃       ᠸᠠᠩ ᠽᠢ ᠶᠤᠸᠠᠨ— ᠮᠠᠨ ᠤ ᠭᠤᠣᠯ ᠡᠭᠦᠷᠭᠡ ᠴᠢᠳᠠᠪᠤᠷᠢ ᠪᠣᠯ ᠨᠠᠮ ᠤᠨ ᠲᠥᠪ ᠬᠤᠷᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ 《 ᠪᠠᠭᠤᠯᠭᠠᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠪᠠ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠴᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠬᠢᠨᠠᠨ ᠰᠢᠯᠭᠠᠯᠲᠠ ᠬᠢᠵᠦ᠂ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠰᠠᠭᠤᠨ ᠯᠠᠪᠯᠠᠬᠤ᠂ ᠵᠠᠭᠠᠯᠳᠤᠯᠭ᠎ᠠ᠂ ᠰᠠᠨᠠᠭᠤᠯᠭ᠎ᠠ ᠭᠠᠷᠭᠠᠬᠤ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠶᠠᠪᠤᠳᠠᠯ ᠪᠣᠯᠤᠨ᠎ᠠ᠃ ᠥᠷᠭᠡᠨ ᠣᠯᠠᠨ ᠲᠦᠮᠡᠨ ᠪᠣᠯᠤᠨ ᠠᠵᠤ ᠠᠬᠤᠶᠢᠯᠠᠯ ᠳᠤ ᠳᠥᠭᠦᠮ ᠲᠦᠳᠡ᠂ ᠥᠨᠳᠥᠷ ᠦᠷ᠎ᠡ ᠪᠦᠲᠦᠮᠵᠢᠲᠡᠢ᠂ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃       ᠰᠤᠷᠪᠤᠯᠵᠢᠯᠠᠭᠴᠢ— ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠭᠦᠯᠬᠦ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠤᠭᠰᠠᠨ ᠪᠣᠢ︖       ᠸᠠᠩ ᠽᠢ ᠶᠤᠸᠠᠨ— ᠪᠠᠷᠢᠮᠵᠢᠶᠠᠵᠢᠯᠲᠠ ᠶᠢᠨ ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠪᠠᠷᠢᠮᠵᠢᠶᠠᠵᠢᠯᠲᠠ ᠶᠢ ᠲᠦᠯᠬᠢᠨ ᠠᠬᠢᠭᠤᠯᠬᠤ ᠪᠠᠷ ᠴᠢᠷᠮᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠲᠣᠭᠲᠠᠭᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠴᠠᠭ ᠲᠤᠬᠠᠢ ᠳᠤᠨᠢ ᠰᠢᠮᠳᠠᠭᠤᠯᠵᠤ ᠪᠠᠶᠢᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠪᠠ ᠬᠡᠷᠡᠭᠵᠢᠭᠦᠯᠬᠦ ᠨᠠᠷᠢᠨ ᠬᠠᠭᠤᠳᠠᠰᠤ ᠶᠢ ᠲᠠᠨᠢᠨ ᠠᠪᠬᠤ᠂ ᠨᠡᠶᠢᠲᠡᠯᠡᠬᠦ ᠪᠠ ᠬᠠᠮᠠᠭᠠᠯᠠᠬᠤ ᠠᠵᠢᠯ ᠢ ᠥᠷᠨᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠰᠦᠯᠵᠢᠶᠡᠨ ᠭᠠᠳᠠᠭᠤᠷᠬᠢ ᠴᠣᠩᠬᠤᠪᠴᠢ ᠴᠣᠩᠬᠤᠪᠴᠢ ᠲᠤᠬᠠᠶᠢᠯᠠᠭᠰᠠᠨ ᠠᠵᠢᠯ ᠤᠨ ᠴᠤᠪᠤᠷᠠᠯ ᠢ ᠨᠢᠭᠡᠳᠦᠯᠲᠡᠢ ᠪᠠᠶᠢᠯᠭᠠᠬᠤ᠂ ᠭᠦᠢᠴᠡᠳᠬᠡᠬᠦ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ᠋‌‍ᠡᠴᠡ ᠭᠠᠳᠠᠨ᠎ᠠ ᠨᠢᠭᠡᠳᠦᠯᠲᠡᠢ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠵᠢᠷᠤᠮᠵᠢᠭᠤᠯᠬᠤ ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠵᠢᠷᠤᠮᠵᠢᠭᠤᠯᠬᠤ ᠶᠢ ᠴᠢᠩᠭᠠᠳᠬᠠᠬᠤ ᠪᠠᠷ ᠬᠦᠴᠦᠯᠡᠨ ᠴᠢᠷᠮᠠᠶᠢᠨ᠎ᠠ᠃ ᠨᠢᠭᠡ ᠳᠤ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ 41 ᠰᠠᠯᠠᠭ᠎ᠠ ᠮᠥᠴᠢᠷ᠂ 1502 ᠵᠦᠢᠯ ᠤᠨ ᠬᠡᠷᠡᠭ ᠶᠠᠪᠤᠳᠠᠯ ᠳᠤ ᠶᠡᠭᠡ ᠲᠢᠩᠬᠢᠮ ᠳᠤ 6 ᠲᠤᠰᠬᠠᠢ ᠲᠣᠭᠤᠷᠢᠭ ᠭᠠᠷᠭᠠᠵᠤ᠂ 68 ᠶᠡᠷᠦᠩᠬᠡᠶᠢᠯᠡᠭᠰᠡᠨ ᠴᠣᠩᠬᠤᠪᠴᠢ ᠭᠠᠷᠭᠠᠪᠠ ᠃ ᠬᠤᠶᠠᠷ ᠲᠤ 《 ᠲᠦᠷᠦᠭᠦᠦ ᠲᠥᠯᠥᠭᠡᠯᠡᠭᠴᠢ 》 ᠶᠢᠨ ᠳᠦᠷᠢᠮ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠤᠨ᠂ 《 ᠢᠯᠡ ᠲᠣᠳᠣ ᠪᠠᠷ ᠠᠳᠠᠯᠢᠳᠬᠠᠬᠤ 》 ᠶᠢᠨ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠬᠦᠯᠢᠶᠡᠬᠦ ᠬᠡᠷᠡᠭᠲᠡᠢ᠃ ᠭᠤᠷᠪᠠ ᠳᠤ ᠠᠷᠠᠳ ᠲᠤ ᠳᠥᠭᠦᠮ ᠦᠵᠡᠭᠦᠯᠬᠦ ᠡᠯ᠎ᠡ ᠲᠥᠷᠥᠯ ᠤᠨ ᠪᠡᠯᠡᠳᠬᠡᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠦᠢᠳᠬᠡᠯ ᠬᠤᠷᠢᠶᠠᠬᠤ ᠥᠬᠡᠢ ᠪᠠᠷ ᠪᠢᠴᠢᠭ ᠮᠠᠲ᠋ᠧᠷᠢᠶᠠᠯ ᠳᠠᠷᠤᠮᠠᠯᠯᠠᠬᠤ ᠦᠢᠯᠡᠴᠢᠯᠡᠭᠡᠨ ᠬᠠᠩᠭᠠᠵᠤ᠂ ᠠᠵᠢᠯ ᠶᠠᠪᠤᠳᠠᠯ ᠪᠦᠲᠦᠭᠡᠵᠦ ᠳᠡᠶᠢᠯᠬᠦ ᠥᠬᠡᠢ ᠪᠣᠯ ᠲᠤᠰᠬᠠᠬᠤ ᠴᠣᠩᠬᠤ᠂ ᠰᠠᠭᠠᠳ ᠥᠬᠡᠢ ᠨᠡᠪᠲᠡᠷᠡᠬᠦ ᠴᠣᠩᠬᠤᠪᠴᠢ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠳᠦᠷᠢᠮ ᠪᠠᠶᠢᠭᠤᠯᠵᠤ᠂ ᠤᠷᠢᠳᠴᠢᠯᠠᠨ ᠪᠣᠯᠵᠣᠵᠤ ᠴᠠᠭ ᠤᠷᠲᠤᠳᠬᠠᠬᠤ ᠦᠢᠯᠡᠴᠢᠯᠡᠭᠡᠨ ᠢ ᠶᠠᠪᠤᠭᠤᠯᠬᠤ ᠬᠡᠷᠡᠭᠲᠡᠢ᠃ ᠳᠥᠭᠦᠮ ᠦᠵᠡᠭᠦᠯᠬᠦ ᠲᠠᠯ᠎ᠠ ᠪᠠᠷ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ᠳᠥᠭᠦᠮ ᠦᠵᠡᠭᠦᠯᠬᠦ ᠶᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠨᠢᠭᠡ ᠳᠤ᠂ ᠰᠦᠯᠵᠢᠶᠡᠨ᠋‌‍ᠡᠴᠡ ᠭᠠᠳᠠᠨ᠎ᠠ ᠠᠵᠢᠯ ᠶᠠᠪᠤᠳᠠᠯ ᠡᠷᠬᠢᠯᠡᠬᠦ ᠶᠢ 《 ᠨᠢᠭᠡ ᠯᠡ ᠡᠭᠦᠳᠡ ᠪᠠᠷ ᠣᠷᠣᠭᠤᠯᠬᠤ 》 ᠶᠢ ᠦᠷᠭᠦᠯᠵᠢᠯᠡᠨ ᠠᠬᠢᠭᠤᠯᠵᠤ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠰᠢᠢᠳᠪᠦᠷᠢᠯᠡᠬᠦ ᠶᠢ 《 ᠨᠢᠭᠡ ᠰᠦᠯᠵᠢᠶ᠎ᠡ ᠪᠠᠷ ᠨᠡᠪᠲᠡᠷᠡᠭᠦᠯᠬᠦ 》 ᠶᠢ ᠭᠦᠢᠴᠡᠳᠬᠡᠨ᠎ᠡ᠃ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠬᠦ ᠪᠠ ᠨᠢᠭᠡ ᠦᠷᠲᠡᠭᠡᠯᠢᠭ ᠬᠡᠯᠪᠡᠷᠢ ᠪᠠᠷ ᠭᠦᠢᠴᠡᠳᠬᠡᠬᠦ ᠶᠢ ᠪᠡᠶᠡᠯᠡᠭᠦᠯᠦᠨ᠂ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠡᠵᠡᠮᠳᠡᠬᠦ ᠲᠥᠪ᠂ ᠵᠡᠮᠳᠡᠭᠴᠦᠳ ᠤᠨ ᠬᠤᠯᠪᠣᠭ᠎ᠠ ᠵᠡᠷᠭᠡ ᠳᠤ 《 ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ 》 ᠴᠣᠩᠬᠤᠪᠴᠢ ᠲᠣᠬᠢᠷᠠᠭᠤᠯᠵᠤ᠂ ᠨᠡᠩ ᠣᠯᠠᠨ ᠥᠨᠳᠥᠷ ᠳᠠᠪᠲᠠᠮᠵᠢᠲᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠠᠬᠢᠭᠤᠯᠵᠤ᠂ 《 ᠠᠮᠠᠯᠠᠯᠲᠠ ᠶᠢ ᠮᠡᠳᠡᠭᠳᠡᠬᠦ + ᠣᠷᠣ ᠦᠭᠡᠢ ᠭᠦᠢᠴᠡᠳᠬᠡᠬᠦ 》 ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠰᠦᠯᠵᠢᠶᠡᠨ ᠳᠡᠭᠡᠷ᠎ᠡ ᠡᠷᠬᠢᠯᠡᠵᠦ  ᠪᠠᠶᠢᠭᠰᠠᠨ ᠠᠴᠠ ᠨᠢ ᠭᠦᠢᠴᠡᠳᠬᠡᠬᠦ ᠳᠤ ᠳᠥᠭᠦᠮ ᠪᠣᠯᠭᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠤᠶᠠᠷ ᠲᠤ ᠲᠣᠰᠬᠤᠨ ᠤ ᠱᠠᠲᠤᠨ ᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ 136 ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠥᠷᠲᠡᠭᠡ ᠪᠠᠶᠢᠭᠤᠯᠬᠤ᠂ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ 9 ᠲᠣᠭᠲᠠᠴᠠ ᠶᠢ ᠪᠠᠶᠢᠭᠤᠯᠬᠤ᠂ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠨᠠᠷᠢᠨ ᠳᠠᠩᠰᠠ ᠶᠢ ᠨᠡᠶᠢᠲᠡᠯᠡᠬᠦ 121 ᠵᠦᠢᠯ᠂ ᠣᠷᠣᠯᠠᠨ ᠭᠦᠢᠴᠡᠳᠬᠡᠬᠦ ᠡᠩᠨᠡᠭᠡ ᠶᠢ ᠲᠣᠬᠢᠷᠠᠭᠤᠯᠤᠨ ᠬᠦᠴᠦᠷᠬᠡᠭᠵᠢᠭᠦᠯᠬᠦ 425 ᠬᠥᠮᠦᠨ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠤᠯᠪᠣᠭᠠᠯᠠᠨ᠂ ᠣᠯᠠᠨ ᠲᠦᠮᠡᠨ ᠲᠠᠢ ᠨᠢᠭᠲᠡ ᠬᠤᠯᠪᠣᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ 《 ᠣᠶᠢᠷ᠎ᠠ 》 ᠠᠴᠠ 《 ᠣᠬᠤᠷ 》 ᠴᠠᠭ ᠬᠤᠭᠤᠴᠠᠭᠠᠨ ᠳᠤ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ 《 ᠬᠠᠮᠤᠭ ᠡᠴᠦᠰ ᠤᠨ ᠨᠢᠭᠡ ᠺᠢᠯᠣᠮᠧᠳ᠋ᠷ 》 ᠢ ᠨᠡᠪᠲᠡᠷᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠪᠡ᠃       ᠰᠤᠷᠪᠤᠯᠵᠢᠯᠠᠭᠴᠢ —ᠣᠳᠣᠬᠠᠨ ᠤ ᠰᠢᠨ᠎ᠡ ᠪᠠᠶᠢᠳᠠᠯ ᠳᠣᠣᠷ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠬᠤᠪᠢᠷᠠᠯᠲᠠ ᠭᠠᠷᠭᠠᠭᠰᠠᠨ ᠪᠣᠢ︖       ᠸᠠᠩ ᠽᠢ ᠶᠤᠸᠠᠨ— ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠪᠠ ᠴᠢᠬᠤᠯᠠ ᠶᠡᠭᠡ ᠪᠡᠯᠡ ᠣᠷᠣᠭᠤᠯᠬᠤ ᠲᠥᠷᠥᠯ ᠵᠦᠢᠯ ᠳᠤ ᠪᠦᠬᠦ ᠶᠠᠪᠤᠴᠠ ᠳᠤ ᠣᠷᠣᠯᠠᠨ ᠭᠦᠢᠴᠡᠳᠬᠡᠬᠦ ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠶᠢ ᠳᠣᠪᠤᠶᠢᠯᠭᠠᠨ᠂ ᠰᠠᠯᠠᠭ᠎ᠠ ᠮᠥᠴᠢᠷ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠳᠤ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠭᠠᠷᠭᠠᠨ᠎ᠠ᠃ ᠨᠢᠭᠡ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠴᠣᠩᠬᠤᠪᠴᠢ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠠᠴᠠ ᠲᠦᠷᠦᠭᠦᠯᠡᠨ ᠬᠠᠮᠢᠶ᠎ᠠ ᠪᠦᠬᠦᠢ ᠴᠣᠩᠬᠤᠪᠴᠢ ᠶᠢ ᠵᠣᠬᠢᠴᠠᠭᠤᠯᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠢ ᠬᠠᠪᠰᠤᠷᠤᠨ ᠪᠦᠬᠦ ᠶᠠᠪᠤᠴᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠲᠤᠰᠬᠠᠢ ᠬᠥᠮᠦᠨ ᠠᠵᠤ ᠠᠬᠤᠶᠢᠯᠠᠯ ᠳᠤ ᠪᠦᠬᠦ ᠶᠠᠪᠤᠴᠠ ᠳᠤ ᠣᠷᠣᠯᠠᠨ ᠭᠦᠢᠴᠡᠳᠬᠡᠬᠦ ᠦᠢᠯᠡᠴᠢᠯᠡᠭᠡᠨ ᠬᠠᠩᠭᠠᠵᠤ᠂ 《 ᠨᠢᠭᠡ ᠠᠵᠤ ᠠᠬᠤᠶᠢᠯᠠᠯ ᠳᠤ ᠨᠢᠭᠡ ᠳᠠᠩᠰᠠ ᠡᠪᠬᠡᠮᠡᠯ 》 ᠲᠠᠢ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠡᠬᠡ ᠳᠠᠩᠰᠠ ᠶᠢ ᠪᠠᠶᠢᠭᠤᠯᠤᠨ᠂ ᠲᠥᠷᠥᠯ ᠵᠦᠢᠯ ᠤᠨ ᠠᠬᠢᠴᠠ ᠶᠢ ᠬᠥᠳᠡᠯᠦᠩᠭᠦᠢ ᠪᠠᠷ ᠡᠵᠡᠮᠰᠢᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠭᠤᠷᠪᠠ ᠳᠤ ᠠᠵᠤ ᠠᠬᠤᠶᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠳᠦᠷᠢᠮ᠂ ᠲᠥᠷᠥᠯ ᠵᠦᠢᠯ ᠤᠨ ᠤᠷᠢᠳᠴᠢᠯᠠᠨ ᠬᠢᠨᠠᠬᠤ ᠳᠦᠷᠢᠮ᠂ ᠨᠡᠶᠢᠯᠡᠭᠦᠯᠵᠦ ᠬᠠᠮᠲᠤᠷᠠᠨ ᠬᠢᠨᠠᠨ ᠵᠥᠪᠰᠢᠶᠡᠷᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃       ᠰᠤᠷᠪᠤᠯᠵᠢᠯᠠᠭᠴᠢ — ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠲᠠᠨᠢᠯᠴᠠᠭᠤᠯᠤᠭᠠᠷᠠᠢ᠃      ᠸᠠᠩ ᠽᠢ ᠶᠤᠸᠠᠨ — ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠲᠡᠭᠦᠰᠬᠡᠯ ᠤᠨ ᠴᠡᠭ ᠥᠬᠡᠢ᠂ ᠵᠥᠪᠬᠡᠨ ᠲᠠᠰᠤᠷᠠᠯᠲᠠ ᠦᠭᠡᠢ ᠶᠠᠪᠤᠭᠳᠠᠬᠤ ᠰᠢᠨ᠎ᠡ ᠡᠬᠢᠯᠡᠯᠲᠡ ᠶᠢᠨ ᠴᠢᠭ ᠨᠢ ᠯᠡ ᠪᠠᠶᠢᠪᠠᠯ᠂ ᠪᠢᠳᠡ ᠨᠢᠭᠡ ᠳᠤ ᠥᠭᠡᠷᠡᠴᠢᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠡᠷᠡᠭ ᠶᠠᠪᠤᠳᠠᠯ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠬᠤᠶᠠᠷ ᠲᠤ ᠪᠤᠰᠤᠳ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠠᠪᠤᠳᠠᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠯᠭᠡᠷᠡᠭᠦᠯᠵᠦ᠂ ᠣᠯᠠᠨ ᠲᠦᠮᠡᠨ ᠪᠣᠯᠤᠨ ᠠᠵᠤ ᠠᠬᠤᠶᠢᠯᠠᠯ ᠳᠤ ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠨᠡᠨ ᠬᠣ ᠲᠦᠯᠬᠢᠨ ᠠᠬᠢᠭᠤᠯᠵᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠬᠡᠷᠡᠭᠲᠡᠢ᠃       ᠰᠤᠷᠪᠤᠯᠵᠢᠯᠠᠭᠴᠢ ᠸᠠᠩ ᠽᠢ ᠶᠤᠸᠠᠨ ᠲᠣᠪᠴᠢᠶᠠᠨ ᠳᠠᠷᠤᠭ᠎ᠠ ᠶᠢᠨ ᠨᠠᠷᠢᠨ ᠬᠠᠷᠢᠭᠤᠯᠤᠭᠰᠠᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠪᠢᠳᠡ ᠥᠨᠥᠳᠥᠷ ᠠᠳᠡ ᠰᠠᠨᠠᠯ ᠢᠶᠠᠨ ᠰᠣᠯᠢᠯᠴᠠᠵᠤ ᠬᠠᠷᠢᠯᠴᠠᠵᠤ ᠪᠠᠶᠢᠶ᠎ᠠ᠃ᠢᠷᠡᠯᠲᠡ᠄  ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2