ᠣᠢ ᠰᠢᠭᠤᠢ ᠡᠪᠡᠰᠦ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ | | | ᠴᠠᠭ 2024 —03 —27 | | | ᠡᠷᠬᠢᠮ ᠵᠣᠴᠢᠨ | ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠭᠦᠸᠧ ᠫᠧᠩ | | | | | | ᠲᠣᠪᠴᠢᠯᠠᠭᠤᠷ | | ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤ ᠵᠠᠰᠠᠭ ᠤᠨ ᠣᠷᠳᠣᠨ ᠤ ᠴᠢᠬᠤᠯᠠ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠣᠯ ᠡᠭᠦᠷᠭᠡ ᠬᠠᠷᠢᠭᠤᠴᠠᠯᠭ᠎ᠠ ᠨᠢ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠴᠡᠩᠭᠡᠭ ᠤᠰᠤ | ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠭᠡᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠶᠠᠪᠤᠳᠠᠯ ᠢᠶᠠᠷ ᠭᠤᠣᠯᠯᠠᠭᠤᠯᠤᠨ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠠᠵᠢᠯ ᠤᠨ ᠲᠤᠬᠠᠢ | ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ | ᠭᠤᠣᠯ ᠤᠨ 《 ᠬᠡᠳᠦᠨ ᠦᠰᠦᠭ ᠤᠨ ᠪᠤᠯᠤᠩ 》 ᠶᠢᠨ ᠬᠡᠰᠡᠭ ᠣᠷᠣᠨ ᠤ ᠪᠣᠭᠤᠮᠲᠠ ᠰᠢᠪᠲᠤᠯᠬᠤ ᠡᠭᠦᠷᠭᠡ ᠶᠢ | ᠲᠥᠪᠯᠡᠷᠡᠭᠦᠯᠦᠨ ᠠᠬᠢᠭᠤᠯᠵᠤ᠂ ᠮᠤᠨᠠ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠡᠯ᠎ᠡ ᠱᠠᠲᠤᠨ ᠤ ᠣᠢ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠬᠢ ᠪᠠᠶᠠᠯᠢᠭ ᠤᠨ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠴᠢᠩᠭ᠎ᠠ ᠡᠵᠡᠮᠳᠡᠵᠦ᠂ ᠣᠢ ᠰᠢᠭᠤᠢ ᠡᠪᠡᠰᠦ ᠪᠡᠯᠴᠢᠭᠡᠷ ᠢ ᠥᠨᠳᠥᠷ ᠶᠠᠰᠤ ᠴᠢᠨᠠᠷ ᠰᠠᠶᠢᠲᠠᠢ | ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠪᠠᠶᠢᠨ᠎ᠠ᠃ | ᠰᠤᠷᠪᠤᠯᠵᠢᠯᠠᠭᠴᠢ᠄ ᠭᠦᠸᠧ ᠲᠣᠪᠴᠢᠶᠠᠨ ᠳᠠᠷᠤᠭ᠎ᠠ᠂ ᠰᠠᠶᠢᠨ ᠪᠠᠶᠢᠨ᠎ᠠ ᠤᠤ ︖ ᠡᠩ ᠲᠡᠷᠢᠭᠦᠨ ᠳᠤ᠂ ᠲᠠ | ᠮᠠᠨ ᠤ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ | ᠥᠭᠭᠦᠨ᠎ᠡ ᠦᠦ᠃ | ᠭᠦᠸᠧ ᠫᠧᠩ ᠄ ᠳᠥᠷᠪᠡᠳ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠢ 3605.4 ᠲᠦᠮᠡᠨ | ᠮᠦ᠂ ᠡᠪᠡᠰᠦᠲᠦ ᠭᠠᠵᠠᠷ ᠤᠨ ᠲᠠᠯᠠᠪᠠᠢ 3091.31 ᠲᠦᠮᠡᠨ ᠮᠦ᠂ ᠡᠭᠦᠨ ᠳᠤ ᠪᠠᠶᠢᠭᠠᠯᠢ ᠶᠢᠨ ᠪᠡᠯᠴᠢᠭᠡᠷ | ᠡᠪᠡᠰᠦᠨ ᠤ ᠲᠠᠯᠠᠪᠠᠢ 3068.16 ᠲᠦᠮᠡᠨ ᠮᠦ᠂ ᠪᠤᠰᠤᠳ ᠡᠪᠡᠰᠦᠲᠦ ᠭᠠᠵᠠᠷ ᠤᠨ ᠲᠠᠯᠠᠪᠠᠢ 23.14 ᠲᠦᠮᠡᠨ | ᠮᠦ᠃ ᠡᠯᠡᠰᠦᠷᠬᠡᠭᠵᠢᠭᠰᠡᠨ ᠲᠠᠯᠠᠪᠠᠢ 1933.6 ᠲᠦᠮᠡᠨ ᠮᠦ ᠳᠤ ᠬᠦᠷᠴᠡᠢ᠂ ᠡᠭᠦᠨ ᠳᠤ ᠡᠯᠡᠰᠦᠷᠬᠡᠭᠵᠢᠭᠰᠡᠨ | ᠭᠠᠵᠠᠷ ᠢ ᠵᠠᠰᠠᠵᠤ ᠴᠡᠭᠴᠡᠯᠡᠬᠦ ᠳᠤ ᠬᠦᠴᠢᠷ ᠪᠠᠶᠢᠭ᠎ᠠ ᠲᠠᠯᠠᠪᠠᠢ 1020.7 ᠲᠦᠮᠡᠨ ᠮᠦ ᠳᠤ ᠬᠦᠷᠴᠦ᠂ | ᠡᠯᠡᠰᠦᠷᠬᠡᠭᠵᠢᠯ ᠢ ᠵᠠᠰᠠᠵᠤ ᠳᠡᠶᠢᠯᠦᠭᠰᠡᠨ ᠦᠭᠡᠢ ᠭᠠᠵᠠᠷ ᠰᠢᠷᠣᠢ ᠶᠢᠨ ᠲᠠᠯᠠᠪᠠᠢ 52.3 ᠲᠦᠮᠡᠨ ᠮᠦ ᠳᠤ ᠬᠦᠷᠴᠦ᠂ | ᠨᠢᠭᠡᠨᠲᠡ ᠡᠯᠡᠰᠦᠷᠬᠡᠭᠵᠢᠭᠰᠡᠨ ᠭᠠᠵᠠᠷ ᠢ ᠵᠠᠰᠠᠭᠰᠠᠨ ᠲᠠᠯᠠᠪᠠᠢ 860.5 ᠲᠦᠮᠡᠨ ᠮᠦ ᠳᠤ ᠬᠦᠷᠪᠡ᠃ ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠥᠭᠬᠦ ᠱᠠᠩᠨᠠᠬᠤ ᠲᠠᠯᠠᠪᠠᠢ ᠨᠡᠶᠢᠲᠡ 2750. | 44 ᠲᠦᠮᠡᠨ ᠮᠦ ᠪᠠᠶᠢᠵᠤ᠂ ᠡᠭᠦᠨ ᠳᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠲᠠᠯᠠᠪᠠᠢ 1167.6 ᠲᠦᠮᠡᠨ ᠮᠦ᠂ | ᠮᠠᠯ ᠪᠡᠯᠴᠢᠭᠡᠷ ᠤᠨ ᠲᠡᠩᠴᠡᠭᠦᠷᠢ ᠶᠢᠨ ᠲᠠᠯᠠᠪᠠᠢ 1582.84 ᠲᠦᠮᠡᠨ ᠮᠦ ᠪᠣᠢ᠃ᠪᠦᠬᠦ ᠬᠤᠰᠢᠭᠤᠨ ᠤ ᠨᠤᠲᠤᠭ | ᠪᠡᠯᠴᠢᠭᠡᠷ ᠤᠨ ᠲᠥᠷᠥᠯ ᠬᠡᠯᠪᠡᠷᠢ ᠨᠢ ᠭᠤᠣᠯᠳᠠᠭᠤ ᠳᠤᠯᠠᠭᠠᠨ ᠴᠢᠨᠠᠷᠲᠠᠢ ᠨᠤᠲᠤᠭ ᠪᠡᠯᠴᠢᠭᠡᠷ᠂ ᠳᠤᠯᠠᠭᠠᠨ ᠴᠢᠨᠠᠷᠲᠠᠢ | ᠴᠥᠯᠡᠷᠬᠡᠭ ᠨᠤᠲᠤᠭ ᠪᠡᠯᠴᠢᠭᠡᠷ ᠪᠣᠯᠤᠨ ᠳᠤᠯᠠᠭᠠᠨ ᠴᠢᠨᠠᠷᠲᠠᠢ ᠲᠠᠯ᠎ᠠ ᠨᠤᠲᠤᠭᠴᠢᠯᠠᠭᠰᠠᠨ ᠴᠦᠯ ᠭᠡᠬᠦ ᠭᠤᠷᠪᠠᠨ | ᠲᠥᠷᠥᠯ ᠪᠣᠯᠤᠨ᠎ᠠ᠃ | ᠰᠤᠷᠪᠤᠯᠵᠢᠯᠠᠭᠴᠢ ᠄ 2024 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ 《 ᠭᠤᠷᠪᠠᠨ ᠤᠮᠠᠷᠠᠲᠤ | 》 ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ 《 ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ 》 ᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠢᠯ ᠪᠣᠯᠤᠨ᠎ᠠ᠂ ᠲᠡᠭᠡᠪᠡᠯ ᠲᠠ ᠡᠨᠡ ᠵᠢᠯ ᠤᠨ ᠪᠦᠬᠦ ᠬᠤᠰᠢᠭᠤᠨ ᠤ ᠣᠢ | ᠡᠪᠡᠰᠦᠨ ᠤ ᠠᠵᠢᠯ ᠳᠤ ᠶᠠᠮᠠᠷ ᠲᠥᠯᠥᠪᠵᠢᠭᠦᠯᠭᠡ ᠪᠠᠶᠢᠬᠤ ᠪᠣᠢ︖ | ᠭᠦᠸᠧ ᠫᠧᠩ ᠄ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤ ᠵᠠᠰᠠᠭ ᠤᠨ ᠣᠷᠳᠣᠨ ᠤ | ᠴᠢᠬᠤᠯᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠣᠯ ᠡᠭᠦᠷᠭᠡ ᠬᠠᠷᠢᠭᠤᠴᠠᠯᠭ᠎ᠠ | ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠴᠡᠩᠭᠡᠭ | ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠢ | ᠪᠣᠯᠭᠠᠵᠤ᠂ ᠪᠢᠳᠡ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠢᠶᠠᠷ ᠨᠢᠭᠲᠡ ᠤᠶᠠᠯᠳᠤᠭᠤᠯᠤᠨ᠂ ᠣᠢ ᠰᠢᠭᠤᠢ ᠪᠠ ᠨᠤᠲᠤᠭ | ᠪᠡᠯᠴᠢᠭᠡᠷ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠦᠷᠦ ᠶᠢᠨ ᠪᠣᠳᠣᠯᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ | ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠬᠠᠲᠤᠨ ᠭᠤᠣᠯ ᠤᠨ | 《 ᠬᠡᠳᠦᠨ ᠦᠰᠦᠭ ᠤᠨ ᠪᠤᠯᠤᠩ 》 ᠶᠢᠨ ᠬᠡᠰᠡᠭ ᠣᠷᠣᠨ ᠤ ᠪᠣᠭᠤᠮᠲᠠ ᠰᠢᠪᠲᠤᠯᠬᠤ ᠡᠭᠦᠷᠭᠡ ᠶᠢ | ᠲᠥᠪᠯᠡᠷᠡᠭᠦᠯᠦᠨ ᠠᠬᠢᠭᠤᠯᠵᠤ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠡᠯ᠎ᠡ ᠱᠠᠲᠤᠨ ᠤ ᠣᠢ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠣᠢ ᠰᠢᠭᠤᠢ ᠡᠪᠡᠰᠦ ᠪᠡᠯᠴᠢᠭᠡᠷ ᠢ ᠥᠨᠳᠥᠷ ᠶᠠᠰᠤ ᠴᠢᠨᠠᠷ ᠰᠠᠶᠢᠲᠠᠢ | ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠨ᠎ᠠ᠃ | ᠨᠢᠭᠡ᠂ ᠠᠮᠢ ᠠᠬᠤᠢ ᠶᠢᠨ ᠬᠠᠯᠬᠠᠪᠴᠢ ᠶᠢ ᠬᠦᠴᠦᠯᠡᠨ ᠪᠠᠬᠢᠵᠢᠭᠦᠯᠵᠦ᠂ ᠣᠢ ᠰᠢᠭᠤᠢ ᠡᠪᠡᠰᠦᠨ ᠤ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠢ | 1. ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ | ᠬᠡᠷᠡᠭᠵᠢᠭᠦᠯᠦᠨ᠎ᠡ᠃ ᠨᠢᠭᠡ ᠳᠤ ᠪᠠᠶᠢᠭᠠᠯᠢ ᠶᠢᠨ ᠣᠢ ᠶᠢ ᠬᠠᠮᠠᠭᠠᠯᠠᠬᠤ ᠪᠠ ᠣᠶᠢᠵᠢᠭᠤᠯᠬᠤ ᠲᠥᠷᠥᠯ ᠵᠦᠢᠯ ᠢ | ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠪᠠᠶᠢᠭᠠᠯᠢ ᠶᠢᠨ ᠣᠢ ᠶᠢ ᠬᠠᠮᠠᠭᠠᠯᠠᠬᠤ ᠪᠠ ᠣᠶᠢᠵᠢᠭᠤᠯᠤᠨ ᠨᠡᠶᠢᠲᠡ | 4500 ᠮᠦ ᠣᠶᠢᠵᠢᠭᠤᠯᠪᠠ᠃ ᠡᠭᠦᠨ ᠳᠤ᠄ ᠬᠥᠮᠦᠨ ᠤ ᠬᠦᠴᠦ ᠪᠠᠷ ᠣᠶᠢᠵᠢᠭᠤᠯᠤᠭᠰᠠᠨ ᠲᠠᠯᠠᠪᠠᠢ 500 ᠮᠦ᠂ | ᠬᠥᠮᠦᠨ ᠤ ᠬᠦᠴᠦ ᠪᠠᠷ ᠲᠠᠷᠢᠭᠰᠠᠨ ᠪᠤᠲᠠᠯᠢᠭ ᠮᠣᠳᠣ 4000 ᠮᠦ ᠃ ᠬᠤᠶᠠᠷ ᠲᠤ ᠮᠠᠭᠤᠵᠢᠷᠠᠭᠰᠠᠨ ᠨᠤᠲᠤᠭ | ᠪᠡᠯᠴᠢᠭᠡᠷ ᠢ ᠰᠡᠷᠭᠦᠭᠡᠬᠦ ᠶᠢ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠭᠤᠵᠢᠷᠠᠭᠰᠠᠨ ᠨᠤᠲᠤᠭ ᠪᠡᠯᠴᠢᠭᠡᠷ ᠢ | ᠵᠠᠰᠠᠨ ᠰᠡᠷᠭᠦᠭᠡᠬᠦ ᠶᠢ 9 ᠲᠦᠮᠡᠨ ᠮᠦ ᠬᠡᠷᠡᠭᠵᠢᠭᠦᠯᠬᠦ ᠬᠡᠷᠡᠭᠲᠡᠢ᠃ ᠡᠭᠦᠨ ᠳᠤ᠄ ᠬᠥᠮᠦᠨ ᠤ ᠬᠦᠴᠦ ᠪᠠᠷ 3 ᠲᠦᠮᠡᠨ | ᠮᠦ ᠡᠪᠡᠰᠦ ᠲᠠᠷᠢᠵᠤ᠂ 2.5 ᠲᠦᠮᠡᠨ ᠮᠦ ᠶᠢ ᠨᠢ ᠪᠢᠲᠡᠭᠦᠮᠵᠢᠯᠡᠨ ᠣᠶᠢᠵᠢᠭᠤᠯᠵᠤ᠂ 5000 ᠮᠦ ᠡᠪᠡᠰᠦ | ᠤᠷᠭᠤᠮᠠᠯ ᠢ ᠨᠢᠰᠬᠡᠯ ᠢᠶᠠᠷ ᠲᠠᠷᠢᠵᠤ᠂ 3 ᠲᠦᠮᠡᠨ ᠮᠦ ᠲᠠᠴᠢᠷᠳᠠᠭᠰᠠᠨ ᠪᠡᠯᠴᠢᠭᠡᠷ ᠢ ᠰᠠᠶᠢᠵᠢᠷᠠᠭᠤᠯᠤᠨ᠎ᠠ ᠃ | ᠭᠤᠷᠪᠠ ᠳᠤ᠂ ᠴᠥᠯᠡᠷᠬᠡᠭᠵᠢᠯ ᠢ ᠵᠠᠰᠠᠬᠤ ᠶᠢ ᠶᠡᠬᠡᠪᠡᠷ ᠠᠬᠢᠭᠤᠯᠵᠤ᠂ ᠴᠦᠯᠯᠡᠷᠬᠡᠭᠵᠢᠭᠰᠡᠨ ᠳ᠋ᠠᠶᠢᠲ᠋ᠠ ᠬᠥᠮᠥᠷᠭᠡ ᠶᠢ | ᠪᠠᠶᠢᠭᠤᠯᠵᠤ᠂ ᠴᠦᠯᠯᠡᠷᠬᠡᠭᠵᠢᠭᠰᠡᠨ ᠨᠤᠲᠤᠭ ᠪᠡᠯᠴᠢᠭᠡᠷ ᠤᠨ ᠣᠷᠣᠨ ᠲᠣᠭᠤᠷᠢᠭ ᠢ ᠣᠨᠣᠪᠴᠢᠲᠠᠢ ᠲᠣᠭᠲᠠᠭᠠᠨ᠂ | ᠤᠰᠤᠨ ᠠᠰᠢᠭᠯᠠᠯᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ 10 ᠰᠠᠭᠤᠷᠢ ᠲᠥᠬᠦᠭᠡᠷᠦᠮᠵᠢ ᠶᠢ | ᠬᠡᠷᠡᠭᠵᠢᠭᠦᠯᠦᠨ᠎ᠡ᠃ | 2. ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ | ᠲᠦᠯᠬᠢᠨ ᠠᠬᠢᠭᠤᠯᠤᠨ᠎ᠠ᠃ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠠᠯᠪᠠᠨ ᠵᠢᠷᠤᠮ ᠤᠨ ᠮᠣᠳᠣ | ᠲᠠᠷᠢᠬᠤ ᠠᠵᠢᠯ ᠢ 200 ᠮᠦ ᠪᠡᠶᠡᠯᠡᠭᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 3 ᠬᠥᠳᠡᠭᠡ ᠲᠣᠰᠬᠤᠨ ᠢ ᠭᠤᠶᠣᠵᠢᠭᠤᠯᠣᠠ | ᠨᠣᠭᠤᠭᠠᠷᠠᠭᠤᠯᠵᠤ᠂ 200 ᠮᠦ ᠲᠠᠯᠠᠪᠠᠢ ᠪᠦᠬᠦᠢ ᠨᠣᠭᠤᠭᠠᠷᠠᠭᠤᠯᠪᠠ᠃ | ᠬᠤᠶᠠᠷ᠂ ᠡᠬᠢ ᠪᠠᠶᠠᠯᠢᠭ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠢ ᠰᠢᠭᠤᠢ | ᠡᠪᠡᠰᠦ ᠨᠤᠭᠤ ᠨᠤᠭᠤ ᠨᠤᠭᠤ ᠨᠤᠭᠤ ᠭᠠᠵᠠᠷ ᠤᠨ ᠡᠬᠢ ᠪᠠᠶᠠᠯᠢᠭ ᠢ ᠪᠥᠬᠦ ᠲᠠᠯ᠎ᠠ ᠪᠠᠷ ᠬᠠᠮᠠᠭᠠᠯᠠᠬᠤ ᠶᠢ | ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠤ ᠬᠦᠴᠦᠨ | 1. ᠣᠢ ᠰᠢᠭᠤᠢ ᠶᠢᠨ ᠭᠠᠵᠠᠷ ᠨᠤᠲᠤᠭ ᠪᠡᠯᠴᠢᠭᠡᠷ ᠢ ᠬᠠᠮᠠᠭᠠᠯᠠᠵᠤ ᠠᠰᠢᠭᠯᠠᠬᠤ ᠶᠢᠨ ᠬᠢᠨᠠᠯᠲᠠ | ᠬᠠᠮᠢᠶᠠᠷᠤᠯᠲᠠ ᠶᠢ ᠴᠢᠩᠳᠠᠯᠠᠵᠤ᠂ ᠨᠤᠲᠤᠭ ᠪᠡᠯᠴᠢᠭᠡᠷ ᠤᠨ ᠣᠢ ᠮᠣᠳᠣᠨ ᠤ ᠭᠠᠵᠠᠷ ᠢ ᠣᠷᠣᠨ ᠬᠤᠪᠢᠶᠠᠨ | ᠬᠠᠮᠢᠶᠠᠷᠤᠨ ᠡᠵᠡᠮᠳᠡᠬᠦ᠂ ᠣᠢ ᠰᠢᠭᠤᠢ ᠨᠤᠲᠤᠭ ᠪᠡᠯᠴᠢᠭᠡᠷ ᠤᠨ ᠤᠯᠠᠭᠠᠨ ᠱᠤᠭᠤᠮ ᠤᠨ ᠬᠠᠮᠢᠶᠠᠷᠤᠯᠲᠠ ᠵᠡᠷᠭᠡ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠢ ᠰᠢᠭᠤᠢ ᠶᠢᠨ ᠭᠠᠵᠠᠷ ᠨᠤᠲᠤᠭ ᠪᠡᠯᠴᠢᠭᠡᠷ ᠢ ᠲᠠᠲᠠᠪᠤᠷᠢᠯᠠᠨ | ᠬᠡᠷᠡᠭᠯᠡᠬᠦ ᠶᠢᠨ ᠬᠢᠨᠠᠨ ᠵᠥᠪᠰᠢᠶᠡᠷᠡᠬᠦ ᠶᠠᠪᠤᠳᠠᠯᠠ᠋ᠴᠠ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠬᠢᠨᠠᠯᠲᠠ | ᠲᠠᠯᠪᠢᠵᠤ ᠬᠠᠮᠢᠶᠠᠷᠬᠤ ᠶᠢ ᠴᠢᠩᠭᠠᠷᠠᠭᠤᠯᠤᠨ᠂ ᠵᠥᠪᠰᠢᠶᠡᠷᠡᠭᠦᠯᠦᠭᠡᠳᠦᠢ ᠪᠠᠷ ᠤᠷᠢᠳᠠᠪᠡᠷ ᠡᠵᠡᠯᠡᠬᠦ᠂ ᠴᠥᠭᠡᠨ | ᠪᠦᠯᠦᠭ ᠪᠦᠯᠦᠭ ᠢᠶᠠᠷ ᠢᠯᠡᠭᠦᠦ ᠡᠵᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ᠃ | 2. ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠳᠥᠷᠪᠡᠳ ᠬᠤᠰᠢᠭᠤᠨ ᠤ ᠨᠣᠮᠣᠭᠠᠨ ᠲᠣᠣᠷᠠᠢ ᠶᠢᠨ ᠣᠢ ᠶᠢᠨ ᠴᠡᠴᠡᠷᠯᠢᠭ ᠤᠨ ᠬᠠᠮᠠᠭᠠᠯᠠᠯᠲᠠ | ᠬᠠᠮᠢᠶᠠᠷᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠲᠣᠣᠷᠠᠢ ᠶᠢᠨ ᠣᠢ ᠶᠢ ᠬᠠᠮᠠᠭᠠᠯᠠᠨ ᠰᠡᠷᠭᠦᠭᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠲᠣᠣᠷᠠᠢ ᠶᠢᠨ ᠣᠢ ᠶᠢ ᠦᠷᠭᠦᠯᠵᠢᠯᠡᠨ ᠲᠠᠷᠢᠵᠤ ᠥᠷᠭᠡᠳᠬᠡᠨ | ᠬᠥᠭᠵᠢᠭᠦᠯᠦᠨ᠎ᠡ᠃ | 3. ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ᠂ ᠣᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠭᠠᠵᠠᠷ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ | ᠰᠡᠷᠭᠡᠶᠢᠯᠡᠨ᠎ᠡ᠃ | 4.ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠤᠷᠢᠳᠴᠢᠯᠠᠨ | ᠲᠥᠰᠦᠭᠡᠯᠡᠵᠦ ᠤᠷᠢᠳᠴᠢᠯᠠᠨ ᠰᠡᠷᠭᠡᠶᠢᠯᠡᠵᠦ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠨᠠᠷᠠᠰᠤᠨ ᠮᠣᠳᠣᠨ ᠤ | ᠤᠲᠠᠰᠤᠯᠢᠭ ᠬᠤᠷᠣᠬᠠᠢ ᠶᠢᠨ ᠡᠪᠡᠳᠴᠢᠨ᠂ ᠨᠡᠭᠦᠳᠡᠯᠯᠡᠬᠦ ᠴᠢᠨᠠᠷ ᠲᠠᠢ ᠬᠥᠨᠥᠭᠡᠯᠲᠡᠢ ᠠᠮᠢᠳᠤ ᠪᠣᠳᠠᠰ ᠵᠢᠴᠢ ᠲᠠᠯ᠎ᠠ | ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ ᠬᠤᠯᠤᠭᠠᠨ᠎ᠠ ᠶᠢᠨ ᠬᠢᠵᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | 5. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ | ᠥᠨᠵᠢᠭᠦᠯᠬᠦ ᠶᠢ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ 《 ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ | ᠪᠡᠯᠴᠢᠭᠡᠷ ᠢ ᠥᠨᠵᠢᠭᠦᠯᠵᠦ ᠮᠠᠯᠵᠢᠬᠤ ᠳᠦᠷᠢᠮ 》 《 ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ 》 ᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠬᠡᠪ ᠤᠨ ᠶᠣᠰᠣᠭᠠᠷ ᠲᠣᠭᠤᠷᠢᠨ ᠪᠠᠶᠢᠴᠠᠭᠠᠬᠤ | ᠠᠷᠭ᠎ᠠ ᠮᠠᠶ᠋ᠢᠭ ᠢᠶᠠᠷ ᠰᠢᠮᠳᠠᠭᠤᠯᠤᠨ ᠵᠢᠯᠣᠭᠤᠳᠴᠤ ᠳᠠᠯᠳᠠ ᠰᠤᠷᠪᠤᠯᠵᠢᠯᠠᠯ ᠥᠷᠨᠢᠭᠦᠯᠵᠦ᠂ ᠳᠠᠷᠤᠯᠲᠠ ᠶᠢ | ᠳᠠᠮᠵᠢᠭᠤᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠦᠯᠬᠢᠨ ᠠᠬᠢᠭᠤᠯᠵᠤ ᠪᠣᠳᠠᠲᠤ ᠦᠷ᠎ᠡ ᠪᠦᠲᠦᠮᠵᠢ | ᠣᠯᠣᠭᠤᠯᠬᠤ ᠬᠡᠷᠡᠭᠲᠡᠢ᠃ | 6. ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠵᠤ ᠬᠠᠮᠢᠶᠠᠷᠬᠤ ᠶᠢ ᠴᠢᠩᠭᠠᠳᠬᠠᠨ᠂ ᠬᠡᠭᠡᠷ᠎ᠡ ᠶᠢᠨ | ᠠᠮᠢᠲᠠᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠶᠢ ᠬᠡᠪᠰᠢᠭᠦᠯᠬᠦ ᠪᠠ ᠥᠷᠨᠢᠭᠦᠯᠵᠦ᠂ ᠬᠡᠭᠡᠷ᠎ᠡ ᠶᠢᠨ ᠠᠮᠢᠲᠠᠨ | ᠤᠷᠭᠤᠮᠠᠯ ᠤᠨ ᠬᠠᠤᠯᠢ ᠪᠤᠰᠤ ᠠᠷᠠᠯᠵᠢᠶᠠᠨ ᠤ ᠬᠠᠮᠲᠤᠷᠠᠭᠰᠠᠨ ᠬᠤᠷᠠᠯᠳᠤᠭᠠᠨ ᠤ ᠳᠦᠷᠢᠮ ᠳᠤ ᠴᠣᠬᠢᠯᠲᠠ ᠥᠭᠬᠦ | ᠳᠦᠷᠢᠮ ᠢ ᠨᠠᠶᠢᠳᠠᠪᠤᠷᠢᠵᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠦᠨ᠂ ᠬᠡᠭᠡᠷ᠎ᠡ ᠶᠢᠨ ᠠᠮᠢᠲᠠᠨ ᠢ | ᠳᠤᠷ᠎ᠠ ᠪᠠᠷ ᠢᠶᠠᠨ ᠠᠩᠨᠠᠬᠤ᠂ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠮᠠᠯᠲᠠᠬᠤ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ᠃ | 7. ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ | ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠤᠤᠯ ᠤᠨ ᠪᠠᠶᠢᠭ᠎ᠠ ᠨᠤᠲᠤᠭ ᠪᠡᠯᠴᠢᠭᠡᠷ ᠤᠨ ᠳᠠᠭᠠᠳᠬᠠᠯ ᠤᠨ | ᠳᠠᠭᠠᠳᠬᠠᠭᠤᠯᠤᠭᠰᠠᠨ ᠲᠠᠯᠠᠪᠠᠢ 150 ᠲᠦᠮᠡᠨ ᠮᠦ ᠶᠢᠨ ᠰᠠᠭᠤᠷᠢᠨ ᠳᠡᠭᠡᠷ᠎ᠡ᠂ ᠳᠠᠭᠠᠳᠬᠠᠭᠤᠯᠵᠤ ᠳᠠᠭᠠᠳᠬᠠᠬᠤ | ᠲᠠᠯᠠᠪᠠᠢ ᠶᠢ ᠳᠠᠬᠢᠨ ᠥᠷᠭᠡᠳᠬᠡᠬᠦ ᠪᠠᠷ ᠴᠢᠷᠮᠠᠶᠢᠵᠤ᠂ ᠨᠤᠲᠤᠭ ᠪᠡᠯᠴᠢᠭᠡᠷ ᠢ ᠬᠠᠮᠠᠭᠠᠯᠠᠵᠤ ᠠᠰᠢᠭᠯᠠᠬᠤ | ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ | ᠭᠤᠷᠪᠠ᠂ ᠳᠦᠷᠢᠮ ᠢ ᠵᠢᠷᠤᠮᠵᠢᠭᠤᠯᠤᠨ ᠠᠵᠢᠯᠯᠠᠭᠤᠯᠬᠤ ᠪᠠᠷ ᠠᠩᠬᠠᠷᠤᠯ ᠢᠶᠠᠨ ᠲᠥᠪᠯᠡᠷᠡᠭᠦᠯᠵᠦ᠂ | ᠣᠢ ᠰᠢᠭᠤᠢ ᠡᠪᠡᠰᠦ ᠪᠡᠯᠴᠢᠭᠡᠷ ᠢ ᠤᠷᠲᠤ ᠬᠤᠭᠤᠴᠠᠭ᠎ᠠ ᠪᠣᠳᠠᠲᠠᠢ ᠭᠦᠢᠴᠡᠳᠬᠡᠬᠦ ᠶᠢ ᠭᠦᠨᠵᠡᠭᠡᠢ ᠠᠬᠢᠭᠤᠯᠬᠤ ᠲᠠᠯ᠎ᠠ | ᠪᠠᠷ ᠦᠷᠭᠦᠯᠵᠢᠯᠡᠨ ᠬᠦᠴᠦ ᠲᠠᠯᠪᠢᠨ᠎ᠠ | 1. ᠣᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠴᠢᠬᠤᠯᠠ ᠶᠡᠭᠡ ᠠᠵᠢᠯ ᠢ ᠰᠠᠶᠢᠲᠤᠷ | ᠬᠢᠵᠦ᠂ ᠡᠯ᠎ᠡ ᠱᠠᠲᠤᠨ ᠤ ᠣᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | 2. ᠣᠢ ᠰᠢᠭᠤᠢ ᠡᠪᠡᠰᠦ ᠪᠡᠯᠴᠢᠭᠡᠷ ᠢ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠳᠬᠠᠵᠤ | ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠲᠣᠭᠠᠴᠠᠯᠬᠠᠰᠠᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠡᠯ᠎ᠡ ᠱᠠᠲᠤᠨ ᠤ ᠣᠢ ᠰᠢᠭᠤᠢ ᠡᠪᠡᠰᠦ ᠪᠡᠯᠴᠢᠭᠡᠷ ᠢ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢᠨ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠳᠡᠭᠡᠷ᠎ᠡ ᠺᠠᠷᠲ ᠣᠯᠭᠤᠬᠤ ᠶᠢ | ᠠᠬᠢᠭᠤᠯᠵᠤ᠂ ᠬᠠᠷᠢᠭᠤᠴᠠᠯᠭ᠎ᠠ ᠲᠠᠢ ᠣᠷᠣᠨ ᠪᠦᠰᠡ ᠶᠢᠨ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ | ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠤᠨ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠶᠢ | ᠴᠢᠩᠭᠠᠳᠬᠠᠨ᠂ ᠣᠢ ᠰᠢᠭᠤᠢ ᠡᠪᠡᠰᠦ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠦᠷ᠎ᠡ ᠪᠦᠲᠦᠮᠵᠢ ᠶᠢ | ᠦᠨᠡᠨᠬᠦ ᠨᠡᠮᠡᠭᠳᠡᠭᠦᠯᠬᠦ ᠬᠡᠷᠡᠭᠲᠡᠢ᠃ | 3. ᠣᠢ ᠰᠢᠭᠤᠢ ᠡᠪᠡᠰᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠢ ᠰᠢᠭᠤᠢ | ᠡᠪᠡᠰᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠣᠣᠷ ᠰᠦᠯᠵᠢᠶ᠎ᠡ ᠶᠢ ᠬᠠᠮᠢᠶᠠᠷᠤᠨ ᠡᠵᠡᠮᠳᠡᠬᠦ᠂ ᠪᠦᠬᠦ ᠬᠦᠷᠢᠶ᠎ᠡ ᠶᠢ ᠬᠠᠮᠤᠷᠬᠤ | ᠱᠠᠭᠠᠷᠳᠠᠯᠭ᠎ᠠ ᠶᠣᠰᠣᠭᠠᠷ᠂ ᠡᠬᠢ ᠡᠭᠦᠰᠦᠯ ᠨᠢ ᠣᠢ ᠰᠢᠭᠤᠢ ᠡᠪᠡᠰᠦ ᠬᠠᠮᠠᠭᠠᠯᠠᠬᠤ ᠲᠣᠣᠷᠵᠢᠯ ᠤᠨ ᠰᠢᠰᠲ᠋ᠧᠮ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | 4. ᠰᠠᠯᠠᠭ᠎ᠠ ᠮᠥᠴᠢᠷ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠣᠢ | ᠰᠢᠭᠤᠢ ᠡᠪᠡᠰᠦ ᠪᠡᠯᠴᠢᠭᠡᠷ ᠤᠨ ᠬᠠᠮᠢᠶᠠᠷᠤᠯᠲᠠ ᠶᠢᠨ ᠤᠷᠲᠤ ᠬᠤᠭᠤᠴᠠᠭᠠᠲᠤ ᠳᠦᠷᠢᠮᠲᠦ ᠰᠠᠯᠠᠭ᠎ᠠ ᠮᠥᠴᠢᠷ ᠤᠨ | ᠬᠠᠮᠵᠢᠯᠴᠠᠬᠤ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ 《 ᠣᠢ ᠰᠢᠭᠤᠢ ᠡᠪᠡᠰᠦ ᠪᠡᠯᠴᠢᠭᠡᠷ ᠤᠨ | ᠳᠠᠷᠤᠭ᠎ᠠ + ᠪᠠᠶᠢᠴᠠᠭᠠᠬᠤ ᠳᠠᠷᠤᠭ᠎ᠠ 》᠂ 《 ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ + ᠴᠠᠭᠳᠠᠭᠠᠨ | ᠳᠠᠷᠤᠭ᠎ᠠ 》 ᠵᠡᠷᠭᠡ ᠬᠠᠮᠵᠢᠯᠴᠠᠬᠤ ᠲᠣᠭᠲᠠᠴᠠ ᠶᠢᠨ ᠠᠭᠤᠯᠭ᠎ᠠ ᠶᠢ ᠥᠷᠭᠡᠳᠬᠡᠨ᠂ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠡᠷᠡᠭᠦᠦ ᠰᠢᠳᠬᠡᠯ ᠭᠦᠢᠴᠡᠳᠬᠡᠬᠦ᠂ | ᠠᠮᠢ ᠠᠬᠤᠢ ᠶᠢᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠵᠠᠷᠭᠤ᠂ ᠤᠬᠠᠭᠤᠯᠤᠨ ᠪᠣᠯᠪᠠᠰᠤᠷᠠᠭᠤᠯᠬᠤ ᠵᠡᠷᠭᠡ | ᠲᠠᠯ᠎ᠠ ᠪᠠᠷ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ | |