ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ | ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ | ᠬᠤᠯᠪᠣᠭᠳᠠᠯ ᠪᠦᠬᠦᠢ ᠠᠵᠢᠯ ᠵᠡᠷᠭᠡ ᠶᠢ ᠰᠤᠳᠤᠯᠪᠠ | | ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦᠭᠡᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 4 ᠳ᠋ᠦᠭᠡᠷ ᠰᠠᠷ᠎ᠠ ᠶᠢᠨ 12 ᠤᠨ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ | ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ ᠬᠤᠯᠪᠣᠭᠳᠠᠯ ᠪᠦᠬᠦᠢ ᠠᠵᠢᠯ᠂ | ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠬᠦ | ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠦᠷᠨᠢᠭᠦᠯᠬᠦ ᠶᠢ ᠪᠠᠶᠢᠷᠢᠯᠠᠭᠤᠯᠪᠠ᠃ | ᠬᠤᠷᠠᠯ ᠳᠤ ᠴᠢᠬᠤᠯᠠᠴᠢᠯᠠᠭᠰᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ | ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠬᠤᠯᠠ ᠶᠡᠭᠡ ᠠᠵᠢᠯ ᠤᠨ ᠡᠭᠦᠷᠭᠡ᠂ | ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ ᠪᠤᠳᠠᠲᠠᠶᠢᠵᠢᠭᠤᠯᠬᠤ ᠶᠢ ᠰᠠᠶᠢᠳᠤᠷ ᠠᠳᠬᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠨ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠪᠠᠷ ᠬᠦᠴᠦᠯᠡᠵᠦ᠂ ᠨᠡᠩ ᠪᠣᠳᠠᠲᠠᠢ ᠶᠢ ᠡᠷᠬᠢᠮᠯᠡᠭᠰᠡᠨ | ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠤᠮᠳᠠ ᠬᠡᠰᠡᠭ ᠤᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ | ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠡᠮᠵᠢᠵᠤ᠂ ᠪᠦᠬᠦᠯᠢ | ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠬᠤᠷᠠᠯ ᠳᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠦᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ | ᠬᠤᠳᠠᠯᠳᠤᠭᠠᠨ ᠤ ᠣᠷᠴᠢᠨ ᠨᠦᠬᠦᠴᠡᠯ ᠤᠨ ᠰᠠᠶᠢᠵᠢᠷᠠᠯᠲᠠ ᠲᠠᠢ ᠬᠤᠯᠪᠣᠭᠳᠠᠵᠤ᠂ ᠠᠵᠤ ᠠᠬᠤᠢ ᠶᠢᠨ ᠰᠠᠶᠢᠵᠢᠷᠠᠯᠲᠠ ᠶᠢᠨ | ᠶᠡᠭᠡ ᠲᠠᠯ᠎ᠠ ᠲᠠᠢ ᠬᠤᠯᠪᠣᠭᠳᠠᠵᠤ᠂ ᠵᠠᠰᠠᠭ ᠤᠨ ᠣᠷᠳᠣᠨ ᠤ ᠳᠦᠷᠢ ᠲᠥᠷᠬᠦ ᠪᠠ ᠨᠡᠶᠢᠲᠡ ᠳᠤ ᠢᠲᠡᠭᠡᠭᠦᠯᠬᠦ ᠬᠦᠴᠦᠨ ᠲᠠᠢ | ᠬᠤᠯᠪᠣᠭᠳᠠᠨ᠎ᠠ᠃ ᠥᠷᠢ ᠰᠢᠷᠢ ᠶᠢ ᠠᠷᠢᠯᠭᠠᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠣᠳᠣᠬᠠᠨ ᠤ | ᠥᠷᠢ ᠰᠢᠷᠢ ᠶᠢ ᠠᠷᠢᠯᠭᠠᠬᠤ ᠬᠡᠷᠡᠭᠲᠡᠢ ᠮᠥᠷᠲᠡᠭᠡᠨ ᠪᠠᠰᠠ ᠬᠦᠴᠦ ᠣᠷᠣᠭᠤᠯᠵᠤ ᠪᠠᠶᠢᠭᠠᠤᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ︽ᠴᠡᠪᠡᠷᠯᠡᠬᠦ ᠶᠢᠨ ᠳᠠᠭᠠᠤ ᠥᠷᠢᠲᠦᠬᠦ︾᠂ ︽ᠴᠡᠪᠡᠷᠯᠡᠭᠰᠡᠨ ᠴᠣ᠋ | ᠳᠠᠬᠢᠭᠠᠳ ᠥᠷᠢᠲᠦᠬᠦ︾ ᠶᠢ ᠡᠷᠡᠰ ᠬᠤᠷᠢᠭᠯᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠳᠠᠩᠰᠠᠨ | ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠ ᠲᠣᠮᠣ ᠬᠡᠯᠪᠡᠷᠢ ᠶᠢᠨ ᠠᠵᠤ ᠠᠬᠤᠶᠢᠯᠠᠯ ᠳᠤᠮᠳᠠ ᠵᠢᠵᠢᠭ ᠠᠵᠤ | ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠥᠷᠢ ᠲᠠᠢ ᠭᠤᠣᠯ ᠴᠣᠭᠴᠠ ᠶᠢᠨ ᠲᠣᠭᠲᠠᠭᠠᠯ ᠠᠴᠠ ᠵᠦᠷᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠠᠪᠴᠠᠭ᠎ᠠ ᠲᠠᠢ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ | ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ ᠤᠨ ᠦᠨ᠎ᠡ ᠶᠢᠨ ᠵᠣᠭᠤᠰ ᠢ ᠳ᠋ᠦ᠋ᠩᠨᠡᠨ ᠪᠣᠳᠣᠬᠤ | ᠂ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢ ᠬᠠᠮᠢᠶᠠᠷᠬᠤ ᠵᠡᠷᠭᠡ ᠳᠦᠷᠢᠮ ᠲᠣᠭᠲᠠᠭᠠᠯ ᠢ ᠱᠠᠯᠠᠪᠳᠠᠨ | ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠢ ᠲᠦᠷᠭᠡᠨ ᠢᠶᠠᠷ ᠰᠠᠭᠠᠳ ᠦᠭᠡᠢ | ᠠᠵᠢᠯᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ ︽2024 — 2025 ᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯᠯᠠᠭ᠎ᠠ ᠶᠢᠨ ᠲᠥᠰᠥᠯ︾ ᠪᠠ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯ ᠤᠨ ᠲᠥᠰᠥᠯ︾ | ᠢ ᠬᠢᠨᠠᠨ ᠵᠥᠪᠯᠡᠵᠦ ᠪᠠᠲᠤᠯᠠᠪᠠ᠃ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠲᠡᠭᠦᠨ ᠢ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ | ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠯᠦᠭᠡ | ᠤᠶᠠᠯᠳᠤᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ | ᠬᠡᠷᠡᠭᠯᠡᠭᠡᠨ ᠤ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ | ᠠᠬᠤᠢ ᠶᠢᠨ ᠦᠷ᠎ᠡ ᠠᠰᠢᠭ ᠢ ᠨᠡᠩ ᠰᠠᠶᠢᠳᠤᠷ ᠪᠠᠳᠠᠷᠠᠭᠤᠯᠬᠤ ᠬᠡᠷᠡᠭᠲᠡᠢ᠃ ᠤᠯᠤᠰ ᠤᠨ ᠪᠠᠶᠢᠳᠠᠯ ᠤᠨ ᠪᠤᠲᠠᠲᠠᠢ ᠳᠤ | ᠰᠠᠭᠤᠷᠢᠯᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠥᠭᠡᠷᠡᠴᠢᠯᠡᠬᠦ ᠶᠢ ᠪᠠᠷᠢᠮᠲᠠᠯᠠᠵᠤ᠂ ᠠᠵᠢᠯ ᠤᠨ ᠡᠷᠴᠢᠮ ᠬᠢᠭᠡᠳ | ᠠᠶᠢᠵᠠᠮ ᠢ ᠯᠠᠪᠳᠠᠭᠤᠨ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ ᠰᠠᠶᠢᠳᠤᠷ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠵᠢᠭᠠᠵᠤ ᠭᠠᠷᠭᠠᠭᠰᠠᠨ᠂ ᠤᠶᠢᠷ᠎ᠠ ᠶᠢᠨ ᠵᠢᠯ ᠤᠳ ᠠᠴᠠ ᠨᠠᠭᠠᠰᠢ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡ ᠠᠴᠠ ᠪᠣᠯᠤᠭᠰᠠᠨ ᠭᠠᠯ ᠤᠨ ᠠᠶᠤᠯ ᠤᠨ ᠠᠳᠡᠯ ᠲᠦᠷᠭᠡᠨ ᠢᠶᠠᠷ ᠨᠡᠮᠡᠭᠳᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ ᠪᠠᠶᠢᠭ᠎ᠠ ᠪᠣᠯᠬᠤᠷ ᠡᠷᠬᠡᠪᠰᠢ ᠵᠣᠷᠢᠭ ᠰᠢᠭᠤᠳᠤᠨ | ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠦᠯᠡᠳᠡᠭᠡᠯ ᠲᠦᠭᠰᠢᠭᠦᠷᠢ ᠶᠢ ᠲᠦᠷᠭᠡᠳᠬᠡᠨ ᠠᠷᠢᠯᠭᠠᠵᠤ᠂ | ᠨᠡᠮᠡᠭᠳᠡᠯ ᠲᠦᠭᠰᠢᠭᠦᠷᠢ ᠶᠢ ᠦᠨᠡᠨ ᠬᠦ ᠬᠤᠷᠢᠭᠯᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠵᠤ᠂ | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭᠠᠬᠤ᠂ ᠴᠡᠨᠡᠭᠯᠡᠬᠦ᠂ | ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠵᠡᠷᠭᠡ ᠡᠯ᠎ᠡ ᠭᠤᠭᠴᠣᠭᠠᠨ ᠤ ᠠᠮᠤᠷ ᠲᠦᠪᠰᠢᠨ ᠤ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠬᠤᠷᠢᠭᠯᠠᠬᠤ ᠶᠢ ᠤᠶᠠᠯᠳᠤᠭᠤᠯᠬᠤ ᠶᠢ ᠴᠢᠬᠤᠯᠠᠴᠢᠯᠠᠵᠤ᠂ | ᠢᠵᠢ ᠲᠦᠬᠦᠷ ᠦᠢᠯᠡᠴᠢᠯᠡᠭᠡ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠴᠠᠬᠢᠯᠭᠠᠨ ᠴᠡᠨᠡᠭᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠡᠯᠬᠢᠶ᠎ᠡ ᠴᠡᠨᠡᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ | ᠶᠡᠭᠡ ᠪᠠᠷ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠤᠯᠠᠨ ᠲᠦᠮᠡᠨ ᠤ | ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠳᠤᠷ ᠬᠠᠩᠭᠠᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃ | ᠳᠡᠪᠰᠢᠭᠦᠯᠦᠭᠴᠢ᠄ ᠲᠡᠷᠭᠡᠯ | |