ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ  ᠤᠯᠤᠰ ᠤᠨ ᠴᠢᠬᠤᠯᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/4/17
      ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ  ᠤᠯᠤᠰ ᠤᠨ ᠴᠢᠬᠤᠯᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠰᠠᠨ               4 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃       ᠬᠤᠷᠠᠯ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠪᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠢᠦᠢ ᠳ᠋ᠠᠢ ᠴᠢᠩ ᠠᠴᠠ᠂ 《ᠮᠢᠩᠭᠠᠨ ᠳᠤᠰᠬᠤᠨ ᠪᠠᠷ ᠵᠢᠱᠢᠶ᠎ᠡ ᠦᠵᠡᠭᠦᠯᠵᠤ᠂ ᠲᠦᠮᠡᠨ ᠳᠤᠰᠬᠤᠨ  ᠢ ᠴᠡᠭᠴᠡᠯᠡᠨ ᠵᠠᠰᠠᠬᠤ 》ᠪᠣᠯ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠮᠣᠵᠢ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠰᠥᠪᠯᠡᠨ ᠠᠬᠢᠭᠤᠯᠤᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠤᠨ᠎ᠠ᠃       ᠡᠯ᠎ᠡ ᠭᠠᠵᠠᠷ ᠡᠯ᠎ᠡ ᠰᠠᠯᠠᠭ᠎ᠠ ᠮᠥᠴᠢᠷ 《ᠮᠢᠩᠭᠠᠨ ᠳᠤᠰᠬᠤᠨ ᠪᠠᠷ ᠵᠢᠱᠢᠶ᠎ᠡ ᠦᠵᠡᠭᠦᠯᠵᠤ᠂ ᠲᠦᠮᠡᠨ ᠳᠤᠰᠬᠤᠨ  ᠢ ᠴᠡᠭᠴᠡᠯᠡᠨ ᠵᠠᠰᠠᠬᠤ 》ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠳᠤ 5 ᠵᠢᠱᠢᠶ᠎ᠡ ᠦᠵᠡᠭᠦᠯᠬᠦ ᠰᠢᠶᠠᠩ ᠪᠠᠯᠭᠠᠰᠤ᠂ 35 ᠵᠢᠱᠢᠶ᠎ᠡ ᠦᠵᠡᠭᠦᠯᠬᠦ ᠲᠣᠰᠬᠤᠨ ᠢ ᠪᠣᠢ ᠪᠣᠯᠭᠠᠨ᠎ᠠ᠃ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠬᠠᠷᠢᠴᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠳᠤ ᠲᠠᠰᠤᠷᠠᠯᠲᠠ ᠦᠭᠡᠢ ᠮᠥᠨ ᠴᠢᠨᠠᠷ ᠤᠨ ᠠᠬᠢᠴᠠ ᠲᠠᠢ ᠪᠣᠯᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠩ ᠣᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃       ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠯᠢ ᠨᠢᠩ   ᠷᠧᠨ  ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2