ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠬᠤᠶᠠᠷ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2023 ᠤᠨ ᠤ 2 ᠰᠠᠷ᠎ᠠ ᠶᠢᠨ 2 ᠤ ᠡᠳᠦᠷ ᠤᠨ ᠲᠦᠷᠪᠡᠳ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ | ᠲᠦᠷᠪᠡᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠰᠦᠯᠳᠠ | | | | ᠲᠥᠯᠥᠭᠡᠯᠡᠭᠴᠢᠳ ᠡ᠄ | | | | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠣᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ | ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠥᠬᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠦ᠂ ᠰᠡᠳᠬᠢᠯ ᠨᠢᠭᠡᠳᠦᠨ | ᠬᠦᠴᠦ ᠪᠠᠨ ᠬᠠᠮᠳᠤᠳᠬᠠᠨ᠂ ᠬᠦᠴᠢᠷ ᠢ ᠰᠦᠷᠦᠨ ᠤᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠲᠣᠭᠲᠠᠭᠤᠨ ᠤ | ᠳᠤᠮᠳᠠ ᠬᠦᠭᠵᠢᠨ᠂ ᠡᠯ᠎ᠡ ᠲᠥᠷᠥᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠪᠠ᠃ | 2022 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 71.8 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 2.8% ᠪᠠᠷ ᠦᠰᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ | ᠤᠨ ᠬᠤᠷᠳᠤᠴᠠ 66.2 % ᠲᠤ ᠬᠦᠷᠴᠦ᠂ ᠪᠦᠬᠦ ᠬᠤᠲᠠ ᠶᠢᠨ ᠲᠡᠷᠢᠭᠦᠨ ᠳᠤ ᠣᠷᠣᠪᠠ︔ ᠡᠩ ᠤᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 2.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 22% ᠢᠶᠠᠷ ᠦᠰᠴᠦ᠂ ᠪᠦᠬᠦ ᠬᠤᠳᠠ ᠶᠢᠨ ᠭᠤᠷᠪᠠᠳᠤᠭᠠᠷ ᠲᠤ ᠤᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 14.2 ᠳ᠋ᠦᠩᠰᠢᠭᠤᠷ ᠲᠦᠬᠦᠷᠢᠭ ᠪᠠᠶᠠᠯᠡᠬᠦᠯᠵᠦ᠂ ᠨᠢᠳᠤᠨᠤᠨ ᠤ ᠬᠢ ᠠᠴᠠ | ᠵᠠᠭᠤᠨ ᠤ 11.6 ᠴᠡᠭ ᠦᠰᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠬᠡᠮᠵᠢᠶ᠎ᠡ 17.02 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠲᠦᠷᠪᠡᠳᠦᠬᠡᠷ ᠲᠤ ᠤᠷᠤᠪᠠ︔ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠣᠯᠭ᠎ᠠ ᠲᠤᠰᠪᠤᠷᠢ 34811 ᠲᠥᠭᠦᠷᠢᠭ᠂ 15657 | ᠲᠥᠭᠦᠷᠢᠭ ᠲᠤ ᠬᠦᠷᠴᠦ᠂ ᠲᠤᠰ ᠲᠤᠰ 3.7 % ᠪᠠ 8.1% ᠪᠠᠷ ᠦᠰᠪᠡ᠃ ᠡᠨᠧᠷᠭᠢ ᠠᠷᠪᠢᠯᠠᠨ ᠪᠣᠬᠢᠷᠲᠤᠯ ᠢ | ᠪᠠᠭᠠᠰᠬᠠᠬᠤ ᠪᠠ ᠣᠷᠴᠢᠨ ᠠᠬᠤᠢ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠨᠢ ᠴᠥᠮ ᠬᠢᠵᠠᠭᠠᠷᠯᠠᠬᠤ ᠬᠠᠷᠠᠯᠲᠠ ᠶᠢᠨ | ᠳᠣᠲᠣᠷ᠎ᠠ ᠪᠠᠶᠢᠨ᠎ᠠ᠃ ᠵᠢᠯ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠨ᠂ ᠠᠵᠤ | ᠠᠬᠤᠢ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠢ ᠯᠠᠪᠳᠠᠭᠤᠨ ᠢᠶᠠᠷ ᠠᠬᠢᠭᠤᠯᠪᠠ᠃ ᠲᠠᠷᠢᠮᠠᠯ ᠤᠨ ᠦᠢᠯᠡᠰ | ᠲᠣᠭᠲᠠᠭᠤᠨ ᠤ ᠳᠤᠮᠳᠠ ᠬᠦᠭᠵᠢᠵᠦ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠶ ᠲᠠᠯᠠᠪᠠᠶ 132.5 ᠲᠦᠮᠡᠨ ᠮᠥ ᠳᠤ | ᠬᠦᠷᠴᠦ᠂ ᠤᠨᠠᠯᠲᠠ ᠨᠢ 4.5 ᠳ᠋ᠦᠩᠰᠢᠭᠤᠷ ᠵᠢᠩ ᠳᠤ ᠬᠦᠷᠴᠦ᠂ 3.8 ᠲᠦᠮᠡᠨ ᠮᠥ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠵᠦᠩ ᠵᠢᠶᠠ 7 | ᠨᠤᠮᠧᠷᠳᠦ᠂ ᠰᠢᠨ ᠢᠦᠶ 1 ᠨᠤᠮᠧᠷᠳᠦ ᠵᠡᠷᠭᠡ 4 ᠲᠦᠮᠦᠰᠦᠨ ᠤ ᠰᠢᠨ᠎ᠡ ᠲᠥᠷᠥᠯ ᠵᠤᠶᠢᠯ ᠢ 12 ᠲᠦᠮᠡᠨ ᠮᠥ | ᠲᠦᠬᠡᠮᠡᠯᠵᠢᠬᠦᠯᠦᠨ ᠲᠠᠷᠢᠪᠠ᠃ ᠪᠥᠬᠦ ᠬᠤᠲᠠ ᠶᠢᠨ ᠨᠣᠬᠠᠶ ᠶᠢᠨ ᠬᠤᠰᠢᠭᠤ ᠶᠢᠨ ᠠᠵᠤ ᠦᠢᠯᠡᠰ ᠢ ᠲᠡᠰ ᠲᠡᠪᠰᠢᠬᠦᠯᠬᠦ ᠪᠠ | ᠬᠦᠬᠡ ᠨᠣᠭᠤᠭ᠎ᠠ ᠶᠢ ᠪᠡᠭᠡᠵᠢᠩ ᠳᠤ ᠲᠡᠬᠡᠬᠡᠪᠦᠷᠢᠯᠡᠬᠦ ᠠᠵᠢᠯᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ 20 ᠲᠦᠮᠡᠨ | ᠮᠥ ᠨᠣᠬᠠᠶ ᠶᠢᠨ ᠬᠤᠰᠢᠭᠤ᠂ 4.2 ᠲᠦᠮᠡᠨ ᠮᠥ ᠯᠠᠩᠭᠤᠸᠠ ᠳᠠᠷᠢᠪᠠ᠃ ᠮᠠᠯ ᠠᠵᠤ ᠠᠬᠤᠢ ᠢᠯᠡᠳᠲᠡ ᠦᠷ᠎ᠡ ᠪᠦᠲᠦᠮᠵᠢ | ᠣᠯᠵᠤ᠂ ᠮᠠᠯ ᠤᠨ ᠭᠠᠷᠭᠠᠯᠳᠠ 146 ᠲᠦᠮᠡᠨ ᠲᠤᠯᠤᠭᠠᠢ ᠳᠤ ᠬᠦᠷᠴᠦ᠂ ᠮᠢᠬᠠᠨ ᠤ ᠭᠠᠷᠤᠯᠲᠠ 3.8 ᠲᠦᠮᠡᠨ ᠲᠣᠨ ᠳᠤ | ᠬᠦᠷᠪᠡ᠃ ᠢᠳᠡᠰᠢᠨ ᠬᠤᠨᠢ ᠪᠣᠷᠳᠣᠨ ᠲᠠᠷᠭᠤᠯᠠᠭᠤᠯᠬᠤ ᠡᠷᠴᠢᠮ ᠢ ᠲᠠᠰᠤᠷᠠᠯᠲᠠ ᠤᠢᠭᠡᠢ ᠨᠡᠮᠡᠭᠳᠡᠭᠦᠯᠵᠦ᠂ 20 ᠲᠦᠮᠡᠨ | ᠲᠤᠯᠤᠭᠠᠢ ᠶᠢᠨ ᠬᠡᠪᠴᠢᠶ᠎ᠠ ᠪᠦᠬᠦᠢ ᠪᠣᠷᠳᠣᠨ ᠲᠠᠷᠭᠤᠯᠠᠭᠤᠯᠬᠤ ᠲᠠᠯᠠᠪᠠᠶ 1 ᠶᠢ ᠪᠠᠶᠢᠭᠤᠯᠤᠨ᠂ 10 ᠲᠦᠮᠡᠨ ᠲᠤᠯᠤᠭᠠᠢ | ᠵᠢᠴᠢ ᠲᠡᠭᠦᠨ ᠠᠴᠠ ᠳᠣᠷᠣᠭᠰᠢᠬᠢ ᠬᠡᠪᠴᠢᠶ᠎ᠠ ᠲᠠᠢ ᠪᠣᠷᠳᠣᠨ ᠲᠠᠷᠭᠤᠯᠠᠭᠤᠯᠬᠤ ᠲᠠᠯᠠᠪᠠᠶ 6 ᠶᠢ ᠪᠠᠶᠢᠭᠤᠯᠵᠤ᠂ ᠵᠢᠯ ᠤᠨ | ᠪᠣᠷᠳᠣᠨ ᠲᠠᠷᠭᠤᠯᠠᠭᠤᠯᠬᠤ ᠴᠢᠳᠠᠪᠤᠷᠢ ᠶᠢ 50 ᠲᠦᠮᠡᠨ ᠲᠣᠯᠣᠭᠠᠶ ᠳᠤ ᠬᠦᠷᠦᠭᠦᠯᠵᠦ᠂ ᠳᠥᠷᠪᠡᠨ ᠤᠯᠠᠷᠢᠯ ᠳᠤ | ᠲᠡᠩᠴᠡᠭᠦᠷᠢᠲᠡᠶ ᠪᠣᠷᠣᠯᠠᠭᠤᠯᠬᠤ ᠶᠢ ᠪᠠᠶᠠᠯᠡᠬᠦᠯᠪᠠ᠃ ᠳ᠋ᠦ᠋ ᠮᠧᠩ ᠬᠤᠨᠢᠨ ᠤ ᠦᠷᠡᠵᠢᠯᠲᠡ ᠶᠢ ᠬᠦᠴᠦᠯᠡᠨ ᠠᠬᠢᠭᠤᠯᠵᠤ᠂ | ᠡᠭᠦᠯᠳᠡᠷ ᠪᠤᠶᠢᠵᠢᠭᠤᠯᠬᠤ ᠬᠤᠯᠪᠣᠭᠠᠲᠤ ᠴᠣᠭᠴᠠ ᠨᠢ ᠪᠥᠬᠦ ᠵᠢᠯ ᠳᠤ 10725 ᠡᠮ᠎ᠡ ᠬᠤᠨᠢ᠂ 3467 ᠬᠤᠴᠠ ᠶᠢᠨ | ᠡᠬᠦᠯᠳᠡᠷ ᠰᠠᠶᠢᠵᠢᠷᠠᠭᠤᠯᠵᠦ᠂ ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 40% ᠳᠤ ᠬᠥᠷᠪᠡ᠃ | ᠲᠠᠪᠤᠨ ᠬᠠᠨ ᠭᠤᠤᠯ᠂ ᠲᠢᠶᠠᠨ ᠭᠠᠨ ᠾᠧ ᠭᠤᠤᠯ ᠰᠠᠪᠠ ᠭᠠᠵᠠᠷ ᠤᠨ ᠡᠯᠪᠡᠭ ᠪᠠᠶᠠᠯᠢᠭ ᠡᠪᠡᠰᠦ ᠪᠣᠷᠳᠣᠭᠠᠨ ᠤ ᠡᠬᠢ | ᠪᠠᠶᠠᠯᠢᠭ ᠲᠤ ᠲᠦᠰᠢᠭᠯᠡᠨ ᠪᠥᠬᠦ ᠲᠣᠰᠬᠤᠨ ᠤ ᠢᠳᠡᠰᠢᠨ ᠦᠬᠡᠷ ᠤᠨ ᠠᠵᠤ ᠦᠢᠯᠡᠰ ᠢ ᠠᠬᠢᠭᠤᠯᠵᠤ᠂ ᠠᠩᠭᠢᠰ ᠦᠬᠡᠷ ᠢ | ᠬᠡᠪᠴᠢᠶᠠᠵᠢᠬᠦᠯᠦᠨ ᠲᠡᠵᠢᠬᠡᠬᠦ 5 ᠲᠣᠭᠤᠷᠢᠭ ᠢ ᠪᠠᠶᠢᠭᠤᠯᠵᠤ᠂ ᠢᠳᠡᠰᠢᠨ ᠦᠬᠡᠷ ᠤᠨ ᠲᠤᠭ᠎ᠠ 7 ᠲᠦᠮᠡ ᠳᠤ ᠬᠥᠷᠪᠡ᠃ | ᠦᠷ᠎ᠡ ᠶᠢᠨ ᠦᠢᠯᠡᠰ ᠤᠨ ᠰᠢᠨᠵᠢᠯᠡᠭᠡ ᠮᠡᠷᠭᠡᠵᠢᠯ ᠲᠠᠰᠤᠷᠠᠯᠲᠠ ᠥᠬᠡᠶ ᠰᠢᠪᠲᠤᠯᠤᠯᠲᠠ ᠶᠢ ᠤᠯᠵᠦ᠂ ᠲᠥᠮᠥᠰᠥ ᠶᠢᠨ | ᠪᠡᠶ᠎ᠡ ᠪᠠᠨ ᠳᠠᠭᠠᠭᠠᠭᠰᠠᠨ 5 ᠰᠢᠨ᠎ᠡ ᠲᠦᠷᠦᠯ ᠨᠢ ᠤᠯᠤᠰ ᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ | ᠳᠡᠩᠰᠡᠯᠡᠯᠲᠡ ᠶᠢ ᠳᠡᠮᠵᠢᠨ᠂ ᠪᠥᠬᠦ ᠣᠷᠣᠨ ᠤ ᠴᠠᠷᠳᠠᠭᠤᠯ ᠤᠨ ᠠᠭᠤᠯᠤᠭᠳᠠᠴᠠ ᠪᠠᠷ ᠬᠠᠮᠤᠭ ᠤᠨ ᠥᠨᠳᠥᠷ ᠲᠥᠮᠥᠰᠥ ᠶᠢᠨ | 2 ᠡᠭᠦᠯᠳᠡᠷ ᠢ ᠰᠣᠩᠭᠤᠨ ᠪᠤᠶᠢᠵᠢᠭᠤᠯᠪᠠ᠃ ᠰᠠᠢ ᠨᠥᠸᠧ ᠺᠣᠮᠫᠠᠨᠢ ᠤᠯᠤᠰ ᠤᠨ ᠦᠷ᠎ᠡ ᠶᠢᠨ ᠦᠢᠯᠡᠰ ᠤᠨ ᠠᠵᠤ | ᠠᠬᠤᠶᠢᠯᠠᠯ ᠢᠶᠠᠷ ᠰᠣᠩᠭᠤᠭᠳᠠᠵᠤ᠂ 2022 - 2035 ᠣᠨ ᠤ ᠤᠯᠤᠰ ᠤᠨ ᠤᠳᠤᠮᠯᠠᠯ ᠢ ᠰᠠᠶᠢᠵᠢᠷᠠᠭᠤᠯᠬᠤ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ ᠲᠦᠷᠦᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ︽ᠳ᠋ᠦ᠋ ᠮᠧᠩ | ᠬᠤᠨᠢ︾ ᠨᠢ ᠤᠯᠤᠰ ᠤᠨ ᠰᠢᠨ᠎ᠡ ᠡᠭᠦᠯᠳᠡᠷ ᠤᠨ ᠲᠦᠷᠦᠯ ᠵᠤᠶᠢᠯ ᠢᠶᠠᠷ ᠮᠠᠭᠠᠳᠯᠠᠨ ᠲᠤᠭᠳᠠᠭᠠᠭᠳᠠᠵᠦ᠂ ᠪᠥᠬᠦ ᠬᠤᠲᠠ ᠶᠢᠨ | ᠢᠳᠡᠰᠢᠨ ᠬᠤᠨᠢᠨ ᠤ ᠥᠪᠡᠷ ᠤᠨ ᠡᠭᠦᠯᠳᠡᠷ ᠪᠠᠶᠢᠬᠤ ᠥᠬᠡᠶ ᠪᠠᠶᠢᠳᠠᠯ ᠳᠤ ᠰᠢᠪᠲᠤᠯᠤᠯᠲᠠ ᠭᠠᠷᠭᠠᠪᠠ᠃ ᠵᠦᠩ ᠵᠢᠶᠠ᠂ ᠰᠠᠢ | ᠨᠦᠸᠧ ᠵᠡᠷᠬᠡ ᠲᠦᠷᠦᠯ ᠤᠳ ᠨᠢ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠢᠨᠵᠧᠨᠧᠷᠢᠩ ᠤᠨ ᠲᠦᠷᠦᠯ | ᠵᠦᠢᠯ ᠢᠶᠠᠷ ᠠᠮᠵᠢᠯᠳᠠ ᠲᠠᠢ ᠵᠢᠭᠰᠠᠭᠳᠠᠨ ᠨᠡᠷᠡᠯᠡᠭᠳᠡᠵᠦ᠂ ᠪᠦᠬᠦ ᠣᠷᠣᠨ ᠤ ᠴᠤᠷ ᠤᠨ ᠭᠠᠭᠴᠠ ᠬᠤᠶᠠᠷ ᠠᠵᠤ ᠠᠬᠤᠶᠢᠯᠠᠯ | ᠵᠡᠷᠭᠡᠪᠡᠷ ᠵᠢᠭᠰᠠᠭᠠᠯᠲᠠ ᠳᠤ ᠤᠷᠤᠭᠰᠠᠨ ᠬᠤᠰᠢᠭᠤ ᠰᠢᠶᠠᠨ ᠪᠤᠯᠪᠠ᠃ ᠨᠡᠷᠡᠲᠦ ᠲᠡᠮᠳᠡᠭᠲᠦ ᠶᠢᠨ ᠦᠷ᠎ᠡ ᠠᠰᠢᠭ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ 6 ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠵᠦ᠂ ᠪᠣᠬᠢᠷᠲᠤᠯ ᠦᠭᠡᠢ | ᠢᠳᠡᠭᠡᠨ ᠪᠠ ᠣᠷᠭᠠᠨᠢᠭ ᠪᠦᠲᠦᠭᠡᠭᠳᠡᠬᠦᠨ ᠢ 31 ᠳᠤ ᠬᠦᠷᠬᠡᠪᠡ᠃ ︽ᠤᠯᠠᠭᠠᠨ ᠬᠠᠯᠢᠰᠤᠳᠦ ᠪᠣᠭᠤᠳᠠᠶ ᠶᠢᠨ ᠭᠤᠯᠢᠷ︾᠂ | ︽ᠳ᠋ᠦ᠋ ᠮᠧᠩ ᠬᠤᠨᠢᠨ ᠮᠢᠬ᠎ᠠ︾ ᠪᠠ ︽ᠭᠤᠪᠢ ᠶᠢᠨ ᠬᠤᠨᠢᠨ ᠮᠢᠬ᠎ᠠ︾ ᠨᠢ ᠥᠪᠡᠷᠲᠡᠭᠡᠨ ᠵᠠᠰᠠᠬᠤ ᠣᠷᠣᠨ ᠤ ᠨᠠᠷᠠᠲᠤ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠣᠯᠵᠤ᠂ ᠵᠥᠩ ᠵᠢᠶᠠ᠂ ᠰᠢᠨ ᠢᠦᠶ᠂ ᠵᠢᠩ | ᠰᠢᠨ᠂ ᠰᠠᠶ ᠨᠥᠸᠧ ᠵᠡᠷᠭᠡ 4 ᠠᠵᠤ ᠠᠬᠤᠶᠢᠯᠠᠯ ᠨᠢ ︽ᠦᠨᠤᠷ ᠠᠮᠳᠠᠳᠦ ᠤᠯᠠᠭᠠᠨᠴᠠᠪ︾ ᠤᠨ ᠨᠠᠷᠠᠲᠤ ᠲᠡᠮᠳᠡᠭ ᠤᠨ ᠡᠷᠬᠡ | ᠣᠯᠭᠤᠯᠲᠠ ᠶᠢ ᠭᠥᠷᠳᠡᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ᠂ ᠰᠢᠨ᠎ᠡ ᠠᠵᠤ | ᠠᠬᠤᠢ ᠶᠢᠨ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠦᠷᠬᠡᠳᠬᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ | 24 ᠪᠣᠯᠪᠠ᠃ ᠪᠥᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠲᠠᠩ ᠭᠠᠭᠴᠠ ᠬᠠᠭᠤᠷᠠᠶ ᠳᠡᠭᠡᠷᠡᠬᠢ ᠰᠠᠯᠬᠢᠨ | ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠤᠯᠤᠰ ᠤᠨ ᠴᠠᠬᠢᠯᠭᠠᠨ ᠤ ᠪᠠᠯᠠ ᠣᠷᠣᠭᠤᠯᠤᠯᠲᠠ ᠶᠢᠨ 600 ᠲᠦᠮᠡᠨ | ᠺᠢᠯᠤᠸᠠᠲ ᠤᠨ ᠵᠢᠱᠢᠶ᠎ᠡ ᠦᠵᠡᠭᠦᠯᠬᠦ ᠲᠥᠷᠥᠯ ᠵᠤᠶᠢᠯ ᠳᠤ ᠨᠡᠶᠢᠲᠡ 16.5 ᠳ᠋ᠦᠩᠰᠢᠭᠤᠷ ᠲᠥᠭᠦᠷᠢᠭ ᠤᠨ ᠪᠠᠯᠠ | ᠤᠷᠤᠭᠤᠯᠤᠨ᠂ ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠬᠦᠬᠡᠮᠦ᠋ᠷᠡᠨ ᠤ ᠭᠤᠷᠪᠠᠨ ᠬᠠᠪᠴᠢᠯ ᠤᠨ ︽ | ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠥᠭᠡᠴᠡ︾ ᠶᠢᠨ ᠵᠢᠱᠢᠶ᠎ᠡ ᠦᠵᠡᠭᠦᠯᠬᠦ ᠲᠥᠷᠥᠯ ᠵᠤᠶᠢᠯ ᠳᠤ 43.5 | ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠦ᠂ 50 ᠲᠦᠮᠡᠨ ᠺᠢᠯᠤᠸᠠᠲ ᠤᠨ ᠦᠢᠯᠡᠳᠪᠦᠷᠢᠯᠡᠬᠦ ᠴᠢᠳᠠᠪᠤᠷᠢ ᠶᠢ | ᠰᠢᠨ᠎ᠡ ᠪᠠᠷ ᠨᠡᠮᠡᠭᠳᠡᠭᠦᠯᠵᠦ᠂ ᠴᠡᠪᠡᠷ ᠡᠨᠧᠷᠭᠢ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃ ᠶᠦᠩ ᠾᠧ | ᠹᠯᠤᠷᠳᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠪᠠᠷ ᠨᠡᠮᠡᠭᠳᠡᠭᠦᠯᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ | ᠵᠦᠢᠯ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠨ᠂ ᠳᠥᠷᠪᠡᠨ ᠹᠯᠣᠷᠲᠤ ᠡᠲ᠋ᠧᠨ᠂ ᠵᠢᠷᠭᠤᠭᠠᠨ ᠹᠯᠣᠷᠲᠤ ᠫᠷᠣᠫᠧᠨ ᠵᠡᠷᠭᠡ | ᠰᠢᠨ᠎ᠡ ᠦᠢᠯᠡᠳᠬᠦᠨ ᠢ ᠠᠰᠢᠭᠯᠠᠯᠳᠠ ᠳᠤ ᠣᠷᠣᠭᠤᠯᠵᠤ᠂ ᠣᠯᠠᠨ ᠤᠯᠤᠰ ᠤᠨ ᠬᠢᠮᠢ ᠶᠢᠨ ᠵᠡᠪᠰᠡᠭ ᠢ ᠴᠠᠭᠠᠵᠠᠯᠠᠬᠤ ᠵᠣᠬᠢᠶᠠᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠲᠤᠭᠤᠷᠢᠨ ᠪᠠᠶᠢᠴᠠᠭᠠᠯᠳᠠ ᠶᠢ ᠠᠮᠵᠢᠯᠳᠠ ᠲᠠᠢ ᠦᠩᠭᠡᠷᠡᠪᠡ᠃ 100 | ᠲᠦᠮᠡᠨ ᠢᠳᠡᠰᠢᠨ ᠬᠤᠨᠢ 2 ᠲᠦᠮᠡᠨ ᠢᠳᠡᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠤᠶᠢᠯ ᠪᠠ ᠢ ᠮᠢᠩ | ᠲᠥᠮᠥᠰᠥ ᠶᠢᠨ ᠵᠢᠯ ᠳᠤ ᠨᠠᠷᠢᠯᠢᠭ ᠴᠠᠷᠳᠠᠭᠤᠯ 1 ᠲᠦᠮᠡᠨ ᠲᠣᠨ᠂ ᠤᠭᠤᠷᠠᠭ 900 ᠲᠣᠨ ᠦᠢᠯᠡᠳᠪᠦᠷᠢᠯᠡᠬᠦ ᠲᠥᠷᠥᠯ | ᠵᠤᠶᠢᠯ ᠢ ᠲᠤᠷᠰᠢᠨ ᠤᠶᠢᠯᠡᠳᠪᠦᠷᠢᠯᠡᠯ ᠳᠤ ᠣᠷᠣᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠦᠷᠬᠡᠳᠬᠡᠪᠡ᠃ | ᠦᠢᠯᠡᠴᠢᠯᠡᠭᠡᠨ ᠤ ᠦᠢᠯᠡᠰ ᠢ ᠤᠯᠠᠨ ᠡᠰᠢᠵᠢᠬᠦᠯᠦᠨ ᠬᠦᠭᠵᠢᠬᠦᠯᠪᠡ᠃ ︽ᠦᠵᠡᠰᠬᠦᠯᠡᠩᠲᠦ ᠰᠠᠶᠢᠬᠠᠨ ᠳᠥᠷᠪᠡᠳ᠂ | ᠣᠷᠣᠨ ᠤ ᠲᠥᠪ ᠤᠨ ᠠᠷᠤ ᠴᠡᠴᠡᠷᠯᠢᠭ︾ ᠬᠡᠬᠦ ᠵᠢᠭᠤᠯᠴᠢᠯᠠᠯ ᠤᠨ ᠨᠡᠷᠡᠲᠦ ᠲᠡᠮᠳᠡᠭ ᠢ ᠪᠦᠬᠦ ᠬᠦᠴᠦᠨ ᠢᠶᠠᠷ ᠡᠭᠦᠳᠴᠦ᠂ | ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠪᠠ ᠵᠢᠭᠤᠯᠴᠢᠯᠠᠯ ᠤᠨ ᠦᠢᠯᠡᠳᠬᠦᠨ ᠤ ᠲᠣᠭᠲᠠᠯᠴᠠᠭ᠎ᠠ ᠶᠢ ᠲᠠᠰᠤᠷᠠᠯᠲᠠ | ᠦᠭᠡᠢ ᠲᠡᠬᠦᠯᠳᠡᠷᠵᠢᠬᠦᠯᠪᠠ᠃ ᠨᠤᠮᠤᠭᠠᠨ ᠠᠭᠤᠯᠠ ᠶᠢᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠰᠠᠭᠤᠷᠢ | ᠲᠠᠯᠪᠢᠨ ᠡᠬᠢᠯᠡᠬᠦᠯᠵᠦ᠂ ᠤᠯᠤᠰ ᠤᠨ ᠭᠠᠵᠠᠷ ᠰᠢᠨᠵᠢᠯᠡᠭᠡᠨ ᠤ ᠬᠦᠷᠢᠶᠠᠯᠠᠩ ᠤᠨ ᠮᠦᠽᠧᠢ ᠶᠢᠨ ᠨᠡᠬᠡᠬᠡᠯᠳᠡ ᠬᠢᠬᠦ ᠨᠥᠬᠦᠴᠡᠯ ᠢ | ᠪᠦᠷᠢᠯᠳᠦᠭᠦᠯᠪᠡ᠃ ᠠᠷᠠᠳ ᠤᠨ ᠬᠤᠨᠤᠭ ᠪᠠᠭᠤᠴᠠ ᠶᠢᠨ ᠲᠡᠰ ᠳᠡᠪᠰᠢᠬᠦ ᠶᠢ ᠯᠠᠪᠳᠠᠭᠤᠨ ᠠᠬᠢᠭᠤᠯᠵᠤ᠂ ᠳᠣᠷᠵᠢ ᠮᠠᠯᠵᠢᠬᠤ | ᠡᠷᠦᠬᠡ ᠵᠡᠷᠭᠡ 6 ᠬᠤᠨᠤᠭ ᠪᠠᠭᠤᠴᠠ ᠶᠢᠨ ᠥᠭᠡᠷᠡᠴᠢᠯᠡᠯᠲᠡ ᠶᠢ ᠪᠡᠶᠡᠯᠡᠬᠦᠯᠪᠠ᠃ ᠵᠢᠭᠤᠯᠴᠢᠯᠠᠯ ᠤᠨ ᠵᠠᠮ ᠱᠤᠭᠤᠮ | ᠳᠠᠭᠠᠤ ᠶᠢᠨ ᠠᠮᠢ ᠠᠬᠤᠶ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ G209 ᠶᠢᠨ ᠲᠧᠦ ᠬᠤᠤ ᠠᠴᠠ | ᠤᠯᠠᠭᠠᠨᠬᠤᠸᠠ ᠪᠠᠯᠭᠠᠰᠤ ᠬᠥᠷᠬᠦ ᠬᠡᠰᠡᠭ ᠤᠨ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠪᠡ᠃ ᠪᠦᠬᠦ | ᠵᠢᠯ ᠳᠤ 90 ᠲᠦᠮᠡ ᠭᠠᠷᠤᠢ ᠵᠢᠭᠤᠯᠴᠢᠯᠠᠭᠰᠠᠳ ᠢ ᠬᠦᠯᠢᠶᠡᠨ ᠵᠤᠴᠢᠯᠠᠵᠦ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 8.6 | ᠳ᠋ᠦᠩᠰᠢᠭᠤᠷ ᠲᠥᠭᠦᠷᠢᠭ ᠲᠤ ᠬᠦᠷᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ | ᠦᠢᠯᠡᠴᠢᠯᠡᠬᠡᠨ ᠤ ᠲᠥᠪ ᠨᠢ ᠨᠡᠶᠢᠲᠡ 94 ᠠᠵᠤ ᠠᠬᠤᠶᠢᠯᠠᠯ ᠳᠤ ᠣᠷᠣᠵᠤ ᠰᠠᠭᠤᠨ᠂ 486 ᠲᠦᠮᠡᠨ ᠬᠤᠪᠢ ᠲᠦᠷᠭᠡᠨ | ᠭᠤᠪᠢᠭᠤᠯᠭ᠎ᠠ ᠶᠢ ᠭᠥᠯᠢᠶᠡᠨ ᠠᠪᠴᠤ ᠲᠠᠷᠬᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 7. | 9 ᠳ᠋ᠦᠩᠰᠢᠭᠤᠷ ᠲᠥᠭᠦᠷᠢᠭ ᠲᠤ ᠬᠥᠷᠪᠡ᠃ ᠭᠠᠳᠠᠭᠠᠳᠤ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ 5000 ᠲᠦᠮᠡᠨ | ᠳ᠋ᠣᠯᠯᠠᠷ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠪᠡ᠃ | ᠵᠢᠯ ᠲᠤᠷᠰᠢ᠂ ᠪᠢᠳᠡ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠡᠷᠭᠡᠶᠢᠯᠡᠨ ᠵᠠᠰᠠᠬᠤ ᠶᠢ ᠠᠳᠬᠤᠵᠤ᠂ ᠠᠮᠢ | ᠠᠬᠤᠢ ᠣᠷᠴᠢᠨ ᠲᠣᠭᠤᠷᠢᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠭᠰᠠᠨ ᠣᠯᠠᠨ | ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠬᠤᠰᠢᠭᠤ | ᠰᠢᠶᠠᠨ ᠤ ᠬᠡᠪᠴᠢᠶᠡᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠵᠤ ᠬᠢᠨᠠᠨ ᠬᠡᠮᠵᠢᠬᠦ ᠠᠵᠢᠯ ᠤᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠪᠦᠬᠦ ᠬᠤᠲᠠ ᠶᠢᠨ ᠨᠢᠭᠡᠳᠦᠭᠡᠷ ᠲᠤ | ᠣᠷᠣᠪᠠ᠃ ᠨᠡᠭᠦᠷᠡᠰᠦ ᠶᠢ ᠰᠤᠯᠠ ᠰᠢᠳᠠᠭᠠᠬᠤ ᠶᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠰᠢ | ᠰᠦᠷᠡᠯ ᠰᠢᠲᠠᠭᠠᠬᠤ ᠶᠢ ᠴᠠᠭᠠᠵᠠᠯᠠᠬᠤ ᠪᠠ ᠬᠤᠭ ᠲᠣᠭᠤᠰᠣ ᠶᠢ ᠴᠠᠪᠡᠷᠯᠡᠨ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠳᠬᠠᠵᠤ᠂ ᠠᠭᠠᠷ ᠤᠨ ᠴᠡᠪᠡᠷᠴᠠ ᠶᠢᠨ ᠨᠣᠷᠮ᠎ᠠ 94.7% ᠳᠤ ᠬᠦᠷᠪᠡ᠃ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢ ᠯᠠᠪᠳᠠᠭᠤᠨ ᠠᠬᠢᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠪᠢᠲᠡᠭᠦᠮᠵᠢᠯᠡᠬᠦ | ᠢᠨᠵᠧᠨᠧᠷᠢᠩ ᠢ ᠪᠠᠶᠡᠯᠡᠬᠦᠯᠵᠦ᠂ ᠰᠠᠭᠤᠭᠠᠯᠢ ᠠᠷᠠᠳ ᠤᠨ ᠤᠰᠦ ᠤᠮᠳᠠ ᠶᠢᠨ ᠠᠮᠤᠷ ᠲᠦᠪᠰᠢᠨ ᠢ ᠪᠠᠳᠤᠯᠠᠪᠠ᠃ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠦᠨ᠂ | ᠤᠰᠤᠯᠠᠯᠲᠠ ᠶᠢᠨ ᠮᠠᠰᠢᠨ ᠬᠤᠳᠳᠤᠭ ᠤᠨ ᠣᠶᠤᠨᠴᠢ ᠬᠡᠮᠵᠢᠯᠲᠡ ᠶᠢᠨ ᠪᠡᠯᠡᠳᠬᠡᠮᠵᠢ ᠶᠢ 4016 ᠢᠵᠢ ᠤᠭᠰᠠᠷᠠᠵᠤ᠂ | ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ | ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 150 ᠲᠦᠮᠡᠨ ᠮᠥ | ᠨᠤᠲᠤᠭ ᠪᠡᠯᠴᠢᠭᠡᠷ ᠤᠨ ᠳᠠᠭᠠᠳᠬᠠᠯ᠂ 1 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠬᠦᠬᠡᠯᠳᠠ ᠪᠠ | 6419 ᠮᠥ ᠡᠵᠡᠭᠦᠶ ᠨᠦᠬᠡ ᠶᠢ ᠵᠠᠰᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ 29.7% ᠳᠤ ᠬᠥᠷᠪᠡ᠃ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠬᠦᠳᠡᠯᠬᠡᠬᠡᠨ ᠢ ᠭᠦᠨᠵᠡᠭᠡᠶ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠦᠬᠦᠨ ᠢ ᠲᠣᠭᠲᠠᠭᠰᠠᠨ | ᠬᠤᠭᠤᠴᠠᠭᠠᠨ ᠳᠤ ᠪᠡᠶᠡᠯᠡᠬᠦᠯᠪᠠ᠃ ᠪᠤᠶᠢᠨ ᠰᠦᠮ᠎ᠡ ᠶᠢᠨ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ 0.9 ᠲᠡᠭᠰᠢ ᠳᠥᠷᠪᠡᠯᠵᠢᠨ ᠺᠢᠯᠤᠮᠧᠲᠷ ᠤᠨ | ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠵᠦ᠂ ᠮᠡᠳᠡᠭᠳᠡᠮ᠎ᠡ ᠦᠷ᠎ᠡ ᠪᠦᠲᠦᠮᠵᠢ ᠣᠯᠪᠠ᠃ ᠮᠠᠯ ᠵᠢᠭᠦᠷᠲᠡᠨ ᠤ | ᠢᠯᠭᠠᠳᠠᠰᠦ ᠶᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠲᠠᠷᠢᠶᠠᠯᠠᠩ ᠤᠨ ᠬᠠᠶᠠᠭᠳᠠᠮᠠᠯ ᠰᠦᠯᠢᠶᠣᠣ ᠪᠦᠷᠬᠦᠪᠴᠢ ᠶᠢ ᠡᠭᠡᠭᠦᠯᠦᠨ | ᠬᠤᠷᠢᠶᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠣᠰ ᠲᠣᠰ 90%᠂ 80%᠂ | 85% ᠳᠤ ᠬᠦᠷᠬᠡᠵᠦ᠂ ᠲᠠᠷᠢᠶᠠᠯᠠᠩ ᠤᠨ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ | ᠵᠢᠯ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠴᠢᠬᠤᠯᠠ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠦᠷ᠎ᠡ ᠪᠦᠳᠦᠮᠵᠢ ᠶᠢ ᠪᠠᠬᠢᠵᠢᠬᠦᠯᠦᠨ ᠠᠬᠢᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠲᠦᠯᠬᠢᠨ ᠠᠬᠢᠭᠤᠯᠪᠠ᠃ ᠪᠥᠬᠦ ᠵᠢᠯ ᠳᠤ 3648 | ᠵᠤᠷᠪᠤᠰ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠦ᠂ ︽ᠲᠠᠪᠤ ᠶᠢ ᠨᠦᠬᠦᠪᠦᠷᠢᠯᠡᠬᠦ︾ ᠠᠷᠭ᠎ᠠ ᠬᠡᠮᠵᠢᠶ᠎ᠠ ᠶᠢ ᠴᠠᠭ | ᠲᠤᠬᠠᠢ ᠳᠤᠨᠢ ᠨᠠᠶᠢᠳᠠᠪᠤᠷᠢᠵᠢᠭᠤᠯᠤᠨ᠂ ᠭᠠᠩ ᠤᠨ ᠪᠠᠶᠢᠳᠠᠯ ᠪᠠ ᠬᠢᠵᠢᠭ ᠤᠨ ᠪᠠᠶᠢᠳᠠᠯ ᠠᠴᠠ ᠪᠣᠯᠤᠭᠰᠠᠨ ᠳᠠᠬᠢᠨ | ᠶᠠᠳᠠᠭᠤᠷᠠᠬᠤ ᠲᠦᠭᠰᠢᠭᠦᠷᠢ ᠶᠢ ᠠᠷᠢᠯᠭᠠᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ | ᠴᠡᠪᠡᠷ ᠣᠷᠣᠯᠭ᠎ᠠ ᠴᠥᠮ 1.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ | ᠨᠡᠮᠡᠭᠳᠡᠨ᠂ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠠᠯᠡᠬᠦᠯᠪᠠ᠃ 3.93 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ 37 ᠠᠵᠤ ᠦᠢᠯᠡᠰ ᠤᠨ ᠲᠥᠷᠦᠯ ᠵᠦᠢᠯ ᠪᠠ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠢᠭᠤᠯᠤᠯᠲᠠ ᠶᠢᠨ 44 ᠲᠥᠷᠦᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠂ ᠥᠪᠡᠷᠲᠡᠭᠡᠨ ᠵᠠᠰᠠᠬᠤ ᠣᠷᠣᠨ ᠢ | ᠲᠥᠯᠥᠭᠡᠯᠡᠨ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠬᠢᠨᠠᠨ ᠰᠢᠯᠭᠠᠯᠲᠠ ᠶᠢ ᠦᠩᠭᠡᠷᠡᠬᠡᠨ ︽ᠰᠠᠶᠢᠨ︾ | ᠳᠡᠰ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠬᠤᠰᠢᠭᠤ ᠪᠠᠷ ᠵᠢᠭᠰᠠᠭᠳᠠᠪᠠ᠃ 63 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠵᠠᠰᠠᠵᠤ᠂ ᠤᠰᠤ ᠪᠠᠷ ᠴᠡᠪᠡᠷᠯᠡᠬᠦ 754 ᠵᠣᠷᠯᠣᠩ ᠢ ᠰᠢᠨ᠎ᠡ ᠪᠠᠷ ᠪᠠᠶᠢᠭᠤᠯᠤᠨ᠂ ᠬᠤᠭ ᠨᠣᠪᠰᠢ ᠰᠢᠳᠠᠭᠠᠨ ᠰᠢᠢᠳᠪᠦᠷᠢᠯᠡᠬᠦ | ᠨᠡᠬᠦᠳᠡᠯ ᠲᠡᠷᠭᠡ 1 ᠶᠢ ᠬᠤᠳᠠᠯᠳᠤᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢᠯᠡᠳᠲᠡ ᠰᠠᠶᠢᠵᠢᠷᠠᠪᠠ᠃ ᠲᠣᠣᠷᠵᠢᠭᠤᠯᠤᠭᠰᠠᠨ ᠬᠠᠮᠢᠶᠠᠷᠤᠯᠲᠠ ᠪᠠᠷ ᠲᠦᠰᠢᠭ ᠪᠣᠯᠭᠠᠵᠤ᠂ ︽ᠨᠢᠭᠡ ᠬᠡᠷ᠎ᠡ | ᠳᠥᠷᠪᠡᠨ ᠬᠤᠷᠠᠯ︾ ᠢᠶᠠᠷ ᠬᠦᠴᠦᠯᠡᠬᠦ ᠴᠡᠭ ᠪᠤᠯᠭᠠᠨ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ ᠪᠠ ᠮᠣᠷᠠᠯ ᠢᠶᠠᠷ | ᠵᠠᠰᠠᠬᠤ ᠵᠡᠷᠬᠡ ︽ᠭᠤᠷᠪᠠᠨ ᠵᠠᠰᠠᠬᠤ ᠶᠢ ᠨᠢᠬᠡ ᠤᠶᠠᠯᠳᠤᠭᠤᠯᠤᠭᠰᠠᠨ︾ ᠬᠥᠳᠡᠭᠡ ᠲᠣᠰᠬᠤᠨ ᠢ ᠰᠠᠶᠢᠲᠤᠷ ᠵᠠᠰᠠᠬᠤ | ᠪᠦᠳᠦᠴᠡ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ | ᠵᠢᠯ ᠲᠤᠷᠰᠢ᠂ ᠪᠢᠳᠡ ᠰᠠᠭᠤᠷᠢ ᠶᠢ ᠲᠣᠭᠲᠠᠭᠤᠨ ᠪᠠᠶᠢᠯᠭᠠᠬᠤ ᠶᠢ ᠨᠢᠭᠡᠳᠦᠯᠲᠡᠶ ᠲᠥᠯᠥᠪᠵᠢᠭᠦᠯᠦᠨ᠂ ᠬᠤᠲᠠ | ᠬᠥᠳᠡᠭᠡ ᠶᠢᠨ ᠳᠦᠷᠰᠦ ᠪᠠᠶᠢᠳᠠᠯ ᠰᠢᠨ᠎ᠡ ᠬᠤᠪᠢᠷᠠᠯᠲᠠ ᠭᠠᠷᠪᠠ᠃ | ᠬᠤᠲᠠ ᠪᠠᠯᠭᠠᠰᠤᠨ ᠤ ᠴᠢᠳᠠᠮᠵᠢ ᠡᠳᠦᠷ ᠢᠷᠡᠬᠦᠶ᠎ᠡ ᠲᠡᠬᠦᠯᠳᠡᠷᠵᠢᠪᠠ᠃ ᠬᠤᠲᠠ ᠪᠠᠯᠭᠠᠰᠤᠨ ᠤ ᠳᠤᠲᠠᠭᠤᠳᠠᠯ ᠤᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠤᠨ᠂ ᠨᠡᠶᠢᠲᠡ 1.26 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠸᠧᠢᠢᠵᠢᠩ | ᠵᠠᠮ ᠵᠢᠴᠢ ᠢᠵᠢ ᠪᠥᠷᠢᠳᠦᠭᠰᠡᠨ ᠬᠤᠭᠤᠯᠠᠶ ᠲᠤᠤᠷ ᠤᠨ ᠲᠥᠷᠥᠯ ᠵᠤᠶᠢᠯ ᠪᠠ ᠬᠤᠲᠠ ᠪᠠᠯᠭᠠᠰᠤᠨ ᠤ ᠤᠰᠤ ᠬᠠᠩᠭᠠᠬᠤ | ᠦᠢᠯᠡᠳᠪᠦᠷᠢ ᠵᠢᠴᠢ ᠬᠤᠭᠤᠯᠠᠶ ᠲᠤᠤᠷ ᠤᠨ ᠲᠥᠷᠥᠯ ᠵᠤᠶᠢᠯ ᠢ ᠪᠡᠶᠡᠯᠡᠭᠦᠯᠵᠦ᠂ 9.29 ᠲᠦᠮᠡᠨ ᠲᠡᠭᠰᠢ ᠳᠥᠷᠪᠡᠯᠵᠢᠨ | ᠮᠧᠲᠷ ᠤᠨ ᠶᠠᠪᠠᠭᠠᠨ ᠬᠥᠮᠦᠨ ᠤ ᠵᠠᠮ ᠳᠡᠪᠢᠰᠴᠦ᠂ ᠠᠭᠤᠳᠠᠮ ᠲᠠᠯᠠᠪᠠᠶ ᠶᠢᠨ 1846 ᠳ᠋ᠧᠩ ᠢ ᠰᠣᠯᠢᠵᠤ᠂ ᠡᠯ᠎ᠡ | ᠲᠥᠷᠥᠯ ᠤᠨ ᠬᠤᠭ ᠨᠣᠪᠰᠢ ᠶᠢᠨ 1010 ᠬᠠᠶᠢᠷᠴᠠᠭ᠂ ᠴᠠᠬᠢᠯᠭᠠᠨ ᠬᠥᠳᠡᠯᠭᠡᠭᠦᠷᠲᠦ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ 180 ᠲᠡᠷᠭᠡ ᠲᠣᠬᠢᠷᠠᠭᠤᠯᠵᠤ᠂ 3781 ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠵᠤ᠂ 2.7 | ᠺᠢᠯᠣᠮᠧᠲᠷ ᠤᠨ ᠵᠠᠮ ᠢ ᠲᠤᠰᠠᠭᠠᠷᠯᠠᠬᠤ ᠬᠡᠷᠡᠰᠬᠡ ᠨᠡᠮᠡᠨ ᠤᠭᠰᠠᠷᠠᠵᠤ᠂ ᠪᠦᠬᠦ ᠬᠤᠳᠠ ᠳᠠᠭᠠᠨ ᠦᠵᠦᠬᠦᠷᠯᠡᠭᠰᠡᠨ ᠰᠢᠯᠢᠳᠡᠭ | ᠬᠢᠷᠢ ᠪᠦᠳᠦᠮᠵᠢ ᠪᠠᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠪᠠ᠃ 1.23 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠠᠢ ᠾᠧ ᠬᠤᠸᠠ ᠶᠤᠸᠠᠨ ᠬᠤᠷᠢᠶᠠᠯᠠᠯ ᠤᠨ ᠲᠠᠭᠳᠦ ᠰᠠᠭᠤᠴᠠ᠂ ᠪᠢ | ᠱᠧᠩ ᠶᠤᠸᠠᠨ ᠪᠠᠷᠠᠭᠤᠨ ᠲᠣᠭᠤᠷᠢᠭ ᠵᠡᠷᠭᠡ ᠬᠤᠷᠢᠶᠠᠯᠠᠯ ᠢ ᠪᠦᠲᠦᠭᠡᠨ ᠪᠠᠶᠢᠭᠤᠯᠵᠤ᠂ 9 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠯᠭ᠎ᠠ ᠶᠢ ᠲᠠᠭᠤᠰᠬᠠᠪᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ | ᠦᠷᠭᠦᠯᠵᠢᠯᠡᠨ ᠠᠬᠢᠭᠤᠯᠵᠤ᠂ 381 ᠡᠷᠦᠬᠡ ᠰᠠᠭᠤᠭᠠᠯᠢ ᠠᠷᠠᠳ ᠤᠨ ᠰᠠᠭᠤᠬᠤ ᠤᠷᠴᠢᠨ ᠲᠤᠭᠤᠷᠢᠨ ᠢᠯᠡᠳᠳᠠ | ᠰᠠᠶᠢᠵᠢᠷᠠᠪᠠ᠃ ︽ᠭᠠᠷᠳᠠᠨ ᠬᠦᠢᠴᠡᠳᠬᠡᠬᠦ ᠳᠤ ᠬᠦᠴᠢᠷᠲᠡᠶ︾ ᠠᠰᠠᠭᠤᠳᠠᠯ ᠢ ᠢᠳᠡᠪᠬᠢᠲᠡᠶ ᠰᠢᠢᠳᠪᠦᠷᠢᠯᠡᠨ᠂ ᠨᠡᠶᠢᠲᠡ 70 | ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠤᠶᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ | ᠳᠠᠩᠰᠠᠯᠠᠬᠤ 8079 ᠢᠵᠢ ᠶᠢ ᠪᠡᠶᠡᠯᠡᠭᠦᠯᠵᠦ᠂ ᠳᠠᠩᠰᠠᠯᠠᠬᠤ ᠨᠣᠷᠮ᠎ᠠ 83% ᠳᠤ ᠬᠥᠷᠪᠡ᠃ ᠵᠡᠭᠡᠯᠢ ᠭᠤᠳᠤᠮᠵᠢ ᠶᠢ | ᠨᠤᠭᠤᠭᠠᠷᠠᠭᠤᠯᠵᠦ᠂ ᠴᠡᠴᠡᠷᠯᠢᠭ ᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠪᠠᠶᠢᠭᠤᠯᠵᠦ ᠲᠠᠭᠤᠰᠬᠠᠭᠰᠠᠨ | ᠲᠣᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠶ 508 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠨᠤᠭᠤᠭᠠᠷᠠᠭᠤᠯᠤᠯᠳᠠ ᠶᠢᠨ ᠨᠣᠷᠮ᠎ᠠ 32.5% ᠳᠤ ᠬᠦᠷᠴᠦ᠂ ᠬᠥᠮᠦᠨ ᠳᠤᠮᠳᠠᠴᠢ ᠶᠢᠨ ᠨᠤᠭᠤᠭᠠᠷᠠᠭᠤᠯᠤᠯᠳᠠ ᠶᠢᠨ ᠲᠠᠯᠠᠪᠠᠶ | 14.2 ᠲᠡᠭᠰᠢ ᠳᠥᠷᠪᠡᠯᠵᠢᠨ ᠮᠧᠲᠷ ᠲᠤ ᠬᠦᠷᠪᠡ᠃ | ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠰᠢᠯᠢᠳᠡᠭᠵᠢᠪᠡ᠃ 42 ᠮᠠᠰᠢᠨ ᠬᠤᠳᠳᠤᠭ ᠢ ᠰᠢᠨ᠎ᠡ ᠪᠠᠷ ᠮᠠᠯᠲᠠᠵᠤ᠂ | ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠬᠥᠯᠳᠡᠬᠦ ᠶᠢ ᠰᠡᠷᠭᠡᠶᠢᠯᠡᠬᠦ 108 ᠢᠨᠵᠧᠨᠧᠷᠢᠩ᠂ ᠲᠥᠪᠯᠡᠷᠡᠭᠦᠯᠦᠨ ᠤᠰᠤ | ᠬᠠᠩᠭᠠᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ 189 ᠢᠨᠵᠧᠨᠧᠷᠢᠩ ᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ | ᠤᠤᠭᠤᠬᠤ ᠤᠰᠤ ᠨᠠᠩ ᠠᠮᠤᠷ ᠲᠦᠪᠰᠢᠨ ᠪᠣᠯᠪᠠ᠃ ᠤᠯᠤᠰ ᠤᠨ ᠵᠠᠮ ᠤᠨ 335 ᠳ᠋ᠤᠭᠠᠷ ᠱᠤᠭᠤᠮ ᠤᠨ ᠵᠠᠰᠠᠮᠠᠯ ᠵᠠᠮ ᠤᠨ | ᠬᠥᠬᠡᠪᠦᠷ ᠠᠴᠠ ᠤᠯᠠᠭᠠᠨᠬᠤᠸᠠ ᠬᠦᠷᠬᠦ ︵ᠳᠥᠷᠪᠡᠳ ᠬᠤᠰᠢᠭᠤᠨ ᠤ ᠬᠡᠰᠡᠭ︶ ᠨᠢᠭᠡᠳᠦᠭᠡᠷ ᠳᠡᠰ ᠤᠨ ᠬᠤᠣᠰ ᠵᠤᠷᠪᠤᠰ | ᠵᠠᠰᠠᠮᠠᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠠᠶᠢᠭᠤᠯᠵᠤ᠂ ᠭᠡᠭᠡᠨᠲᠠᠯ᠎ᠠ ᠠᠴᠠ ᠬᠤᠩᠭᠤᠷ ᠰᠤᠮᠤ ᠬᠦᠷᠬᠦ | ᠭᠤᠷᠪᠠᠳᠤᠭᠠᠷ ᠳᠡᠰ ᠤᠨ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠤᠨ ᠲᠠᠭᠤᠰᠬᠠᠵᠦ ᠲᠡᠷᠭᠡ ᠨᠡᠪᠳᠡᠷᠡᠬᠦᠯᠦᠨ᠂ ᠣᠯᠠᠨ | ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ ᠦᠵᠡᠬᠦᠯᠪᠠ᠃ ᠬᠤᠩᠭᠤᠷ ᠠᠴᠠ ᠵᠠᠩᠭᠠᠨ ᠬᠦᠷᠬᠦ 110 | ᠺᠢᠯᠤᠸᠤᠯᠲ II ᠤᠨ ᠪᠤᠴᠠᠯᠲᠠ ᠶᠢᠨ ᠱᠤᠭᠤᠮ ᠤᠨ ᠢᠨᠵᠧᠨᠧᠷᠢᠩ ᠢ ᠬᠡᠷᠡᠭᠵᠢᠭᠦᠯᠵᠦ᠂ 110 ᠺᠢᠯᠤᠸᠤᠯᠲ ᠤᠨ ᠬᠦᠨᠳᠠᠢ | ᠱᠤᠭᠤᠮ ᠢ 60 ᠺᠢᠯᠣᠮᠧᠲᠷ ᠰᠢᠨ᠎ᠡ ᠪᠠᠷ ᠪᠠᠶᠢᠭᠤᠯᠵᠦ᠂ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠬᠦᠨᠳᠡᠢ | ᠱᠤᠭᠤᠮ ᠢ 890 ᠺᠢᠯᠤᠮᠧᠲᠷ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠨᠠᠩ ᠪᠠᠲᠤᠯᠠᠭ᠎ᠠ ᠲᠠᠢ | ᠪᠣᠯᠭᠠᠪᠠ᠃ 858 ᠮᠠᠯᠴᠢᠨ ᠡᠷᠦᠬᠡ ᠳᠤ ᠲᠣᠣᠷᠴᠢᠯᠠᠭᠰᠠᠨ ᠴᠠᠬᠢᠯᠭᠠᠨ ᠨᠡᠪᠲᠡᠷᠡᠭᠦᠯᠵᠦ᠂ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠳᠤ ᠨᠡᠩ ᠳᠥᠭᠦᠮ ᠦᠵᠡᠭᠦᠯᠪᠡ᠃ 5G ᠶᠢᠨ ᠰᠠᠭᠤᠷᠢ ᠥᠷᠲᠡᠭᠡ ᠶᠢ 85 ᠰᠠᠤᠷᠢ ᠪᠣᠯᠭᠠᠵᠤ᠂ | ᠬᠤᠲᠠ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠳᠤ 5G ᠶᠢᠨ ᠰᠤᠷᠠᠭ ᠳᠣᠬᠢᠶ᠎ᠠ᠂ ᠭᠡᠷᠡᠯ ᠰᠢᠷᠬᠡᠭ ᠤᠨ | ᠴᠠᠬᠢᠮ ᠬᠤᠯᠪᠤᠭ᠎ᠠ ᠶᠢ ᠪᠦᠬᠦᠨ ᠢ ᠪᠦᠷᠬᠦᠭᠦᠯᠬᠦ ᠶᠢ ᠪᠡᠶᠡᠯᠡᠬᠦᠯᠪᠠ᠃ | ᠵᠢᠯ ᠲᠤᠷᠰᠢ᠂ ᠪᠢᠳᠡ ᠰᠢᠨ᠎ᠡ ᠬᠤᠪᠢᠷᠠᠯᠲᠠ ᠶᠢ ᠡᠷᠢᠯᠬᠢᠯᠡᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠰᠢᠨ᠎ᠡ ᠦᠷ᠎ᠡ ᠪᠦᠲᠦᠮᠵᠢ ᠤᠯᠪᠠ᠃ ︽ᠲᠠᠪᠤ ᠶᠢ ᠪᠠᠶᠢᠴᠠᠭᠠᠨ ᠢᠯᠡᠷᠡᠬᠦᠯᠬᠦ︾ | ᠠᠵᠢᠯᠯᠠᠭ᠎ᠠ ᠶᠢ ᠥᠨᠳᠥᠷ ᠪᠦᠲᠦᠮᠵᠢᠲᠡᠢ ᠠᠬᠢᠭᠤᠯᠵᠤ᠂ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠦᠯ ᠵᠦᠢᠯ ᠤᠨ ᠭᠠᠷ | ᠭᠦᠢᠴᠡᠳᠬᠡᠯ ᠢ ᠪᠦᠬᠦᠨ ᠢ ᠬᠢᠵᠦ ᠳᠠᠭᠤᠰᠬᠠᠨ᠂ ᠵᠥᠪᠰᠢᠶᠡᠷᠡᠭᠰᠡᠨ ᠪᠣᠯᠪᠠᠴᠤ ᠰᠢᠢᠳᠪᠦᠷᠢᠯᠡᠳᠦᠢ 107 ᠾᠧᠺᠲ᠋ᠠᠷ ᠭᠠᠵᠠᠷ | ᠰᠢᠷᠣᠢ ᠶᠢᠨ ᠠᠰᠠᠭᠤᠳᠠᠯ ᠢ ᠰᠢᠢᠳᠪᠦᠷᠢᠯᠡᠵᠦ᠂ 1754 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ | ᠬᠤᠷᠢᠶᠠᠨ ᠠᠪᠴᠤ᠂ ᠵᠢᠶᠠ ᠬᠤᠢ ᠴᠠᠬᠢᠭᠤᠷ ᠤᠨ ᠦᠢᠯᠡᠰ ᠤᠨ ᠺᠣᠮᠫᠠᠨᠢ ᠶᠢᠨ ᠳᠠᠬᠢᠨ ᠴᠡᠭᠴᠡᠯᠡᠯᠲᠡ ᠪᠣᠳᠠᠲᠤ ᠠᠬᠢᠯᠲᠠ ᠲᠠᠢ | ᠪᠣᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ | ᠨᠡᠶᠢᠲᠡ ᠶᠢᠨ ᠦᠢᠯᠡᠴᠢᠯᠡᠬᠡᠨ ᠤ 315 ᠵᠤᠶᠢᠯᠠᠰ ᠢ ᠡᠮᠬᠢᠯᠡᠨ ᠳᠢᠭᠯᠡᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ | 576 ᠬᠡᠷᠡᠭ ᠢ ᠰᠢᠢᠳᠪᠦᠷᠢᠯᠡᠨ᠂ 118 ᠬᠡᠷᠡᠭ ᠢ ᠴᠦᠮ ᠨᠢᠭᠡ ᠯᠡ ᠤᠳᠠᠭ᠎ᠠ ᠳᠤ ᠬᠦᠢᠴᠡᠳᠬᠡᠪᠡ᠃ ︽ᠲᠠᠪᠤ ᠶᠢ | ᠬᠠᠰᠤᠵᠤ ᠨᠢᠭᠡ ᠶᠢ ᠰᠢᠯᠢᠳᠡᠭᠵᠢᠭᠦᠯᠬᠦ︾ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠲᠠᠷᠠᠭᠠᠯᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ 2716 ᠲᠦᠮᠡᠨ ᠲᠥᠭᠦᠷᠢᠭ ᠤᠨ ᠭᠠᠶᠢᠯᠢ ᠶᠢ ᠪᠠᠷᠢᠴᠠᠭᠠᠯᠠᠨ ᠪᠤᠴᠠᠭᠠᠵᠦ᠂ ︽ᠵᠢᠷᠭᠤᠭᠠᠨ ᠭᠠᠶᠢᠯᠢ | ᠬᠤᠶᠠᠷ ᠰᠦᠢᠳᠬᠡᠯ︾ ᠤᠨ ᠬᠠᠭᠠᠰ ᠢ ᠬᠠᠰᠤᠨ 2726 ᠲᠦᠮᠡᠨ ᠲᠥᠭᠦᠷᠢᠭ ᠲᠠᠳᠠᠪᠤᠷᠢᠯᠠᠪᠠ᠃ ᠤᠯᠤᠰ ᠤᠨ | ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ | ᠳᠠᠭᠤᠰᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ︽ᠳᠥᠷᠪᠡᠳ ᠬᠤᠰᠢᠭᠤᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠦᠷ ᠬᠡᠷᠡᠭᠵᠢᠭᠦᠯᠬᠦ | ᠲᠣᠭᠲᠠᠭᠠᠯ︾᠂ ︽ᠳᠥᠷᠪᠡᠳ ᠬᠤᠰᠢᠭᠤᠨ ᠤ 2022 ᠣᠨ ᠤ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠡᠭᠦᠷᠭᠡ ᠶᠢᠨ ᠬᠤᠪᠢᠶᠠᠷᠢᠯᠠᠯ︾ ᠢ ᠲᠣᠭᠲᠠᠭᠠᠨ ᠨᠡᠶᠢᠲᠡᠯᠡᠵᠦ᠂ 69 ᠲᠦᠷᠦᠯ ᠵᠤᠶᠢᠯ ᠤᠨ ᠭᠡᠷ᠎ᠡ ᠲᠣᠭᠲᠠᠵᠤ᠂ | ᠵᠥᠪᠳᠡᠯᠴᠡᠬᠡᠷ ᠤᠨ ᠶᠡᠷᠦᠩᠬᠡᠶ ᠪᠠᠯᠠ ᠣᠷᠣᠭᠤᠯᠤᠯᠲᠠ᠂ ᠲᠦᠷᠦᠯ ᠵᠤᠶᠢᠯ ᠢ ᠡᠬᠢᠯᠡᠬᠦᠯᠦᠭᠰᠡᠨ ᠨᠤᠷᠮ᠎ᠠ ᠪᠠ | ᠨᠠᠶᠢᠳᠠᠪᠤᠷᠢᠵᠢᠭᠰᠠᠨ ᠪᠡᠯᠡ ᠮᠦᠩᠭᠦ ᠨᠢ ᠴᠥᠮ ᠪᠥᠬᠦ ᠬᠤᠲᠠ ᠶᠢᠨ ᠲᠡᠷᠢᠭᠦᠨ ᠳᠤ ᠣᠷᠣᠪᠠ᠃ | ᠵᠢᠯ ᠲᠤᠷᠰᠢ᠂ ᠪᠢᠳᠡ ᠪᠦᠬᠦ ᠬᠦᠴᠦᠨ ᠢᠶᠠᠷ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠰᠢᠨ᠎ᠡ ᠲᠦᠪᠰᠢᠨ ᠳᠤ ᠬᠦᠷᠭᠡᠪᠡ᠃ ᠨᠡᠶᠢᠭᠡᠮ ᠤᠨ ᠪᠠᠲᠤᠯᠠᠭ᠎ᠠ ᠡᠳᠦᠷ ᠢᠷᠡᠬᠦᠶ᠎ᠡ ᠪᠦᠷᠢᠨᠰᠢᠪᠡ᠃ 82% ᠠᠴᠠ | ᠳᠡᠭᠡᠭᠰᠢᠬᠢ ᠡᠳ᠋ ᠤᠨ ᠵᠠᠰᠠᠭ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠬᠦ ᠶᠢ | ᠪᠠᠷᠢᠮᠲᠠᠯᠠᠵᠤ᠂ ᠪᠥᠬᠦ ᠵᠢᠯ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ | ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠡᠯ᠎ᠡ ᠲᠥᠷᠥᠯ ᠤᠨ ᠨᠥᠬᠦᠪᠥᠷᠢ ᠪᠠᠯᠠ ᠮᠥᠩᠭᠦ ᠶᠢ 1.62 | ᠳ᠋ᠦᠩᠰᠢᠭᠤᠷ ᠲᠥᠭᠦᠷᠢᠭ ᠲᠠᠷᠬᠠᠭᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠢᠷᠢ ᠲᠦᠪᠰᠢᠨ ᠲᠤᠭᠳᠠᠭᠤᠨ ᠢᠶᠠᠷ | ᠲᠡᠬᠡᠭᠰᠢᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠬᠥᠮᠦᠨ ᠤ ᠲᠤᠭ᠎ᠠ 14.5 ᠲᠦᠮᠡᠨ ᠬᠦᠮᠦᠨ ᠳᠤ ᠬᠦᠷᠴᠦ᠂ ᠪᠥᠬᠦ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ | 1.06 ᠳ᠋ᠦᠩᠰᠢᠭᠤᠷ ᠲᠥᠭᠦᠷᠢᠭ ᠲᠤᠰᠢᠶᠠᠪᠠ᠃ ᠬᠤᠲᠠ ᠪᠠᠯᠭᠠᠰᠤᠨ ᠤ 1372 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 3.99% ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ 6 ᠥᠷᠲᠡᠭᠡ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ 2 ᠬᠦᠷᠢᠶᠡᠯᠡᠩ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ᠂ ᠴᠠᠩ ᠱᠧᠤ | ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠷᠣᠰᠢᠭᠤᠯᠭ᠎ᠠ ᠶᠢᠨ ᠭᠠᠵᠠᠷ ᠢ ᠪᠠᠶᠢᠭᠤᠯᠵᠤ ᠲᠠᠭᠤᠰᠬᠠᠨ | ᠠᠰᠢᠭᠯᠠᠯᠲᠠ ᠳᠤ ᠤᠷᠤᠭᠤᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠰᠢᠨ᠎ᠡ ᠱᠠᠳᠤᠨ ᠳᠤ ᠤᠷᠤᠪᠠ᠃ ᠲᠠᠷᠠᠬᠠᠶ | ᠪᠤᠲᠠᠷᠬᠠᠶ ᠳᠤᠷ᠎ᠠ ᠪᠠᠷ ᠪᠤᠯᠠᠰᠢᠯᠠᠵᠤ ᠣᠷᠣᠰᠢᠭᠤᠯᠬᠤ ᠶᠢ ᠵᠠᠰᠠᠬᠤ ᠠᠵᠢᠯ ᠢ ᠢᠳᠡᠪᠬᠢᠲᠡᠶ ᠠᠬᠢᠭᠤᠯᠵᠤ᠂ ︽ᠭᠤᠷᠪᠠᠨ ᠵᠠᠮ | ᠳᠠᠭᠠᠤ ᠲᠤᠯᠤᠭᠠᠨ ᠲᠣᠭᠤᠷᠢᠭ︾ ᠤᠨ ᠬᠡᠪᠴᠢᠶᠡᠨ ᠳᠠᠬᠢ 1612 ᠣᠩᠭᠤᠨ ᠤ ᠭᠠᠵᠠᠷ ᠢ ᠴᠡᠭᠴᠡᠯᠡᠨ ᠵᠠᠰᠠᠪᠠ᠃ | ᠴᠡᠷᠢᠭ ᠤᠨ ᠠᠯᠪᠠᠨ ᠠᠴᠠ ᠪᠠᠭᠤᠭᠰᠠᠳ ᠲᠤ ᠬᠠᠷᠠᠭᠠᠯᠵᠠᠯ ᠦᠵᠡᠬᠦᠯᠦᠨ ᠦᠨᠡᠮᠯᠡᠯ ᠣᠯᠭᠤᠬᠤ ᠠᠵᠢᠯ ᠪᠦᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠢ ᠦᠷᠨᠢᠬᠦᠯᠦᠨ᠂ | ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠰᠤᠷᠭᠠᠨ ᠬᠥᠮᠦᠵᠢᠯ ᠪᠡᠶ᠎ᠡ ᠲᠠᠮᠢᠷ ᠤᠨ ᠦᠢᠯᠡᠰ ᠦᠳᠲᠡᠷ | ᠲᠦᠷᠭᠡᠨ ᠬᠦᠭᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠵᠠᠬᠢᠷᠤᠯ ᠢ | ᠰᠣᠩᠭᠤᠨ ᠤᠷᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠨᠳᠦᠷ ᠲᠤᠮᠳᠠᠳᠦ ᠶᠢᠨ ᠤᠯᠤᠰ ᠤᠨ | ᠰᠢᠯᠭᠠᠯᠲᠠ ᠶᠢᠨ ᠡᠯ᠎ᠡ ᠲᠥᠷᠥᠯ ᠤᠨ ᠵᠢᠩᠬᠢᠨᠢ ᠠᠩᠭᠢ ᠳᠤ ᠤᠷᠤᠭᠰᠠᠨ ᠨᠣᠷᠮ᠎ᠠ 54.7% ᠳᠤ ᠬᠦᠷᠴᠦ᠂ | ᠨᠢᠳᠤᠨᠤᠨ ᠤ ᠬᠢ ᠠᠴᠠ 3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠦᠬᠦ ᠬᠤᠳᠠ ᠶᠢᠨ ᠬᠤᠰᠢᠭᠤ ᠰᠢᠶᠠᠨ ᠤ | ᠬᠤᠶᠠᠳᠤᠭᠠᠷ ᠨᠠᠷᠠ ᠳᠤ ᠤᠷᠤᠵᠦ᠂ ᠠᠩᠬ᠎ᠠ ᠵᠡᠷᠬᠡ ᠶᠢᠨ ᠲᠤᠮᠳᠠᠳᠦ ᠰᠤᠷᠭᠠᠭᠤᠯᠢ ᠲᠡᠬᠦᠰᠬᠦ ᠰᠢᠯᠭᠠᠯᠳᠠ ᠶᠢᠨ ᠶᠡᠷᠦᠩᠬᠡᠶ | ᠬᠤᠪᠢ ᠨᠢ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠬᠤᠶᠠᠳᠤᠭᠠᠷ ᠲᠤ ᠣᠷᠣᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ | ᠪᠠ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠳᠠᠬᠢ ᠰᠤᠷᠭᠠᠭᠤᠯᠢ ᠳᠤ ᠪᠠᠨ | ᠪᠠᠶᠢᠬᠤ ᠰᠤᠷᠤᠭᠴᠢ ᠶᠢᠨ ᠡᠵᠡᠯᠡᠬᠦ ᠬᠠᠷᠢᠴᠠᠯ ᠢ 13.9% ᠳᠤ ᠴᠢᠩᠭ᠎ᠠ ᠵᠢᠷᠤᠮᠵᠢᠭᠤᠯᠤᠨ᠂ ᠵᠦᠶ ᠵᠣᠬᠢᠰᠲᠠᠶ ᠪᠦᠲᠦᠴᠡ ᠶᠢ | ᠪᠠᠲᠤᠯᠠᠪᠠ᠃ ᠱᠠᠩ ᠳ᠋ᠧ ᠦᠨᠳᠦᠰᠦᠲᠡᠨ ᠤ ᠬᠡᠦᠬᠡᠳ ᠤᠨ ᠴᠡᠴᠡᠷᠯᠢᠭ ᠪᠤᠯᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠳᠠᠳᠤᠯᠭ᠎ᠠ ᠪᠣᠯᠪᠠᠰᠤᠷᠠᠯ ᠤᠨ ᠠᠰᠠᠷ ᠢ ᠪᠠᠶᠢᠭᠤᠯᠤᠨ ᠲᠠᠭᠤᠰᠬᠠᠵᠦ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ ᠢ ᠥᠭᠡᠷᠡᠴᠢᠯᠡᠨ ᠰᠢᠨᠡᠳᠬᠡᠵᠦ᠂ ᠰᠤᠷᠭᠠᠨ ᠬᠥᠮᠦᠵᠢᠯ ᠤᠨ | ᠰᠠᠭᠤᠷᠢ ᠲᠥᠬᠦᠭᠡᠷᠦᠮᠵᠢ ᠶᠢ ᠨᠠᠩ ᠲᠡᠭᠦᠯᠳᠡᠷᠵᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ ᠤᠨ ᠠᠵᠢᠯᠯᠠᠭ᠎ᠠ ᠶᠢ | ᠲᠠᠭᠠᠭᠠᠴᠢᠯᠠᠨ ᠡᠷᠭᠢᠯᠡᠵᠦ᠂ ᠪᠥᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠠᠵᠢᠯᠯᠠᠭ᠎ᠠ ᠶᠢ ᠬᠠᠯᠠᠭᠤᠨ | ᠥᠷᠨᠢᠯᠲᠡ ᠲᠠᠢ ᠪᠤᠯᠭᠠᠪᠠ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠡᠷᠴᠢᠮᠲᠡᠶ ᠪᠠᠶᠢᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ ︽ᠬᠤᠲᠠ ᠶᠢᠨ ᠳᠠᠷᠤᠭ᠎ᠠ ᠬᠤᠨᠳᠠᠭᠠᠲᠤ︾ | ᠤᠷᠤᠯᠳᠤᠭᠠᠨ ᠳᠤ ᠮᠠᠩᠯᠠᠶᠢᠯᠠᠪᠠ᠃ ᠡᠮᠴᠢᠯᠡᠭᠡᠨ ᠤ ᠠᠵᠢᠯ ᠦᠢᠯᠡᠰ ᠢ ᠭᠦᠨᠵᠡᠭᠡᠢ ᠠᠬᠢᠭᠤᠯᠵᠤ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠤᠨ ᠰᠠᠯᠠᠭ᠎ᠠ ᠵᠢᠴᠢ ᠬᠠᠯᠠᠭᠤᠷᠠᠯ ᠤᠨ ᠡᠭᠦᠳᠡᠨ ᠡᠮᠨᠡᠯᠭᠡ ᠶᠢ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠲᠠᠭᠤᠰᠬᠠᠵᠦ ᠠᠰᠢᠭᠯᠠᠯᠲᠠ ᠳᠤ ᠣᠷᠣᠭᠤᠯᠤᠨ᠂ ᠬᠦᠯᠢᠶᠡᠨ ᠠᠪᠴᠤ ᠡᠮᠨᠡᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠪᠡ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠦᠪᠡᠷᠮᠢᠴᠠ ᠣᠨᠴᠠᠯᠢᠭᠲᠤ ᠡᠮᠨᠡᠨ ᠵᠠᠰᠠᠬᠤ | ᠲᠥᠪ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠠᠯᠠᠭ᠎ᠠ ᠪᠤᠯᠤᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠦᠢᠯᠡᠳᠦᠯᠬᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠫᠠᠶᠢᠰᠠ ᠡᠯᠭᠦᠨ | ᠪᠠᠶᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠦᠪᠡᠷᠮᠢᠴᠠ ᠣᠨᠴᠠᠯᠢᠭᠲᠤ ᠦᠢᠯᠡᠴᠢᠯᠡᠬᠡᠨ ᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ︽ᠵᠡᠬᠦᠦ ᠲᠠᠷᠢᠬᠤ ᠶᠣᠰᠣᠲᠠᠶ ᠶᠢ ᠨᠢ ᠪᠦᠬᠦᠨ ᠢ ᠲᠠᠷᠢᠭᠤᠯᠬᠤ︾ ᠬᠠᠷᠠᠯᠲᠠ | ᠡᠭᠦᠷᠭᠡ ᠶᠢ ᠪᠡᠶᠡᠯᠡᠭᠦᠯᠵᠦ᠂ ᠮᠠᠯᠴᠢᠨ ᠲᠠᠷᠢᠶᠠᠴᠢᠳ ᠲᠤ ᠬᠢᠵᠢᠭ ᠢ ᠰᠡᠷᠬᠡᠶᠢᠯᠡᠬᠦ ᠡᠮ 5 ᠲᠦᠮᠡᠨ ᠬᠤᠪᠢ ᠲᠠᠷᠬᠠᠭᠠᠨ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠳᠠᠢ ᠦᠷ᠎ᠡ | ᠪᠦᠳᠦᠮᠵᠢ ᠤᠯᠪᠠ᠃ ᠬᠤᠩᠭᠤᠷ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ ᠲᠠᠰᠤᠭ᠂ | ᠪᠠᠶᠠᠨᠴᠣᠭᠲᠤ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠪᠠᠶᠢᠭᠤᠯᠤᠭᠳᠠᠨ ᠠᠰᠢᠭᠯᠠᠯᠲᠠ ᠳᠤ ᠣᠷᠣᠵᠤ | ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠮᠵᠢ ᠤᠯᠠᠮ ᠨᠢᠬᠡ ᠠᠯᠬᠤᠮ ᠲᠡᠬᠡᠭᠰᠢᠯᠡᠪᠡ᠃ ᠰᠣᠶᠣᠯ ᠤᠨ | ᠦᠢᠯᠡᠰ ᠴᠡᠴᠡᠭᠯᠡᠨ ᠬᠥᠭᠵᠢᠵᠦ᠂ ᠬᠤᠷᠢᠳᠤᠭᠠᠷ ᠶᠡᠭᠡ ᠬᠤᠷᠠᠯ ᠢ ᠤᠭᠲᠤᠬᠤ ᠰᠢᠷᠢᠰ ᠰᠣᠶᠣᠯ ᠤᠨ ᠠᠵᠢᠯᠯᠠᠭ᠎ᠠ ᠶᠢ 21 | ᠤᠳᠠᠭ᠎ᠠ ᠡᠷᠬᠢᠯᠡᠪᠡ᠃ ᠬᠥᠳᠡᠭᠡ ᠪᠠᠭᠤᠵᠤ ᠲᠣᠭᠯᠠᠯᠲᠠ ᠭᠠᠷᠭᠠᠬᠤ ᠠᠵᠢᠯᠯᠠᠭ᠎ᠠ ᠶᠢ 94 ᠤᠳᠠᠭ᠎ᠠ ᠵᠣᠬᠢᠶᠠᠨ ᠪᠠᠶᠢᠭᠤᠯᠵᠤ᠂ | 3.6 ᠲᠦᠮᠡᠨ ᠦᠵᠡᠭᠴᠢᠳ ᠲᠤ ᠠᠰᠢᠭ ᠬᠦᠷᠲᠡᠭᠡᠪᠡ᠃ ᠤᠯᠠᠭᠠᠨᠮᠥ᠋ᠴᠢᠷ ᠤᠨ ᠬᠥᠳᠡᠭᠡ ᠪᠠᠭᠤᠵᠤ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ 80 ᠲᠠᠯᠠᠪᠤᠷ ᠤᠳᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ | ᠤᠷᠠᠯᠢᠭ ᠤᠨ ᠨᠠᠶᠢᠷ ᠤᠨ 7 ᠲᠣᠮᠣ ᠱᠠᠩᠨᠠᠯ ᠢ ᠬᠦᠷᠲᠡᠪᠡ᠃ ᠣᠶᠤᠨᠴᠢᠯᠠᠭᠰᠠᠨ ᠣᠯᠠᠨ ᠨᠡᠶᠢᠲᠡ ᠶᠢᠨ ᠨᠣᠮ ᠤᠨ ᠰᠠᠩ | ᠠᠰᠢᠭᠯᠠᠯᠲᠠ ᠳᠤ ᠣᠷᠣᠵᠤ᠂ ᠪᠦᠬᠦ ᠵᠢᠯ ᠳᠤ 2 ᠲᠦᠮᠡᠨ ᠤᠩᠰᠢᠭᠴᠢ ᠶᠢ ᠬᠦᠯᠢᠶᠡᠨ ᠠᠪᠤᠪᠠ᠃ᠨᠡᠶᠢᠭᠡᠮ ᠤᠨ ᠵᠠᠰᠠᠯᠲᠠ ᠶᠢ | ᠲᠠᠰᠤᠷᠠᠯᠲᠠ ᠦᠭᠡᠢ ᠴᠢᠩᠭᠠᠳᠬᠠᠪᠠ᠃ ᠠᠮᠤᠷ ᠲᠦᠪᠰᠢᠨ ᠬᠥᠭᠵᠢᠯᠲᠡ ᠶᠢ ᠡᠯ᠎ᠡ ᠬᠦᠷᠢᠶ᠎ᠠ ᠪᠠ ᠪᠦᠬᠦ ᠶᠠᠪᠤᠴᠠ ᠳᠤ | ᠲᠤᠭᠤᠰᠢᠯᠠᠭᠤᠯᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠬᠢᠵᠠᠭᠠᠷ ᠱᠤᠭᠤᠮ ᠢ ᠪᠠᠲᠤ ᠰᠠᠬᠢᠵᠤ᠂ ᠤᠯᠤᠰ ᠲᠦᠷᠦ᠂ | ᠠᠵᠤ ᠠᠬᠤᠢ᠂ ᠨᠡᠶᠢᠭᠡᠮ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠡᠭᠦᠰᠦᠭᠰᠡᠨ ᠦᠭᠡᠢ᠃ ᠥᠷᠢ ᠥᠭᠴᠡᠭᠡ ᠶᠢ ᠠᠷᠢᠯᠭᠠᠬᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ | ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠥᠭᠴᠡᠭᠡ ᠶᠢ ᠠᠷᠢᠯᠭᠠᠬᠤ ᠠᠵᠢᠯ ᠢ | ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠬᠠᠷᠠᠯᠲᠠ ᠡᠭᠦᠷᠭᠡ ᠪᠠᠨ | ᠪᠡᠶᠡᠯᠡᠬᠦᠯᠪᠠ᠃ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠪᠠ | ᠲᠦᠷᠦᠭᠦᠯᠡᠨ ᠵᠠᠬᠢᠳᠠᠯ ᠰᠤᠷᠪᠤᠯᠵᠢᠯᠠᠯ ᠢ ᠬᠦᠯᠢᠶᠠᠨ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠵᠠᠬᠢᠳᠠᠯ ᠰᠤᠷᠪᠤᠯᠵᠢᠯᠠᠯ ᠤᠨ ᠬᠡᠷᠡᠭ ᠢ ᠯᠠᠪᠳᠠᠭᠤᠨ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠶᠢ ᠬᠦᠴᠦᠲᠡᠢ ᠬᠠᠮᠠᠭᠠᠯᠠᠪᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ︽ᠰᠡᠭᠦᠯ ᠬᠤᠷᠢᠶᠠᠬᠤ ᠳᠠᠶᠢᠯᠠᠯᠳᠤᠭᠠᠨ︾ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠤᠷ ᠲᠦᠪᠰᠢᠨ ᠤ | ᠬᠡᠮ ᠰᠣᠭᠤᠭ ᠤᠨ ᠠᠰᠠᠭᠤᠳᠠᠯ ᠢ ᠨᠡᠶᠢᠲᠡ 2910 ᠵᠤᠷᠪᠤᠰ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ | ᠵᠠᠰᠠᠭ ᠵᠠᠬᠢᠷᠭᠠᠨ ᠤ 12 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢᠯᠡᠳᠲᠡ | ᠰᠠᠶᠢᠵᠢᠷᠠᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠸᠢᠳᠢᠣ᠋ ᠶᠢᠨ ᠡᠮᠦᠨ᠎ᠡ ᠬᠡᠰᠡᠭ ᠢ ᠴᠥᠮ ᠳᠣᠲᠣᠭᠠᠳᠤ ᠶᠢ | ᠬᠠᠮᠠᠭᠠᠯᠠᠬᠤ ᠬᠢᠨᠠᠨ ᠡᠵᠡᠮᠳᠡᠬᠦ ᠰᠢᠰᠲ᠋ᠧᠮ ᠳᠤ ᠵᠠᠯᠭᠠᠨ ᠣᠷᠣᠭᠤᠯᠵᠤ᠂ ︽ᠢᠯᠡ ᠰᠠᠷᠠᠭᠤᠯ ᠢᠨᠵᠧᠨᠧᠷᠢᠩ︾ ᠢ | ᠯᠠᠪᠳᠠᠭᠤᠨ ᠢᠶᠠᠷ ᠠᠬᠢᠭᠤᠯᠪᠠ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾᠂ ︽ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ | ᠡᠳ᠋ ᠢ ᠵᠠᠰᠠᠬᠤ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠪᠥᠬᠦ ᠵᠢᠯ ᠳᠤ ᠡᠯ᠎ᠡ ᠲᠥᠷᠥᠯ ᠤᠨ ᠡᠷᠡᠭᠦᠦ ᠶᠢᠨ | ᠬᠡᠷᠡᠭ ᠢ 264 ᠢᠯᠡᠷᠡᠭᠦᠯᠪᠡ᠃ | ᠵᠢᠯ ᠲᠤᠷᠰᠢ᠂ ᠪᠢᠳᠡ ᠤᠭ ᠵᠤᠷᠢᠯᠳᠠ ᠪᠠᠨ ᠪᠠᠲᠤ ᠰᠠᠬᠢᠨ ᠰᠤᠷᠲᠠᠯ ᠢᠶᠠᠨ ᠬᠤᠪᠢᠷᠠᠭᠤᠯᠵᠤ᠂ ᠵᠠᠰᠠᠭ ᠤᠨ ᠣᠷᠳᠣᠨ ᠤ | ᠪᠠᠶᠢᠭᠤᠯᠤᠯᠲᠠ ᠳᠤ ᠰᠢᠨ᠎ᠡ ᠳᠦᠷᠢ ᠲᠥᠷᠬᠦ ᠢᠯᠡᠷᠡᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠪᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ | ᠰᠢᠰᠲ᠋ᠧᠮ ᠤᠨ ︽ᠨᠡᠶᠢᠳᠡᠯᠡᠬᠦ ᠢᠯᠡᠷᠬᠡᠶᠢᠯᠡᠬᠦ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢ ᠬᠥᠲᠥᠯᠦᠨ ᠵᠢᠯᠣᠭᠤᠳᠴᠤ᠂ ᠨᠠᠮ ᠤᠨ | ᠪᠠᠶᠢᠭᠤᠯᠤᠯᠲᠠ ᠶᠢᠨ ᠬᠢᠷᠢ ᠲᠦᠪᠰᠢᠨ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠳᠠᠬᠢᠨᠲᠠ ᠰᠢᠨ᠎ᠡ ᠲᠡᠮᠳᠡᠭᠯᠡᠯ ᠢ | ᠡᠭᠦᠳᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠯᠵᠢᠷᠡᠯ ᠢ ᠰᠡᠷᠭᠡᠶᠢᠯᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ | ᠠᠵᠢᠯ ᠢᠯᠡᠳᠲᠡ ᠦᠷ᠎ᠡ ᠪᠦᠲᠦᠮᠵᠢ ᠣᠯᠵᠤ᠂ ᠺᠠᠳ᠋ᠷ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠠᠷᠠᠳᠴᠢᠯᠠᠯ | ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠵᠣᠬᠢᠴᠠᠮᠵᠢ ᠶᠢ ᠴᠢᠩᠭ᠎ᠠ | ᠬᠡᠷᠡᠭᠵᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 62 ᠬᠤᠪᠢ | ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ 86 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠭᠦᠢᠴᠡᠳᠬᠡᠨ᠂ ᠬᠠᠨᠤᠮᠵᠢᠲᠠᠢ ᠨᠣᠷᠮ᠎ᠠ 100% ᠳᠤ ᠬᠥᠷᠪᠡ᠃ ᠠᠷᠠᠳ ᠲᠦᠮᠡᠨ ᠳᠤ | ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ + | ᠱᠠᠭᠠᠷᠳᠠᠨ ᠪᠠᠶᠢᠴᠠᠭᠠᠯᠲᠠ︾ ᠶᠢᠨ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | 100% ᠳᠤ ᠬᠦᠷᠴᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠣᠯᠠᠨ | ᠲᠦᠮᠡᠨ ᠤ ᠬᠠᠨᠤᠮᠵᠢ ᠶᠢᠨ ᠨᠣᠷᠮ᠎ᠠ 98% ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠡᠭᠦᠨ ᠤ ᠬᠠᠮᠲᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ᠂ ᠲᠠᠩᠰᠠ | ᠡᠪᠬᠡᠮᠡᠯ᠂ ᠲᠡᠦᠬᠡ ᠣᠶᠢᠯᠠᠯᠭ᠎ᠠ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠴᠢᠩᠭᠠᠳᠬᠠᠨ᠂ | ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ | ᠨᠢᠭᠦᠯᠡᠰᠦᠩᠭᠦᠶ ᠵᠡᠷᠭᠡ ᠦᠢᠯᠡᠰ ᠪᠥᠬᠦ ᠲᠠᠯ᠎ᠠ ᠪᠠᠷ ᠬᠥᠭᠵᠢᠪᠡ᠃ | ᠲᠥᠯᠥᠭᠡᠯᠡᠭᠴᠢᠳ ᠡ᠂ 2022 ᠣᠨ ᠪᠣᠯ ᠲᠤᠶᠢᠯ ᠤᠨ ᠣᠨᠴᠠᠭᠠᠢ᠂ ᠥᠷᠢᠰᠥᠯᠳᠦᠭᠡᠨ ᠶᠡᠬᠡᠲᠡᠢ᠂ ᠬᠢᠯᠪᠠᠷ ᠪᠤᠰᠤ | ᠨᠢᠭᠡ ᠵᠢᠯ ᠪᠣᠯᠤᠨ᠎ᠠ᠃ ᠣᠯᠠᠨ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠠᠷᠭᠠᠴᠠᠭᠠᠨ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ | ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠲᠠᠭᠠᠷᠢᠯᠲᠠ ᠶᠢ ᠳᠠᠭᠠᠭᠠᠵᠤ ᠭᠠᠷᠪᠠ᠃ ᠬᠡᠳᠦᠨ ᠠᠷᠪᠠᠨ ᠵᠢᠯ ᠳᠤ | ᠲᠣᠬᠢᠶᠠᠯᠳᠤᠭ᠎ᠠ ᠥᠬᠡᠶ ᠭᠠᠩ ᠬᠠᠭᠰᠠᠷᠠᠭᠠᠨ ᠤ ᠡᠮᠦᠨ᠎ᠡ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ | ᠦᠶ᠎ᠡ ᠶᠢᠨ ᠪᠡᠷᠬᠡ ᠪᠠᠷᠳᠠᠭ᠎ᠠ ᠶᠢ ᠬᠠᠮᠲᠤ ᠪᠠᠷ ᠲᠤᠭᠤᠯᠤᠨ᠂ ᠦᠨᠡᠨ ᠬᠦ ᠠᠳᠬᠤᠨ ᠪᠣᠳᠠᠲᠠᠶ ᠠᠵᠢᠯᠯᠠᠨ ᠠᠷᠭ᠎ᠠ ᠬᠡᠮᠵᠢᠶ᠎ᠡ | ᠠᠪᠴᠤ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠢᠶᠠᠷ | ᠨᠡᠮᠡᠭᠳᠡᠬᠦ ᠶᠢ ᠪᠠᠲᠤᠯᠠᠪᠠ᠃ ᠵᠢᠱᠢᠯᠳᠠ ᠠᠴᠠ ᠳᠠᠪᠠᠭᠰᠠᠨ ᠠᠵᠤ ᠠᠬᠤᠢ ᠪᠠᠭᠤᠷᠠᠬᠤ ᠳᠠᠷᠤᠯᠲᠠ ᠶᠢᠨ ᠡᠮᠦᠨ᠎ᠡ᠂ ᠪᠢᠳᠡ ᠡᠷᠡᠰ | ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠤᠬᠢᠷᠠᠭᠤᠯᠤᠯᠲᠠ ᠶᠢ | ᠠᠳᠬᠤᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠪᠠ᠃ ᠡᠳᠡᠭᠡᠷ | ᠠᠮᠵᠢᠯᠲᠠ ᠶᠢ ᠣᠯᠤᠭᠰᠠᠨ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠵᠦ ᠬᠦᠴᠦᠲᠡᠢ | ᠲᠡᠮᠵᠢᠭᠰᠡᠨ ᠤ ᠦᠷ᠎ᠡ ᠳ᠋ᠦᠩ᠂ ᠮᠦᠨ ᠴᠤ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠪᠦᠯᠬᠦᠮᠳᠡᠨ ᠲᠡᠮᠡᠴᠡᠵᠦ᠂ ᠬᠦᠴᠢᠷ ᠪᠡᠷᠬᠡ ᠶᠢ ᠢᠯᠠᠨ ᠳᠠᠪᠠᠭᠰᠠᠨ ᠤ ᠦᠷ᠎ᠡ ᠳ᠋ᠦᠩ ᠮᠥᠨ᠃ ᠠᠳᠡ ᠪᠢ ᠵᠠᠰᠠᠭ ᠤᠨ | ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ᠂ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠰᠢᠭᠤᠨ ᠳᠤ ᠰᠠᠭᠤᠭ᠎ᠠ | ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠬᠢᠵᠢᠭ ᠢ ᠰᠡᠷᠭᠡᠶᠢᠯᠡᠨ ᠬᠢᠵᠢᠭ ᠲᠠᠢ | ᠲᠡᠮᠡᠴᠡᠬᠦ ᠡᠮᠦᠨ᠎ᠡ ᠹᠷᠣᠨᠲ ᠲᠤ ᠣᠷᠣᠯᠴᠠᠵᠤ ᠪᠠᠶᠢᠭ᠎ᠠ ᠥᠷᠭᠡᠨ ᠣᠯᠠᠨ ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ | ᠠᠵᠢᠯᠲᠠᠨ᠂ ᠰᠠᠶᠢᠨ ᠳᠤᠷᠠᠴᠤᠳ᠂ ᠬᠢᠵᠢᠭ ᠢ ᠰᠡᠷᠭᠡᠶᠢᠯᠡᠨ ᠬᠢᠵᠢᠭ ᠲᠠᠢ ᠲᠡᠮᠡᠴᠡᠬᠦ ᠠᠵᠢᠯ ᠳᠤ ᠢᠳᠡᠪᠬᠢᠲᠡᠶ ᠣᠷᠣᠯᠴᠠᠭᠰᠠᠨ | ᠪᠠ ᠬᠠᠮᠵᠢᠯᠴᠠᠭᠰᠠᠨ ᠥᠷᠭᠡᠨ ᠣᠯᠠᠨ ᠰᠠᠭᠤᠭᠠᠯᠢ ᠠᠷᠠᠳ᠂ ᠳᠥᠷᠪᠡᠳ ᠬᠤᠰᠢᠭᠤᠨ ᠤ ᠡᠯ᠎ᠡ ᠲᠦᠷᠦᠯ ᠤᠨ ᠠᠵᠢᠯ | ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠵᠢᠯ ᠲᠤᠷᠰᠢᠬᠢ ᠠᠵᠢᠯ ᠤᠨ ᠲᠤᠮᠳᠠ ᠪᠢᠳᠡ᠄ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ | ᠡᠷᠬᠢᠮᠯᠡᠬᠦ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠪᠠᠶᠡᠯᠡᠬᠦᠯᠦᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠡᠯ᠎ᠡ ᠬᠦᠷᠢᠶᠡᠨ ᠳᠤ ᠲᠤᠭᠤᠰᠢᠯᠠᠭᠤᠯᠬᠤ | ᠬᠡᠷᠡᠭᠲᠡᠶ᠃ ᠡᠷᠬᠡᠪᠰᠢ ᠭᠤᠤᠯᠳᠠᠯᠭ᠎ᠠ ᠲᠠᠢ ᠠᠵᠢᠯ ᠢ ᠠᠳᠬᠤᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠪᠣᠳᠠᠲᠤ ᠴᠣᠭᠴᠠᠲᠤ ᠠᠵᠤ ᠠᠬᠤᠶ ᠪᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠳᠣᠪᠤᠶᠢᠯᠭᠠᠨ ᠠᠳᠬᠤᠵᠤ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠥᠬᠦ | ᠲᠠᠯ᠎ᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠶ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠪᠦᠲᠦᠮᠵᠢ ᠶᠢᠨ | ᠦᠵᠡᠯᠲᠡ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ ᠪᠣᠳᠠᠲᠠᠢ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ | ᠂ ᠤᠯᠠᠨ ᠲᠦᠮᠡᠨ ᠤ ᠵᠠᠰᠠᠭ ᠤᠨ ᠣᠷᠳᠣᠨ ᠤ ᠠᠵᠢᠯ ᠳᠠᠬᠢ ᠬᠠᠮᠤᠭ ᠤᠨ ᠶᠡᠭᠡ ᠢᠲᠡᠭᠡᠯ ᠳᠡᠮᠵᠢᠯᠭᠡ ᠶᠢ ᠤᠯᠬᠤ ᠬᠡᠷᠡᠭᠲᠡᠢ᠃ | ᠡᠷᠬᠡᠪᠰᠢ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠤᠯᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠶᠢ ᠠᠬᠢᠭᠤᠯᠵᠤ᠂ ᠪᠣᠳᠠᠲᠠᠢ ᠠᠵᠢᠯᠯᠠᠬᠤ ᠶᠢ ᠡᠷᠬᠢᠮᠯᠡᠬᠦ᠂ ᠪᠣᠳᠠᠲᠠᠢ ᠠᠮᠵᠢᠯᠲᠠ ᠶᠢ ᠴᠢᠬᠤᠯᠠᠴᠢᠯᠠᠬᠤ ᠪᠠ ᠬᠤᠳᠠᠯ | ᠬᠠᠭᠤᠷᠮᠠᠭ ᠢ ᠦᠯᠦ ᠡᠷᠬᠢᠮᠯᠡᠬᠦ ᠶᠢ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠣᠯᠭᠠᠬᠤ | ᠬᠡᠷᠡᠭᠲᠡᠢ ᠵᠡᠷᠬᠡ ᠶᠢ ᠬᠦᠨᠵᠡᠬᠡᠢ ᠤᠶᠢᠯᠠᠭᠠᠵᠦ ᠮᠡᠳᠡᠯ᠎ᠡ᠃ ᠡᠳᠡᠭᠡᠷ ᠲᠤᠷᠰᠢᠯᠭ᠎ᠠ ᠰᠡᠩᠬᠡᠷᠡᠭᠦᠯᠦᠯ ᠢ ᠪᠢᠳᠡ ᠬᠤᠪᠢ ᠳᠠᠬᠢᠨ | ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ | ᠲᠥᠯᠥᠭᠡᠯᠡᠭᠴᠢᠳ ᠡ︕ ᠠᠮᠤᠷ ᠲᠣᠭᠲᠠᠭᠤᠨ ᠤ ᠲᠤᠮᠳᠠ ᠴᠦ ᠠᠶᠤᠯ ᠵᠤᠪᠠᠯᠠᠩ ᠢ ᠦᠯᠦ ᠮᠠᠷᠳᠠᠨᠠᠮ᠃ | ᠤᠯᠤᠭᠰᠠᠨ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ ᠣᠯᠪᠠ᠃ ᠡᠭᠦᠨ ᠤ | ᠭᠤᠣᠯ ᠢᠯᠡᠷᠡᠯ ᠭᠡᠪᠡᠯ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ | ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ | ᠪᠠᠲᠤᠳᠬᠠᠬᠤ ᠴᠢᠬᠤᠯᠠᠲᠠᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠵᠤ᠂ | ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ | ᠨᠡᠯᠢᠶᠡᠳ ᠪᠠᠭᠤᠷᠠᠢ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ | ᠠᠮᠢ ᠠᠬᠤᠶ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠵᠤ᠂ ᠤᠰᠤᠨ ᠤ ᠡᠬᠢ ᠪᠠᠶᠠᠯᠢᠭ ᠬᠢᠭᠡᠳ | ᠣᠷᠴᠢᠨ ᠲᠣᠭᠤᠷᠢᠨ ᠤ ᠬᠠᠲᠠᠭᠤ ᠬᠢᠵᠠᠭᠠᠷᠯᠠᠯ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ︔ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ | ᠮᠦᠨ ᠬᠦ ᠳᠤᠲᠠᠭᠤᠳᠠᠯ ᠲᠠᠢ ᠪᠠᠶᠢᠵᠤ᠂ ᠠᠷᠠᠳ ᠤᠯᠠᠨ ᠤ ᠴᠥᠭᠡᠨ ᠪᠤᠰᠤ ᠪᠠᠴᠢᠮ᠂ ᠬᠦᠴᠢᠷᠳᠡᠯ ᠲᠠᠢ ᠠᠰᠠᠭᠤᠳᠠᠯ ᠢ | ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠴᠢᠬᠤᠯᠠᠲᠠᠢ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠮᠥᠨ ᠬᠦ | ᠴᠢᠩᠭᠠᠳᠬᠠᠬᠤ ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠭᠦᠨ ᠢ ᠪᠢᠳᠡ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ | ᠪᠦᠲᠦᠮᠵᠢᠲᠡᠢ ᠠᠷᠭ᠎ᠠ ᠬᠡᠮᠵᠢᠶ᠎ᠠ ᠠᠪᠴᠤ ᠪᠠᠶᠢᠭᠠᠳ ᠦᠨᠡᠨ ᠬᠦᠰᠠᠶᠢᠵᠢᠷᠠᠭᠤᠯᠬᠤ ᠬᠡᠷᠡᠭᠳᠠᠢ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | | | | ᠨᠠᠮ ᠤᠨ ᠬᠤᠷᠢᠳᠤᠭᠠᠷ ᠶᠡᠭᠡ ᠬᠤᠷᠠᠯ ᠲᠡᠭᠡᠷ᠎ᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ 2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨ | ᠴᠦ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ | ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠤᠯᠤᠨ᠎ᠠ᠂ ᠰᠢᠨ᠎ᠡ ᠡᠬᠢᠯᠡᠯᠳᠡ ᠶᠢᠨ ᠴᠡᠭ ᠲᠤ᠂ ᠰᠢᠨ᠎ᠡ ᠠᠶᠠᠨ ᠳᠤ ᠮᠣᠷᠳᠠᠬᠤ ᠳᠤ | ᠪᠢᠳᠡ ᠡᠷᠬᠡᠪᠰᠢ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠨ᠂ ᠢᠯᠠᠯᠲᠠ ᠶᠢᠨ ᠡᠷᠴᠢᠨ | ᠳᠡᠭᠡᠷ᠎ᠡ ᠪᠠᠨ ᠤᠷᠤᠭᠰᠢᠯᠠᠵᠤ᠂ ᠵᠣᠷᠢᠭᠲᠠᠶ ᠪᠠᠷ ᠠᠵᠢᠯᠯᠠᠨ᠂ ᠨᠠᠩ ᠭᠠᠷᠮᠠᠭᠠᠶ ᠠᠵᠢᠯ ᠤᠨ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠦᠨ᠎ᠡ᠃ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ | ᠦᠢᠯᠡᠴᠢᠯᠡᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ | ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠭᠦᠯᠦᠨ᠂ ᠥᠭᠡᠷᠡᠴᠢᠯᠡᠯᠲᠡ ᠨᠡᠭᠡᠭᠡᠯᠲᠡ ᠶᠢ | ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠨᠡᠮᠡᠭᠳᠡᠭᠦᠯᠦᠨ᠂ ᠲᠣᠭᠲᠠᠭᠤᠨ ᠢᠶᠠᠷ | ᠬᠦᠭᠵᠢᠭᠦᠯᠬᠦ᠂ ᠲᠣᠭᠲᠠᠭᠤᠨ ᠢᠶᠠᠷ ᠠᠵᠢᠯ ᠤᠯᠭᠤᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠳᠤᠷ | ᠬᠢᠵᠤ᠂ ᠲᠦᠷᠭᠡᠨ ᠪᠦᠭᠡᠳ ᠰᠢᠯᠢᠳᠡᠭ ᠢᠶᠠᠷ ᠯᠠᠪᠳᠠᠭᠤᠨ ᠤᠷᠤᠭᠰᠢᠯᠠᠨ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ | ᠶᠡᠷᠦᠩᠬᠡᠶᠢᠯᠡᠨ ᠵᠢᠯᠤᠭᠤᠳᠤᠭᠤᠯᠵᠤ᠂ ︽ᠳᠥᠷᠪᠡᠨ ᠶᠡᠭᠡ ᠭᠤᠤᠯᠯᠠᠬᠤ ᠠᠵᠤ ᠦᠢᠯᠡᠰ︾ ᠢ ᠬᠥᠭᠵᠢᠭᠦᠯᠬᠦ ᠪᠠᠷ ︽ᠵᠠᠭᠤᠨ | ᠳ᠋ᠦᠩᠰᠢᠭᠤᠷ ᠤᠨ ᠲᠡᠰ ᠤᠨ ᠲᠠᠪᠤᠨ ᠠᠵᠤ ᠦᠢᠯᠡᠰ ᠤᠨ ᠪᠥᠭᠡᠮᠨᠡᠷᠡᠯ︾ ᠢ ᠳᠥᠯᠭᠢᠨ ᠠᠬᠢᠭᠤᠯᠬᠤ ᠪᠠᠷ ᠭᠠᠷᠳᠠᠴᠠ ᠪᠤᠯᠭᠠᠵᠤ | ᠂ ︽ᠵᠢᠷᠭᠤᠭᠠᠨ ᠴᠤ᠋ ᠰᠢᠨ᠎ᠡ ᠲᠦᠷᠪᠡᠳ︾ ᠢ ᠪᠦᠬᠦ ᠲᠠᠯ᠎ᠠ ᠪᠠᠷ ᠪᠠᠶᠢᠭᠤᠯᠤᠨ᠂ ᠠᠮᠢ ᠠᠬᠤᠶ ᠶᠢ ᠲᠡᠷᠢᠭᠦᠨ ᠪᠠᠶᠢᠷᠢᠨ ᠳᠤ | ᠲᠠᠯᠪᠢᠬᠤ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢ ᠭᠤᠶᠢᠪᠢᠰᠢ ᠦᠭᠡᠢ ᠪᠠᠷᠢᠮᠳᠠᠯᠠᠨ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ | ᠬᠡᠮᠵᠢᠶᠡᠨ ᠤ ᠵᠣᠬᠢᠰᠲᠠᠶ ᠨᠡᠮᠡᠭᠳᠡᠯ ᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠳᠥᠷᠪᠡᠳ ᠬᠤᠰᠢᠭᠤᠨ ᠤ ᠨᠡᠩ ᠶᠡᠭᠡ ᠬᠤᠪᠢ ᠨᠡᠮᠡᠷᠢ ᠶᠢ ᠦᠵᠡᠭᠦᠯᠦᠨ᠎ᠡ᠃ 2023 ᠣᠨ ᠤ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠶᠢ 6.5% ᠣᠷᠴᠢᠮ ᠪᠤᠯᠭᠠᠨ᠎ᠠ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 11% ᠣᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ 5% ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰᠪᠤᠷᠢ 6%᠂ 9% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ | ︵ᠨᠢᠭᠡ︶ ᠲᠥᠷᠥᠯ ᠵᠦᠢᠯ᠂ ᠣᠷᠴᠢᠨ ᠲᠣᠭᠤᠷᠢᠨ ᠢ ᠪᠦᠬᠦ ᠬᠦᠴᠦᠨ ᠢᠶᠠᠷ ᠬᠦᠴᠦᠷᠭᠡᠭᠵᠢᠭᠦᠯᠦᠨ ᠰᠢᠯᠢᠳᠡᠭᠵᠢᠭᠦᠯᠵᠤ | ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠎ᠡ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠶᠠᠰᠤ ᠴᠢᠨᠠᠷ ᠪᠠ ᠦᠷ᠎ᠡ ᠠᠰᠢᠭ ᠤᠨ | ᠲᠡᠭᠡᠭᠰᠢᠯᠡᠭᠦᠯᠦᠯᠳᠡ ᠶᠢ ᠪᠥᠬᠦ ᠬᠦᠴᠦᠨ ᠢᠶᠠᠷ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠪᠠᠷᠢᠮᠳᠠᠯᠠᠨ᠂ ᠠᠵᠤ ᠠᠬᠤᠶ ᠶᠢᠨ ᠲᠠᠪᠠᠯᠳᠠ ᠲᠠᠢ | ᠬᠦᠭᠵᠢᠯᠳᠠ ᠶᠢ ᠪᠡᠶᠡᠯᠡᠭᠦᠯᠦᠨ᠎ᠡ᠃ | ᠲᠥᠷᠥᠯ ᠵᠦᠢᠯ ᠤᠨ ᠰᠢᠪᠲᠤᠯᠤᠯᠲᠠ ᠶᠢᠨ ᠴᠡᠭ ᠢ ᠰᠠᠶᠢᠳᠦᠷ ᠠᠳᠬᠤᠵᠤ᠂ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠯᠢᠪᠠ ᠶᠢ ᠲᠥᠷᠥᠯ ᠵᠦᠢᠯ ᠢᠶᠠᠷ ᠭᠤᠣᠯᠳᠠᠭᠤᠯᠵᠤ᠂ ᠠᠵᠤ ᠦᠢᠯᠡᠰ ᠤᠨ ᠳᠡᠰ | ᠳᠠᠪᠰᠢᠯᠲᠠ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠴᠢᠬᠤᠯᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠲᠡᠮᠵᠢᠨ᠂ ᠪᠦᠬᠦ ᠵᠢᠯ ᠳᠤ 18 ᠴᠢᠬᠤᠯᠠ ᠲᠥᠷᠥᠯ ᠵᠦᠢᠯ ᠢ ᠬᠡᠷᠡᠭᠵᠢᠭᠦᠯᠵᠤ᠂ ᠨᠡᠶᠢᠲᠡ 231.6 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠨ᠎ᠠ᠃ ᠬᠤᠰᠢᠭᠤ ᠱᠠᠲᠤᠨ ᠤ ᠤᠳᠤᠷᠢᠳᠤᠯᠭ᠎ᠠ ᠠᠴᠠ ᠭᠤᠤᠯᠳᠠᠯᠭ᠎ᠠ ᠲᠠᠢ ᠲᠥᠷᠥᠯ ᠵᠦᠢᠯ | ᠢ ᠳᠠᠭᠠᠭᠠᠴᠢᠯᠠᠨ ᠬᠠᠷᠢᠯᠴᠠᠬᠤ ᠲᠦᠷᠢᠮ ᠢ ᠪᠠᠷᠢᠮᠲᠠᠯᠠᠵᠤ᠂ ᠲᠤᠰᠬᠠᠶ ᠠᠩᠭᠢ ᠠᠴᠠ ᠠᠬᠢᠭᠤᠯᠤᠨ᠂ ᠱᠠᠲᠤ ᠬᠤᠪᠢᠶᠠᠨ | ᠬᠠᠷᠢᠭᠤᠴᠠᠵᠤ᠂ ᠣᠨᠣᠪᠴᠢᠲᠠᠶ ᠪᠠᠷ ᠦᠢᠯᠡᠴᠢᠯᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠲᠦᠷᠭᠡᠳᠬᠡᠵᠦ᠂ ᠨᠢᠬᠡᠳᠦᠬᠡᠷ ᠤᠯᠠᠷᠢᠯ ᠳᠤ ᠤᠷᠤᠭᠰᠢᠳᠠᠢ ᠡᠬᠢᠯᠡᠬᠦᠯᠬᠦ᠂ ᠬᠤᠶᠠᠳᠤᠭᠠᠷ ᠤᠯᠠᠷᠢᠯ ᠳᠤ ᠬᠠᠭᠠᠰ | ᠲᠤᠭ᠎ᠠ ᠠᠴᠠ ᠲᠠᠪᠠᠭᠤᠯᠬᠤ᠂ ᠭᠤᠷᠪᠠᠳᠤᠭᠠᠷ ᠤᠯᠠᠷᠢᠯ ᠳᠤ ᠢᠳᠡ ᠬᠦᠭ ᠲᠠᠢ ᠠᠵᠢᠯᠯᠠᠬᠤ᠂ ᠲᠦᠷᠪᠡᠳᠦᠬᠡᠷ ᠤᠯᠠᠷᠢᠯ ᠳᠤ | ᠦᠷ᠎ᠡ ᠪᠦᠳᠦᠮᠵᠢ ᠰᠠᠶᠢᠳᠠᠢ ᠪᠠᠶᠢᠬᠤ ᠶᠢ ᠪᠠᠳᠤᠯᠠᠨ᠎ᠠ᠃ ᠪᠡᠯᠡ ᠮᠦᠩᠭᠦᠨ ᠤ ᠬᠠᠩᠭᠠᠯᠳᠠ ᠶᠢᠨ ᠠᠷᠭ᠎ᠠ ᠵᠠᠮ ᠢ ᠦᠷᠬᠡᠳᠬᠡᠨ᠂ | ᠡᠯ᠎ᠡ ᠵᠤᠶᠢᠯ ᠤᠨ ᠵᠢᠬᠡᠯᠡᠯᠬᠡ ᠶᠢᠨ ᠲᠡᠮᠳᠡᠭ ᠪᠠ ᠲᠦᠪ ᠤᠨ ᠲᠦᠰᠦᠪ ᠤᠨ ᠲᠤᠳᠤᠷᠠᠬᠢ ᠪᠡᠯᠡ ᠮᠦᠩᠭᠦ ᠶᠢ ᠢᠳᠡᠪᠬᠢᠳᠠᠢ | ᠴᠢᠷᠮᠠᠶᠢᠨ ᠤᠯᠤᠨ᠎ᠠ᠃ ᠲᠦᠷᠦᠯ ᠵᠤᠶᠢᠯ ᠤᠨ ᠲᠦᠯᠦᠪᠵᠢᠬᠦᠯᠬᠡ ᠶᠢ ᠦᠷᠬᠦᠯᠵᠢᠯᠡᠨ ᠰᠠᠶᠢᠳᠦᠷ ᠠᠳᠬᠤᠵᠦ᠂ ᠲᠦᠷᠦᠯ ᠵᠤᠶᠢᠯ | ᠢ ᠬᠡᠪᠰᠢᠯ ᠪᠠ ᠨᠠᠶᠢᠳᠠᠪᠤᠷᠢᠵᠢᠭᠤᠯᠤᠯᠳᠠ ᠶᠢ ᠲᠡᠬᠡᠭᠰᠢᠯᠡᠬᠦᠯᠦᠨ᠎ᠡ᠃ | ᠠᠷᠠᠯᠵᠢᠶᠠᠴᠢᠨ ᠤᠷᠢᠬᠤ ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠤᠨ᠎ᠠ᠃ ︽ᠨᠤᠳᠤᠭ ᠪᠤᠴᠠᠬᠤ ᠶᠢ ᠵᠤᠷᠢᠭᠵᠢᠭᠤᠯᠤᠨ᠂ ᠬᠡᠷ ᠤᠷᠤᠨ ᠢᠶᠠᠨ ᠪᠠᠶᠢᠭᠤᠯᠬᠤ︾ ᠠᠵᠢᠯᠯᠠᠭ᠎ᠠ ᠶᠢ | ᠰᠢᠨ᠎ᠡ ᠪᠠᠷ ᠡᠬᠦᠳᠦᠨ ᠦᠷᠨᠢᠬᠦᠯᠵᠦ᠂ ︽ᠭᠠᠷᠴᠦ ᠶᠠᠪᠤᠬᠤ ᠪᠠ ᠤᠷᠢᠵᠦ ᠤᠷᠤᠭᠤᠯᠬᠤ︾ ᠶᠢ ᠪᠠᠷᠢᠮᠳᠠᠯᠠᠨ᠂ ᠰᠦᠯᠵᠢᠶᠠᠨ | ᠲᠤᠳᠤᠷ᠎ᠠ ᠭᠠᠳᠠᠨᠠᠬᠢ ᠤᠯᠠᠨ ᠵᠤᠶᠢᠯ ᠤᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠬᠤ ᠶᠢᠨ ᠰᠢᠨ᠎ᠡ ᠰᠢᠪᠳᠤᠯᠤᠯᠳᠠ ᠶᠢ | ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃ ᠦᠬᠡᠷ ᠬᠤᠨᠢ ᠨᠢᠳᠦᠯᠵᠦ ᠡᠳ᠋ᠰᠢᠬᠦᠯᠬᠦ᠂ ᠬᠦᠢᠳᠡᠨ ᠬᠡᠯᠬᠢᠶᠡᠰᠦ ᠶᠢᠨ | ᠬᠦᠢᠯᠬᠡᠬᠡ᠂ ᠲᠦᠮᠦᠰᠦ ᠨᠠᠷᠢᠯᠢᠭᠵᠢᠭᠤᠯᠤᠨ ᠪᠤᠯᠪᠠᠰᠤᠷᠠᠭᠤᠯᠬᠤ᠂ ᠵᠢᠭᠤᠯᠴᠢᠯᠠᠯ ᠵᠡᠷᠬᠡ ᠲᠦᠬᠦᠷ ᠠᠵᠦ ᠦᠢᠯᠡᠰ ᠤᠨ | ᠲᠤᠭᠤᠷᠢᠨ ᠳᠤ᠂ ᠪᠡᠭᠡᠵᠢᠩ ᠲᠢᠶᠠᠨᠵᠢᠨ ᠾᠧᠪᠧᠶ ᠳᠤ ᠬᠦᠨᠵᠡᠭᠡᠶᠢᠷᠡᠨ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ | ᠬᠥᠬᠡᠮᠥ᠋ᠷᠡᠨ ᠤ ᠭᠤᠷᠪᠠᠯᠵᠢᠨ ᠬᠤᠶᠢᠭ ᠬᠦᠷᠳᠡᠯ᠎ᠡ ᠦᠷᠬᠡᠳᠬᠡᠵᠦ᠂ ᠤᠯᠤᠰ ᠠᠯᠤᠰᠯᠠᠭᠰᠠᠨ ᠨᠡᠷᠡᠳᠦ ᠠᠵᠦ ᠠᠬᠤᠶᠢᠯᠠᠯ᠂ | ᠤᠯᠤᠰ ᠤᠨ ᠲᠤᠳᠤᠭᠠᠳᠦ ᠶᠢᠨ 500 ᠬᠦᠴᠦᠷᠬᠡᠭ ᠠᠵᠦ ᠠᠬᠤᠶᠢᠯᠠᠯ᠂ ᠲᠤᠮᠤ ᠬᠡᠯᠪᠡᠷᠢ ᠶᠢᠨ ᠠᠵᠦ ᠠᠬᠤᠶᠢᠯᠠᠯ ᠪᠠ | ᠤᠷᠤᠨ ᠤ ᠲᠤᠳᠤᠨ᠎ᠠ ᠭᠠᠳᠠᠨᠠᠬᠢ ᠠᠵᠦ ᠠᠬᠤᠶᠢᠯᠠᠯ ᠤᠳ ᠲᠤ ᠴᠢᠭᠯᠡᠬᠦᠯᠦᠨ᠂ ᠪᠡᠯᠡ ᠤᠷᠤᠭᠤᠯᠤᠯᠳᠠ ᠶᠡᠭᠡ᠂ ᠦᠢᠯᠡᠳᠬᠦᠨ | ᠤ ᠦᠷᠳᠡᠭ ᠦᠨᠳᠦᠷ᠂ ᠭᠠᠶᠢᠯᠢ ᠶᠢᠨ ᠤᠷᠤᠯᠭ᠎ᠠ ᠶᠢᠨ ᠬᠤᠪᠢ ᠨᠡᠮᠡᠷᠢ ᠶᠡᠭᠡ᠂ ᠨᠡᠶᠢᠬᠡᠮ ᠤᠨ ᠦᠷ᠎ᠡ ᠠᠰᠢᠭ ᠦᠨᠳᠦᠷ᠂ | ᠤᠷᠴᠢᠨ ᠠᠬᠤᠢ ᠳᠤ ᠡᠬᠡᠯᠢᠳᠠᠢ ᠲᠦᠷᠦᠯ ᠵᠤᠶᠢᠯ ᠢ ᠤᠷᠢᠨ ᠤᠷᠤᠭᠤᠯᠵᠦ ᠨᠠᠶᠢᠳᠠᠪᠤᠷᠢᠵᠢᠭᠤᠯᠤᠨ᠎ᠠ᠃ ᠨᠡᠩ ᠤᠯᠠᠨ ᠠᠵᠦ | ᠠᠬᠤᠶᠢᠯᠠᠯ ᠤᠨ ︽ᠠᠮᠢᠵᠢᠷᠠᠯ ᠤᠨ ᠤᠰᠦ︾ ᠪᠠᠷ ᠠᠵᠦ ᠠᠬᠤᠢ ᠶᠢᠨ ︽ᠲᠠᠷᠢᠶ᠎ᠠ︾ ᠶᠢ ᠤᠰᠤᠯᠠᠵᠦ᠂ ᠠᠵᠦ ᠠᠬᠤᠶᠢᠯᠠᠯ | ᠨᠢ ᠴᠢᠨᠠᠬᠡᠯᠢᠭᠵᠢᠭᠰᠡᠨ᠂ ᠪᠦᠬᠦ ᠬᠤᠰᠢᠭᠤ ᠪᠠᠷ ᠢᠶᠠᠨ ᠬᠦᠭᠵᠢᠭᠰᠡᠨ᠂ ᠠᠷᠠᠳ ᠲᠦᠮᠡᠨ ᠠᠰᠢᠭ ᠬᠦᠷᠳᠡᠭᠰᠡᠨ ᠬᠠᠮᠤᠭ ᠤᠨ | ᠦᠨᠳᠦᠷ ᠦᠷ᠎ᠡ ᠪᠦᠳᠦᠮᠵᠢ ᠳᠤ ᠬᠦᠷᠦᠨ᠎ᠡ᠃ | ᠦᠢᠯᠡᠴᠢᠯᠡᠭᠡᠨ ᠤ ᠨᠠᠶᠢᠳᠠᠪᠤᠷᠢᠵᠢᠭᠤᠯᠤᠯᠳᠠ ᠶᠢ ᠠᠳᠬᠤᠵᠤ᠂ ᠬᠤᠳᠠᠯᠳᠤᠭ᠎ᠠ ᠡᠵᠡᠩᠨᠡᠬᠦ ᠪᠣᠳᠠᠲᠤ ᠬᠦᠴᠦᠨ ᠢ | ᠨᠡᠮᠡᠭᠳᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠦᠷᠬᠦᠯᠵᠢᠯᠡᠨ ᠲᠡᠬᠡᠭᠰᠢᠯᠡᠬᠦᠯᠵᠦ᠂ | ᠭᠠᠶᠢᠯᠢ ᠶᠢ ᠬᠦᠩᠭᠡᠯᠡᠵᠦ ᠵᠠᠷᠤᠳᠠᠯ ᠢ ᠪᠠᠭᠠᠰᠬᠠᠬᠤ ᠰᠢᠨ᠎ᠡ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠠᠵᠦ ᠠᠬᠤᠶᠢᠯᠠᠯ ᠳᠤ ᠠᠰᠢᠭ ᠬᠦᠷᠳᠡᠬᠡᠬᠦ ᠲᠦᠷᠦ ᠶᠢᠨ ᠪᠤᠳᠤᠯᠭ᠎ᠠ ᠶᠢ ᠨᠠᠷᠢᠯᠢᠭ ᠤᠨᠤᠴᠢᠳᠠᠢ ᠠᠬᠢᠭᠤᠯᠵᠦ᠂ ᠠᠵᠦ | ᠠᠬᠤᠶᠢᠯᠠᠯ ᠤᠨ ᠱᠠᠭᠠᠷᠳᠠᠯᠭ᠎ᠠ ᠲᠠᠢ ᠦᠶ᠎ᠠ ᠳᠤ ᠱᠠᠭᠠᠷᠳᠠᠯᠭ᠎ᠠ ᠶᠢ ᠨᠢ ᠬᠠᠩᠭᠠᠨ᠎ᠠ᠃ ︽ᠲᠠᠪᠤ ᠶᠢ ᠬᠠᠰᠤᠵᠦ ᠨᠢᠬᠡ ᠶᠢ | ᠰᠢᠯᠢᠳᠡᠭᠵᠢᠬᠦᠯᠬᠦ︾ ᠶᠢ ᠬᠦᠨᠵᠡᠬᠡᠢ ᠦᠷᠨᠢᠬᠦᠯᠦᠨ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾᠂ | ︽ᠨᠢᠬᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ︾ ᠶᠢ ᠡᠷᠴᠢᠮᠵᠢᠬᠦᠯᠵᠦ᠂ ︽ᠨᠢᠬᠡ ᠤᠴᠢᠷ ᠢ ᠨᠢᠬᠡ ᠯᠡ ᠲᠡᠬᠡᠷ᠎ᠡ | ᠬᠦᠢᠴᠡᠳᠬᠡᠬᠦ︾ ᠶᠢ ᠠᠬᠢᠭᠤᠯᠤᠨ᠂ ᠤᠷᠤᠨ ᠬᠤᠳᠠ ᠳᠤ ᠲᠡᠷᠢᠬᠦᠯᠡᠭᠰᠡᠨ ︽ᠲᠦᠷᠪᠡᠳ ᠬᠤᠰᠢᠭᠤᠨ ᠤ ᠦᠷ᠎ᠡ ᠪᠦᠳᠦᠮᠵᠢ︾ | ᠶᠢ ᠪᠤᠢ ᠪᠤᠯᠭᠠᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠴᠢᠰᠤ ᠪᠦᠲᠦᠭᠡᠬᠦ ᠴᠢᠳᠠᠮᠵᠢ ᠶᠢ ᠴᠢᠩᠭᠠᠳᠬᠠᠨ᠂ | ᠤᠯᠤᠰ ᠤᠨ ᠦᠮᠴᠢᠯᠡᠯᠳᠦ ᠠᠵᠤ ᠠᠬᠤᠶᠢᠯᠠᠯ ᠢ ᠡᠵᠡᠩᠨᠡᠯᠲᠡ ᠲᠠᠢ᠂ ᠣᠷᠣᠯᠭ᠎ᠠ ᠲᠠᠢ᠂ ᠠᠰᠢᠭ ᠬᠤᠨᠵᠢᠪᠣᠷᠢ ᠲᠠᠢ ᠪᠣᠯᠭᠠᠨ᠎ᠠ᠃ | ᠤᠳᠤᠷᠢᠳᠬᠤ ᠺᠠᠳ᠋ᠷ ᠠᠴᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ ᠳᠦᠷᠢᠮ ᠢ | ᠪᠠᠶᠢᠭᠤᠯᠤᠨ᠂ ᠲᠠᠭᠠᠭᠠᠴᠢᠯᠠᠭᠰᠠᠨ ᠠᠵᠦ ᠠᠬᠤᠶᠢᠯᠠᠯ ᠨᠢᠬᠡᠪᠦᠷᠢ ᠳᠤ ᠦᠢᠯᠡᠴᠢᠯᠡᠭᠡ ᠬᠠᠩᠭᠠᠵᠦ᠂ ᠵᠠᠬ᠎ᠠ ᠲᠡᠯᠬᠡᠬᠦᠷ ᠤᠨ | ᠭᠤᠤᠯ ᠴᠤᠭᠴᠠ ᠶᠢᠨ ᠪᠡᠯᠡ ᠮᠦᠩᠭᠦ ᠬᠤᠷᠠᠯᠳᠤᠭᠤᠯᠬᠤ ᠳᠤ ᠬᠦᠴᠢᠷ᠂ ᠠᠵᠢᠯᠴᠢᠨ ᠬᠦᠯᠦᠰᠦᠯᠡᠬᠦ ᠳᠤ ᠬᠦᠴᠢᠷ ᠵᠡᠷᠬᠡ | ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠠᠷᠠᠯᠵᠢᠶᠠᠴᠢᠨ ᠤ ᠳᠣᠲᠣᠨᠣ ᠴᠢᠬᠡᠴᠢ | ᠬᠠᠷᠢᠴᠠᠭ᠎ᠠ ᠶᠢ ᠪᠤᠢ ᠪᠣᠯᠭᠠᠵᠤ᠂ ᠠᠵᠦ ᠠᠬᠤᠶᠢᠯᠠᠯᠳᠠᠨ ᠢ ᠬᠦᠨᠳᠦᠳᠬᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠠᠵᠤ ᠠᠬᠤᠢ ᠶᠢᠨ ᠬᠥᠭᠵᠢᠯᠲᠡ ᠶᠢᠨ ︽ᠠᠯᠲᠠᠨ ᠲᠦᠯᠬᠢᠭᠦᠷ︾ ᠪᠣᠯᠭᠠᠨ᠎ᠠ᠃ ᠬᠡᠷᠡᠭᠯᠡᠭᠡ ᠶᠢᠨ ᠬᠦᠴᠦᠯᠡᠬᠦ ᠴᠡᠭ ᠢ | ᠣᠨᠣᠪᠴᠢᠲᠠᠶ ᠠᠳᠬᠤᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠲᠥᠪ ᠤᠨ ᠠᠵᠤ | ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠶᠠᠪᠤᠳᠠᠯ ᠢ ᠠᠵᠤ ᠠᠬᠤᠶ ᠶᠢᠨ ᠲᠣᠭᠲᠠᠭᠤᠨ ᠪᠥᠭᠡᠳ ᠲᠦᠷᠭᠡᠨ ᠬᠥᠭᠵᠢᠯᠲᠡ ᠶᠢ | ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ᠎ᠠ᠃ ᠰᠤᠶᠤᠯ ᠵᠢᠭᠤᠯᠴᠢᠯᠠᠯ ᠤᠨ ᠬᠡᠷᠡᠭᠯᠡᠬᠡᠨ | ᠤ ᠵᠠᠬ᠎ᠠ ᠲᠡᠯᠬᠡᠬᠦᠷ ᠤᠨ ᠲᠦᠷᠭᠡᠨ ᠲᠡᠬᠡᠭᠰᠢᠯᠡᠯᠳᠠ ᠶᠢ ᠠᠬᠢᠭᠤᠯᠤᠨ᠂ ᠵᠢᠭᠤᠯᠴᠢᠯᠠᠯ ᠤᠨ ᠢᠳᠡ ᠤᠯᠠᠷᠢᠯ ᠢ ᠵᠠᠪᠳᠤᠵᠤ᠂ | ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠦᠵᠡᠮᠵᠢ ᠶᠢᠨ ᠴᠡᠭ ᠲᠤ ᠰᠢᠰᠲ᠋ᠧᠮᠳᠤ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢᠨ ᠤᠷᠤᠯᠳᠤᠭᠠᠨ ᠢ ᠲᠥᠰᠦᠪᠯᠡᠨ ᠡᠷᠬᠢᠯᠡᠵᠦ᠂ ᠵᠢᠯ ᠪᠦᠬᠦᠨ ᠢᠶᠠᠷ ᠢᠶᠠᠨ ᠦᠷᠬᠦᠯᠵᠢᠯᠡᠭᠰᠡᠨ ᠠᠵᠢᠯᠯᠠᠭ᠎ᠠ ᠲᠠᠢ | ᠪᠠᠶᠢᠬᠤ ᠶᠢ ᠪᠠᠶᠠᠯᠡᠬᠦᠯᠦᠨ᠎ᠡ᠃ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠯᠡᠭᠡ ᠶᠢ ᠬᠦᠳᠦᠯᠦᠨ ᠵᠢᠯᠣᠭᠤᠳᠴᠤ᠂ ᠭᠡᠷ | ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠲᠣᠭᠲᠠᠭᠤᠨ ᠬᠥᠭᠵᠢᠯᠲᠡ ᠶᠢ | ᠠᠬᠢᠭᠤᠯᠤᠨ᠎ᠠ᠃ ᠬᠤᠲᠠ ᠬᠥᠳᠡᠭᠡ ᠶᠢᠨ ᠬᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠪᠦᠲᠦᠮᠵᠢᠲᠡᠶ ᠬᠥᠭᠵᠢᠭᠡᠨ᠎ᠡ᠃ ᠬᠤᠳᠠᠯᠳᠤᠭᠠᠨ ᠤ ᠲᠣᠣᠷ ᠴᠡᠭ ᠤᠨ | ᠡᠵᠡᠩᠨᠡᠯᠲᠡ ᠶᠢᠨ ᠬᠡᠯᠪᠡᠷᠢ ᠶᠢᠨ ᠴᠤᠭᠯᠠᠷᠠᠯ ᠢ ᠠᠬᠢᠭᠤᠯᠵᠤ᠂ ᠪᠠᠯᠭᠠᠰᠤᠨ ᠤ ᠲᠤᠭᠤᠷᠢᠭ ᠤᠨ ᠠᠮᠲᠠᠲᠤ ᠢᠳᠡᠭᠡᠨ ᠤ ᠵᠡᠭᠡᠯᠢ᠂ | ᠬᠤᠳᠠᠯᠳᠤᠭᠠᠨ ᠤ ᠵᠡᠭᠡᠯᠢ ᠶᠢ ᠲᠡᠰ ᠲᠡᠪᠰᠢᠬᠦᠯᠦᠨ ᠪᠠᠶᠢᠭᠤᠯᠵᠦ᠂ ᠬᠡᠷᠡᠭᠯᠡᠭᠡ ᠳᠤ ᠨᠡᠩ ᠶᠡᠭᠡ ᠰᠠᠳᠠᠯᠳᠠ ᠦᠭᠴᠦ᠂ ᠬᠦᠮᠦᠰ | ᠤᠨ ᠠᠮᠢᠳᠤᠷᠠᠯ ᠤᠨ ᠤᠷᠮ᠎ᠠ ᠵᠤᠷᠢᠭ ᠢ ᠤᠯᠠᠮ ᠬᠦᠭᠵᠢᠬᠡᠨ᠎ᠡ᠃ | ︵ᠬᠤᠶᠠᠷ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠦᠲᠦᠴᠡ ᠶᠢ ᠰᠢᠯᠢᠳᠡᠭᠵᠢᠭᠦᠯᠵᠦ᠂ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠦᠢᠯᠡᠰ ᠤᠨ ᠰᠢᠰᠲ᠋ᠧᠮ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ | ᠪᠦᠬᠦ ᠬᠤᠰᠢᠭᠤᠨ ᠤ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠪᠦᠲᠦᠴᠡ ᠶᠢᠨ ᠲᠣᠬᠢᠷᠠᠭᠤᠯᠤᠯᠲᠠ ᠪᠠ | ᠬᠡᠯᠪᠡᠷᠢ ᠶᠢᠨ ᠬᠤᠪᠢᠷᠠᠭᠤᠯᠤᠯᠲᠠ ᠶᠢ ᠢᠮᠠᠭᠳᠠ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠶᠢ ᠪᠦᠬᠦ ᠬᠦᠴᠦᠨ ᠢᠶᠠᠷ | ᠪᠠᠬᠢᠵᠢᠬᠦᠯᠦᠨ᠂ ︽ᠵᠠᠭᠤᠨ ᠳ᠋ᠦᠩᠰᠢᠭᠤᠷ ᠤᠨ ᠲᠡᠰ ᠤᠨ ᠲᠠᠪᠤᠨ ᠠᠵᠦ ᠠᠬᠤᠶᠢᠯᠠᠯ ᠤᠨ ᠪᠦᠬᠡᠮᠨᠡᠷᠡᠯ︾ ᠤᠨ ᠬᠠᠷᠠᠯᠳᠠ ᠶᠢ | ᠪᠠᠶᠡᠯᠡᠬᠦᠯᠬᠦ ᠪᠠᠷ ᠴᠢᠷᠮᠠᠶᠢᠨ ᠤᠷᠤᠭᠰᠢᠯᠠᠨ᠎ᠠ᠃ | ᠤᠳᠤᠬᠢᠴᠢᠯᠠᠭᠰᠠᠨ ᠮᠠᠯᠵᠢᠯ ᠲᠠᠷᠢᠶᠠᠯᠠᠩ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠬᠦᠴᠦᠲᠡᠶ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠵᠦ ᠭᠡᠷ | ᠪᠠᠶᠢᠰᠢᠩ ᠪᠠᠷᠢᠬᠤ ᠶᠢ ᠴᠢᠩᠭ᠎ᠠ ᠬᠢᠵᠠᠭᠠᠷᠯᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ | ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ ᠥᠨᠳᠥᠷ ᠪᠦᠲᠦᠮᠵᠢᠲᠡᠢ ᠤᠰᠤ ᠠᠷᠪᠢᠯᠠᠬᠤ | ᠲᠠᠷᠢᠶᠠᠯᠠᠩ ᠢ ᠶᠡᠬᠡᠪᠡᠷ ᠬᠥᠭᠵᠢᠭᠦᠯᠵᠦ᠂ 1 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ | ᠬᠠᠩᠭᠠᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤ ᠪᠤᠳᠠᠭᠠᠨ ᠤ ᠤᠨᠠᠯᠲᠠ ᠶᠢ 5 ᠳ᠋ᠦᠩᠰᠢᠭᠤᠷ | ᠵᠢᠩ ᠳᠤ ᠬᠦᠷᠬᠡᠵᠦ᠂ ᠮᠢᠬᠠᠨ ᠤ ᠲᠥᠷᠥᠯ ᠤᠨ ᠭᠠᠷᠤᠯᠲᠠ ᠶᠢ 4 ᠲᠦᠮᠡᠨ ᠲᠣᠨ ᠠᠴᠠ ᠲᠡᠭᠡᠭᠰᠢᠬᠢ ᠳᠤ | ᠲᠣᠭᠲᠠᠪᠤᠷᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠲᠥᠮᠥᠰᠥ ᠡᠳ᠋ᠰᠢᠭᠦᠯᠬᠦ ᠲᠤᠰᠬᠠᠶ ᠬᠡᠷᠡᠭᠯᠡᠭᠡᠨ ᠤ ᠬᠡᠯᠪᠡᠷᠢ᠂ ᠭᠠᠩ ᠢ ᠡᠰᠡᠷᠭᠦᠴᠡᠬᠦ ᠴᠢᠨᠠᠷ ᠰᠠᠶᠢᠲᠠᠶ ᠰᠢᠨ᠎ᠡ ᠰᠣᠷᠭᠤᠭ | ᠢᠳᠡᠭᠡᠨ ᠤ ᠬᠡᠯᠪᠡᠷᠢ ᠶᠢᠨ ᠰᠢᠨ᠎ᠡ ᠡᠭᠦᠯᠳᠡᠷ 5 ᠶᠢ ᠪᠤᠶᠢᠵᠢᠭᠤᠯᠵᠤ᠂ ᠢᠳᠡᠰᠢᠨ ᠬᠤᠨᠢᠨ ᠤ ᠰᠢᠨ᠎ᠡ ᠡᠬᠦᠯᠳᠡᠷ 1᠂ ᠰᠢᠨ᠎ᠡ | ᠡᠬᠦᠯᠳᠡᠷ ᠤᠨ ᠰᠢᠰᠲ᠋ᠧᠮ 5 ᠶᠢ ᠪᠤᠶᠢᠵᠢᠭᠤᠯᠤᠨ᠎ᠠ᠃ 15 ᠲᠦᠮᠡᠨ ᠮᠥ ᠲᠥᠮᠥᠰᠥ ᠳᠠᠷᠢᠬᠤ᠂ 25 ᠲᠦᠮᠡᠨ ᠮᠥ | ᠡᠳ᠋ᠰᠢᠭᠦᠯᠬᠦ ᠲᠤᠰᠬᠠᠶ ᠬᠡᠷᠡᠭᠯᠡᠭᠡᠨ ᠤ ᠲᠥᠮᠥᠰᠥ ᠳᠠᠷᠢᠬᠤ᠂ 20 ᠲᠦᠮᠡᠨ ᠮᠥ ᠲᠠᠸᠠᠷ ᠤᠨ ᠲᠥᠮᠥᠰᠥ ᠳᠠᠷᠢᠬᠤ ᠭᠤᠷᠪᠠᠨ | ᠶᠡᠭᠡ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠵᠦ᠂ ᠲᠦᠮᠦᠰᠦ ᠲᠠᠷᠢᠬᠤ ᠲᠠᠯᠠᠪᠠᠢ ᠶᠢ 60 ᠲᠦᠮᠡᠨ ᠮᠤ᠋ ᠳᠤ | ᠲᠤᠭᠳᠠᠪᠤᠷᠢᠵᠢᠭᠤᠯᠤᠨ᠂ ᠲᠦᠮᠦᠰᠤᠨ ᠤ ᠪᠦᠬᠦ ᠠᠵᠦ ᠦᠢᠯᠡᠰ ᠤᠨ ᠬᠡᠯᠬᠢᠶ᠎ᠠ ᠶᠢ ᠬᠦᠭᠵᠢᠬᠦᠯᠵᠦ᠂ ᠤᠨᠠᠯᠳᠠ ᠪᠠ ᠦᠷᠳᠡᠭ | ᠤᠨ ᠬᠤᠤᠰ ᠨᠡᠮᠡᠭᠳᠡᠯ ᠤᠨ ᠰᠢᠪᠳᠤᠯᠤᠯᠳᠠ ᠶᠢ ᠪᠠᠶᠠᠯᠡᠬᠦᠯᠦᠨ᠎ᠡ᠃ ︽ᠳ᠋ᠦ᠋ ᠮᠧᠩ ᠢᠳᠡᠰᠢᠨ ᠬᠤᠨᠢᠨ ᠤ ᠰᠢᠨ᠎ᠡ ᠡᠬᠦᠯᠳᠡᠷ︾ | ᠢᠶᠠᠷ ᠭᠤᠤᠯᠯᠠᠭᠰᠠᠨ ᠪᠦᠬᠦ ᠤᠯᠤᠰ ᠤᠨ ᠬᠠᠮᠤᠭ ᠶᠡᠭᠡ ᠰᠢᠯᠢᠳᠡᠭ ᠡᠬᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠵᠦ᠂ ᠳ᠋ᠦ᠋ ᠮᠧᠩ ᠢᠳᠡᠰᠢᠨ ᠬᠤᠨᠢ ᠶᠢ ᠡᠭᠦᠯᠳᠡᠷ ᠪᠤᠶᠢᠵᠢᠭᠤᠯᠬᠤ ᠬᠤᠯᠪᠣᠭᠠᠲᠤ ᠴᠣᠭᠴᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠂ ᠳ᠋ᠦ᠋ ᠮᠧᠩ ᠢᠳᠡᠰᠢᠨ ᠬᠤᠨᠢ ᠶᠢ ᠵᠢᠯ ᠳᠤ 80 ᠲᠦᠮᠡ ᠠᠴᠠ ᠳᠡᠭᠡᠭᠰᠢ ᠪᠤᠷᠤᠯᠠᠭᠤᠯᠵᠦ | ᠂ ᠪᠦᠬᠦ ᠬᠤᠰᠢᠭᠤᠨ ᠤ ᠢᠳᠡᠰᠢᠨ ᠬᠤᠨᠢ ᠶᠢ 150 ᠲᠦᠮᠡᠨ ᠲᠤᠯᠤᠭᠠᠢ ᠪᠤᠷᠤᠯᠠᠭᠤᠯᠤᠨ ᠭᠠᠷᠭᠠᠵᠦ᠂ ︽ᠦᠪᠡᠰᠦᠪᠡᠨ | ᠲᠡᠵᠢᠬᠡᠨ ᠦᠪᠡᠰᠦᠪᠡᠨ ᠪᠤᠷᠤᠯᠠᠭᠤᠯᠬᠤ︾ ᠶᠢ ᠨᠢᠬᠡ ᠴᠤᠭᠴᠠᠵᠢᠭᠤᠯᠤᠭᠰᠠᠨ ᠢᠳᠡᠰᠢᠨ ᠬᠤᠨᠢᠨ ᠤ ᠪᠦᠬᠦ ᠠᠵᠦ ᠠᠬᠤᠢ ᠶᠢᠨ | ᠬᠡᠯᠬᠢᠶ᠎ᠠ ᠶᠢᠨ ᠬᠦᠭᠵᠢᠯᠳᠠ ᠶᠢᠨ ᠬᠡᠯᠪᠡᠷᠢ ᠶᠢ ᠪᠠᠶᠢᠭᠤᠯᠤᠨ᠂ ᠴᠢᠨᠠᠷ ᠪᠠ ᠦᠷᠳᠡᠭ ᠤᠨ ᠬᠤᠤᠰ ᠲᠡᠬᠡᠭᠰᠢᠯᠡᠯᠳᠠ ᠶᠢ | ᠪᠠᠶᠡᠯᠡᠬᠦᠯᠦᠨ᠎ᠡ᠃ ᠣᠲᠣ ᠦᠶ᠎ᠡ ᠶᠢᠨ ᠢᠳᠡᠰᠢᠨ ᠦᠬᠡᠷ ᠤᠨ ᠠᠵᠤ ᠦᠢᠯᠡᠰ ᠤᠨ ᠪᠤᠶᠢᠵᠢᠭᠤᠯᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠢᠳᠡᠰᠢᠨ ᠦᠬᠡᠷ ᠤᠨ ᠰᠦᠷᠦᠭ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ | ᠠᠬᠢᠭᠤᠯᠤᠨ᠂ ᠠᠩᠭᠢᠰ ᠢᠳᠡᠰᠢᠨ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠣᠭᠤᠷᠢᠭ 1 ᠶᠢ ᠰᠢᠨ᠎ᠡ ᠪᠠᠷ | ᠨᠡᠮᠡᠭᠳᠡᠭᠦᠯᠵᠦ᠂ ᠢᠳᠡᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ 10 ᠲᠦᠮᠡᠨ ᠲᠣᠯᠣᠭᠠᠶ ᠳᠤ ᠬᠦᠷᠦᠭᠦᠯᠦᠨ᠎ᠡ᠃ | ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠶᠢ ᠯᠠᠪᠳᠠᠭᠤᠨ ᠠᠬᠢᠭᠤᠯᠵᠤ᠂ 5 ᠲᠦᠮᠡᠨ ᠮᠤ᠋ | ᠨᠣᠭᠤᠭᠠᠨ ᠳᠠᠷᠤᠰᠢ ᠶᠢᠨ ᠡᠷᠳᠡᠨᠢ ᠰᠢᠰᠢ᠂ 3.6 ᠲᠦᠮᠡᠨ ᠮᠤ᠋ ᠲᠡᠵᠢᠭᠡᠯ ᠪᠣᠷᠳᠣᠭᠠᠨ ᠤ ᠠᠵᠤ ᠦᠢᠯᠡᠰ ᠤᠨ ᠬᠡᠪᠴᠢᠶ᠎ᠡ ᠶᠢ | ᠥᠷᠭᠡᠳᠬᠡᠨ᠂ ︽ᠠᠮᠤ ᠪᠤᠳᠠᠭ᠎ᠠ ᠠᠷᠪᠢᠯᠠᠬᠤ ᠬᠡᠯᠪᠡᠷᠢ︾ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠨ᠎ᠠ | ᠃ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠣᠮᠣᠭᠠᠨ ᠤ ᠲᠡᠮᠡᠭᠡᠨ ᠤ ᠠᠵᠤ | ᠦᠢᠯᠡᠰ ᠢ ᠬᠥᠭᠵᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠳᠤ 1800 ᠲᠣᠨ ᠢᠩᠭᠡᠨ ᠰᠦ | ᠦᠢᠯᠡᠳᠪᠦᠷᠢᠯᠡᠨ᠎ᠡ᠃ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠶ ᠶᠢᠨ ᠲᠡᠮᠳᠡᠭᠲᠦ | ᠪᠦᠲᠦᠭᠡᠭᠳᠡᠬᠦᠨ ᠤ ᠭᠡᠷᠡᠴᠢᠯᠡᠯ ᠢ ᠴᠢᠩᠭᠠᠳᠬᠠᠵᠤ᠂ ᠪᠣᠬᠢᠷᠲᠤᠯ ᠥᠬᠡᠶ ᠢᠳᠡᠭᠡᠨ 5᠂ ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ 2᠂ ᠰᠢᠨ᠎ᠡ ᠪᠠᠷ ᠭᠡᠷᠡᠴᠢᠯᠡᠭᠰᠡᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 3 ᠶᠢ | ᠨᠡᠮᠡᠭᠳᠡᠭᠦᠯᠵᠦ᠂ ︽ᠳᠥᠷᠪᠡᠳ ᠬᠤᠰᠢᠭᠤᠨ ᠤ ᠨᠠᠷᠠᠲᠤ ᠲᠡᠮᠳᠡᠭᠲᠦ︾ ᠶᠢ ᠣᠷᠣᠨ ᠤ ᠳᠣᠲᠣᠷ᠎ᠠ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠤᠯᠤᠰ ᠤᠨ ᠳᠣᠲᠣᠭᠠᠳᠤ ᠳᠤ ᠠᠯᠳᠠᠷᠰᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠬᠦᠴᠦᠯᠡᠨ | ᠠᠬᠢᠭᠤᠯᠤᠨ᠎ᠠ᠃ ᠤᠯᠤᠰ ᠤᠨ ᠠᠮᠢ ᠠᠬᠤᠶ ᠶᠢᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠠᠬᠢᠯᠭᠠᠨ ᠤ ᠪᠠᠯᠠ ᠣᠷᠣᠭᠤᠯᠤᠯᠲᠠ ᠶᠢᠨ 600 | ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ ᠭᠤᠷᠪᠠᠨ ᠬᠠᠪᠴᠢᠯ ᠤᠨ ︽ᠴᠠᠬᠢᠯᠭᠠᠨ ᠤ ᠰᠤᠷᠪᠤᠯᠵᠢ ᠶᠢᠨ | ᠲᠤᠤᠷ ᠳᠠᠭᠠᠭᠠᠴᠠ ᠨᠥᠭᠡᠴᠡ︾ ᠶᠢᠨ 200 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ | ᠪᠣᠯᠤᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 100 ᠲᠦᠮᠡᠨ ᠺᠢᠯᠤᠸᠠᠲ ᠤᠨ ᠰᠠᠯᠬᠢᠨ ᠬᠦᠴᠦᠨ ᠤ | ᠨᠥᠭᠡᠴᠡ ᠶᠢᠨ ᠲᠥᠷᠥᠯ ᠵᠦᠢᠯ ᠢ ᠪᠥᠬᠦ ᠬᠤᠷᠳᠤᠴᠠ ᠪᠠᠷ ᠠᠬᠢᠭᠤᠯᠵᠦ᠂ ᠴᠠᠬᠢᠯᠭᠠᠨ ᠬᠦᠷᠬᠡᠬᠦ 2 ᠢᠨᠵᠧᠨᠧᠷᠢᠩ ᠢ | ᠲᠦᠷᠬᠡᠳᠬᠡᠨ ᠪᠠᠶᠢᠭᠤᠯᠵᠦ᠂ ᠮᠠᠰᠢᠨ ᠴᠤᠭᠴᠠᠯᠠᠪᠤᠷᠢ ᠶᠢᠨ ᠶᠡᠷᠦᠩᠭᠡᠢ ᠪᠠᠭᠳᠠᠭᠠᠮᠵᠢ ᠶᠢᠨ ᠬᠡᠮᠵᠢᠶ᠎ᠠ ᠶᠢ 529 ᠲᠦᠮᠡᠨ | ᠺᠢᠯᠤᠸᠠᠲ ᠲᠤ ᠬᠦᠷᠬᠡᠵᠦ᠂ ᠴᠡᠪᠡᠷ ᠡᠨᠧᠷᠬᠢ ᠶᠢᠨ ᠦᠷᠳᠡᠭ ᠢ 100 ᠳ᠋ᠦᠩᠰᠢᠭᠤᠷ ᠲᠡᠰ ᠤᠨ ᠬᠡᠮᠵᠢᠶ᠎ᠠ ᠬᠦᠷᠬᠡᠬᠦ ᠠᠯᠬᠤᠮ | ᠢᠶᠠᠨ ᠡᠬᠢᠯᠡᠬᠦᠯᠦᠨ᠎ᠡ᠃ ᠠᠵᠤ ᠦᠢᠯᠡᠰ ᠤᠨ ᠬᠦᠷᠢᠶᠡᠯᠡᠩ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ 3000 | ᠲᠣᠨ ᠪᠣᠬᠢᠷ ᠤᠰᠤ ᠰᠢᠢᠳᠪᠦᠷᠢᠯᠡᠬᠦ᠂ 310 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠲᠠᠯᠠᠪᠠᠶ᠂ ᠵᠠᠮ ᠬᠤᠭᠤᠯᠠᠶ ᠶᠢᠨ ᠲᠤᠤᠷ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠤᠨ᠎ᠠ᠃ ᠹᠯᠣᠷ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠡᠨᠧᠷᠭᠢ ᠠᠷᠪᠢᠯᠠᠬᠤ ᠴᠢᠭᠯᠡᠯ ᠲᠡᠰᠢ ᠬᠥᠭᠵᠢᠬᠦ ᠠᠯᠬᠤᠴᠠ ᠶᠢ ᠲᠦᠷᠭᠡᠳᠬᠡᠨ | ᠠᠬᠢᠭᠤᠯᠵᠤ᠂ ᠶᠥᠩ ᠾᠧ ᠹᠯᠣᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ | ᠠᠯᠬᠤᠮ ᠦᠷᠭᠡᠳᠬᠡᠨ᠂ ᠵᠢᠯ ᠳᠤ 0.8 ᠲᠦᠮᠡᠨ ᠲᠣᠨ ᠬᠡᠯᠪᠠᠶᠢᠭᠦᠦ ᠹᠯᠣᠷᠲᠤ ᠡᠲ᠋ᠧᠨ᠂ 1 ᠲᠦᠮᠡᠨ ᠲᠣᠨ ᠪᠦᠷᠢᠨ ᠹᠯᠣᠷᠲᠤ | ᠾᠤᠺᠷᠤᠨ᠂ 6 ᠲᠦᠮᠡᠨ ᠲᠣᠨ ᠬᠠᠶᠠᠭᠳᠠᠮᠠᠯ ᠳᠠᠪᠤᠰᠤ ᠶᠢ ᠦᠢᠯᠡᠳᠪᠦᠷᠢᠯᠡᠬᠦ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠰᠢᠨ᠎ᠡ ᠪᠠᠷ ᠪᠠᠶᠢᠭᠤᠯᠤᠨ᠎ᠠ᠃ ᠵᠢᠶᠠ ᠬᠤᠢ ᠴᠠᠬᠢᠭᠤᠷ ᠤᠨ ᠦᠢᠯᠡᠰ ᠢ ᠲᠠᠬᠢᠨ ᠪᠠᠶᠢᠭᠤᠯᠬᠤ ᠶᠢ ᠪᠦᠬᠦ ᠬᠦᠴᠦᠨ ᠢᠶᠠᠷ | ᠠᠬᠢᠭᠤᠯᠵᠦ᠂ ᠵᠢᠯ ᠤᠨ ᠲᠤᠳᠤᠷ᠎ᠠ ᠦᠢᠯᠡᠳᠪᠦᠷᠢᠯᠡᠯ ᠢ ᠡᠬᠢᠯᠡᠬᠦᠯᠦᠨ᠎ᠡ᠃ ᠴᠢᠶᠠᠨ ᠯᠧᠢ ᠺᠣᠮᠫᠠᠨᠢ ᠶᠢᠨ ᠪᠣᠷᠵᠢᠨ ᠴᠢᠯᠠᠭᠤᠨ ᠤ | ᠰᠢᠨ᠎ᠡ ᠬᠡᠯᠪᠡᠷᠢ ᠶᠢᠨ ᠬᠥᠩᠭᠡᠨ ᠴᠢᠨᠠᠷᠲᠠᠢ ᠬᠠᠨ᠎ᠠ ᠶᠢᠨ ᠬᠠᠪᠲᠠᠰᠤ ᠶᠢᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ | ᠠᠬᠢᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠶ ᠨᠠᠷᠢᠯᠢᠭ ᠬᠢᠵᠦ᠂ 1 ᠲᠦᠮᠡᠨ ᠲᠣᠨ ᠤ ᠬᠤᠪᠢᠷᠠᠮᠠᠯ ᠴᠠᠷᠳᠠᠭᠤᠯ᠂ 1 ᠲᠦᠮᠡᠨ | ᠲᠣᠨ ᠤ ᠪᠦᠷᠢᠨ ᠨᠤᠨᠲᠠᠭ᠂ ᠴᠠᠭᠠᠨ ᠢᠳᠡᠭᠡ ᠪᠣᠯᠪᠠᠰᠤᠷᠠᠭᠤᠯᠬᠤ ᠪᠠ ᠮᠠᠯ ᠲᠠᠷᠢᠶᠠᠯᠠᠩ ᠤᠨ ᠪᠦᠲᠦᠭᠡᠭᠳᠡᠬᠦᠨ ᠢ ᠬᠥᠯᠳᠡᠭᠡᠬᠦ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ | ᠦᠢᠯᠡᠳᠪᠦᠷᠢᠯᠡᠯ ᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ ᠨᠢᠭᠡᠳᠦᠯᠲᠡᠢ ᠲᠦᠯᠦᠪᠵᠢᠭᠦᠯᠬᠦ | ᠶᠢ ᠢᠳᠡᠪᠬᠢᠲᠡᠢ ᠬᠦᠭᠵᠢᠬᠦᠯᠦᠨ᠂ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ 2 — 3 ᠠᠵᠤ ᠠᠬᠤᠶᠢᠯᠠᠯ ᠢ | ᠰᠢᠨ᠎ᠡ ᠪᠠᠷ ᠨᠡᠮᠡᠭᠳᠡᠭᠦᠯᠵᠦ᠂ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠪᠤᠶᠢᠨ ᠰᠦᠮ᠎ᠡ ᠶᠢᠨ ᠵᠡᠰ ᠤᠨ ᠦᠢᠯᠡᠰ ᠤᠨ ᠲᠥᠷᠥᠯ | ᠵᠦᠢᠯ ᠤᠨ ᠳᠠᠬᠢᠨ ᠴᠡᠭᠴᠡᠯᠡᠬᠦ ᠠᠵᠢᠯ ᠢ ᠠᠬᠢᠭᠤᠯᠵᠤ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠵᠢᠬᠥ᠋ᠭᠵᠢᠭᠡᠨᠡ᠃ | ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ᠃ | ︽ᠠᠮᠢ ᠠᠬᠤᠶ ᠶᠢᠨ ᠵᠢᠭᠤᠯᠴᠢᠯᠠᠯ︾ ᠤᠨ ᠪᠦᠲᠦᠭᠡᠨ ᠪᠠᠶᠢᠭᠤᠯᠤᠯᠲᠠ ᠪᠠᠷ ᠭᠤᠤᠯ ᠱᠤᠭᠤᠮ ᠪᠣᠯᠭᠠᠵᠤ᠂ ᠵᠢᠭᠤᠯᠴᠢᠯᠠᠯ ᠤᠨ | ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠬᠥᠭᠵᠢᠯᠲᠡ ᠶᠢᠨ ᠴᠢᠳᠠᠪᠤᠷᠢ ᠶᠢ | ᠨᠡᠮᠡᠭᠳᠡᠭᠦᠯᠦᠨ᠎ᠡ᠃ ᠭᠡᠭᠡᠨᠲᠠᠯ᠎ᠠ ᠵᠢᠭᠤᠯᠴᠢᠯᠠᠯ ᠤᠨ ᠲᠥᠪ ᠤᠨ ᠡᠵᠡᠩᠨᠡᠯᠲᠡ ᠶᠢᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠤᠯᠤᠰ ᠤᠨ 5A ᠲᠡᠰ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠰᠠᠭᠤᠷᠢ ᠠᠵᠢᠯ ᠢ | ᠲᠡᠭᠦᠯᠳᠡᠷᠵᠢᠭᠦᠯᠦᠨ᠎ᠡ᠃ ᠨᠤᠮᠤᠭᠠᠨ ᠠᠭᠤᠯᠠ ᠶᠢᠨ ᠦᠵᠡᠮᠵᠢ ᠶᠢᠨ ᠣᠷᠣᠨ᠂ ᠸᠠᠩ ᠤᠨ ᠣᠷᠳᠣᠨ᠂ ᠲᠤᠤᠷᠠᠶ ᠶᠢᠨ ᠣᠶ ᠶᠢᠨ | ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠵᠢᠭᠤᠯᠴᠢᠯᠠᠯ ᠤᠨ ᠬᠦᠭᠵᠢᠯᠳᠠ ᠶᠢᠨ ᠰᠢᠨ᠎ᠡ ᠬᠢᠯᠠᠰ ᠴᠢᠭ ᠢ ᠪᠤᠢ ᠪᠤᠯᠭᠠᠨ᠎ᠠ᠃ ᠦᠳᠡ ᠳᠤᠮᠳᠠ ᠶᠢᠨ ᠬᠤᠶᠠᠳᠤᠭᠠᠷ | ᠬᠤᠭᠤᠴᠠᠭᠠᠨ ᠤ ᠣᠭᠲᠠᠷᠭᠤᠶ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠤ ᠲᠥᠪ ᠤᠨ ᠲᠥᠷᠥᠯ ᠵᠦᠢᠯ᠂ ᠰᠢᠮᠢᠨ ᠭᠤᠤᠯ | ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ ᠳᠤ ᠲᠦᠰᠢᠭᠯᠡᠨ᠂ ᠠᠭᠠᠷ ᠤᠨ ᠠᠶᠠᠯᠠᠯ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠣᠷᠣᠨ ᠨᠤᠲᠤᠭ ᠤᠨ ᠣᠨᠴᠠᠯᠢᠭᠲᠤ ᠡᠬᠢ ᠪᠠᠶᠠᠯᠢᠭ ᠢ ᠠᠰᠢᠭᠯᠠ᠂ ᠪᠠᠶᠢᠷᠢᠰᠢᠯ ᠨᠢ ᠵᠦᠢ ᠵᠣᠬᠢᠰᠲᠠᠢ᠂ ᠰᠣᠶᠣᠯ ᠨᠢ ᠣᠯᠠᠨ | ᠡᠰᠢᠵᠢᠭᠰᠡᠨ᠂ ᠬᠠᠮᠢᠶᠠᠷᠤᠯᠲᠠ ᠨᠢ ᠵᠢᠷᠤᠮᠵᠢᠭᠰᠠᠨ ᠠᠷᠠᠳ ᠤᠨ ᠰᠠᠭᠤᠴᠠ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠬᠦ | ᠲᠠᠯ᠎ᠠ ᠪᠠᠷ ᠪᠠᠶᠢᠭᠤᠯᠵᠤ᠂ ︽ᠲᠣᠭᠤᠷᠢᠨ ᠵᠤᠭᠠᠴᠠᠬᠤ᠂ ᠵᠠᠩ ᠦᠢᠯᠡ ᠶᠢᠨ ᠵᠢᠭᠤᠯᠴᠢᠯᠠᠯ᠂ ᠡᠷᠡᠭᠦᠯ ᠮᠡᠨᠳᠦ ᠶᠢᠨ | ᠰᠤᠪᠢᠯᠠᠯᠲᠠ ᠶᠢᠨ ᠵᠢᠭᠤᠯᠴᠢᠯᠠᠯ︾ ᠢ ᠨᠢᠭᠡ ᠴᠣᠭᠴᠠᠵᠢᠭᠤᠯᠤᠭᠰᠠᠨ ᠲᠡᠭᠡᠳᠦ ᠲᠡᠰ ᠤᠨ ᠠᠷᠠᠳ ᠤᠨ ᠰᠠᠭᠤᠴᠠ ᠶᠢᠨ ᠭᠡᠷ ᠢ | 10 ᠠᠴᠠ ᠳᠡᠭᠡᠭᠰᠢ ᠪᠠᠶᠢᠭᠤᠯᠤᠨ᠎ᠠ᠃ ᠡᠯ᠎ᠡ ᠦᠵᠡᠮᠵᠢ ᠶᠢᠨ ᠣᠷᠣᠨ ᠵᠢᠴᠢ ᠡᠷᠭᠢᠨ ᠲᠣᠭᠤᠷᠢᠨ ᠤ ᠵᠠᠮ ᠤᠨ ᠵᠣᠷᠯᠣᠩ᠂ | ᠢᠯᠭᠠᠬᠤ ᠲᠡᠮᠳᠡᠭ᠂ ᠲᠡᠷᠭᠡᠨ ᠵᠣᠭᠰᠣᠭᠠᠯ ᠵᠡᠷᠭᠡ ᠲᠥᠬᠦᠷ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠣᠯᠠᠨ | ᠨᠡᠶᠢᠲᠡ ᠶᠢᠨ ᠰᠠᠭᠤᠷᠢ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠯ ᠤᠨ | ᠳᠣᠲᠣᠷ᠎ᠠ ᠵᠤᠭᠠᠴᠠᠭᠰᠠᠳ ᠢ 110 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠶᠡᠷᠦᠩᠬᠡᠢ ᠣᠷᠣᠯᠭ᠎ᠠ ᠶᠢ 10.5 | ᠳ᠋ᠦᠩᠰᠢᠭᠤᠷ ᠲᠥᠭᠦᠷᠢᠭ ᠲᠤ ᠬᠦᠷᠬᠡᠨ᠎ᠡ᠃ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠤᠭᠠᠴᠠᠯ ᠤᠨ | ᠨᠠᠭᠠᠳᠤᠮ ᠤᠨ ᠶᠡᠭᠡ ᠬᠤᠷᠠᠯ ᠢ ᠪᠦᠬᠦ ᠬᠦᠴᠦᠨ ᠢᠶᠠᠷ ᠭᠤᠶᠤᠴᠢᠯᠠᠨ ᠡᠷᠬᠢᠯᠡᠵᠦ᠂ ᠳᠠᠭᠤᠤ ᠬᠥᠭᠵᠢᠮ ᠤᠨ ᠨᠠᠶᠢᠷ᠂ ᠠᠮᠲᠠᠲᠤ | ᠢᠳᠡᠭᠡᠨ ᠤ ᠨᠠᠶᠢᠷ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ | ᠶᠠᠪᠤᠭᠳᠠᠭᠤᠯᠤᠨ᠂ ᠰᠠᠨᠰᠠᠷ ᠠᠶᠠᠯᠠᠯ ᠤᠨ ᠬᠠᠮᠢᠶ᠎ᠠ ᠪᠦᠬᠦᠢ ᠰᠦᠯᠵᠢᠶᠠᠨ ᠤᠳᠦ ᠶᠢᠨ ᠵᠤᠭᠠᠴᠠᠯ ᠤᠨ ᠭᠠᠵᠠᠷ ᠢ ᠰᠦᠪᠡᠭᠴᠢᠯᠡᠨ | ᠪᠠᠶᠢᠭᠤᠯᠵᠦ᠂ ︽ᠦᠵᠡᠰᠬᠦᠯᠡᠩᠳᠦ ᠲᠦᠷᠪᠡᠳ ᠬᠤᠰᠢᠭᠤ᠂ ᠤᠷᠤᠨ ᠤ ᠲᠦᠪ ᠤᠨ ᠠᠷᠦ ᠴᠡᠴᠡᠷᠯᠢᠭ︾ ᠨᠡᠷᠡᠳᠦ ᠲᠡᠮᠳᠡᠭ | ᠤᠨ ᠠᠯᠳᠠᠷᠰᠢᠯ ᠢ ᠤᠯᠠᠮ ᠴᠢᠨᠠᠭᠰᠢᠳᠠ ᠦᠷᠬᠡᠳᠬᠡᠵᠦ᠂ ᠲᠦᠷᠪᠡᠳ ᠬᠤᠰᠢᠭᠤ ᠶᠢ ᠬᠦᠮᠦᠨ ᠪᠦᠬᠦᠳᠠ ᠶᠢᠨ ᠵᠢᠭᠤᠯᠴᠢᠯᠠᠯ | ᠤᠨ ᠬᠦᠰᠡᠯ ᠮᠦᠷᠦᠬᠡᠳᠦᠯ ᠤᠨ ᠤᠷᠤᠨ ᠪᠤᠯᠭᠠᠨ᠎ᠠ᠃ | ᠠᠷᠠᠯᠵᠢᠶ᠎ᠠ ᠬᠤᠳᠠᠯᠳᠤᠭ᠎ᠠ ᠮᠥᠩᠭᠦᠨ ᠭᠦᠢᠯᠭᠡᠭᠡᠨ ᠤ ᠠᠵᠤ ᠦᠢᠯᠡᠰ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠲᠠᠸᠠᠷ ᠤᠨ ᠠᠷᠠᠯᠵᠢᠶᠠᠨ ᠤ ᠬᠦᠢᠯᠬᠡᠬᠡᠨ ᠤ ᠠᠮᠢᠵᠢᠷᠠᠯ ᠤᠨ ᠬᠦᠴᠦᠨ ᠢ ᠬᠦᠭᠵᠢᠬᠡᠵᠦ᠂ | ᠮᠠᠯᠵᠢᠬᠤ ᠲᠠᠷᠢᠶᠠᠯᠠᠬᠤ ᠤᠷᠤᠨ ᠤ ᠲᠦᠷᠬᠡᠨ ᠭᠤᠪᠢᠭᠤᠯᠭ᠎ᠠ ᠶᠢᠨ ᠬᠦᠢᠯᠬᠡᠬᠡᠨ ᠤ ᠰᠦᠯᠵᠢᠶ᠎ᠠ ᠶᠢ ᠰᠢᠯᠢᠳᠡᠭᠵᠢᠬᠦᠯᠦᠨ᠂ | ᠬᠤᠳᠠ ᠬᠦᠳᠡᠭᠡ ᠶᠢᠨ ᠬᠡᠯᠬᠢᠶ᠎ᠠ ᠶᠢᠨ ᠬᠦᠢᠯᠬᠡᠬᠡᠨ ᠤ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠭᠥᠸᠧ ᠲᠥᠩ ᠡᠳ᠋ | ᠪᠠᠷᠠᠭᠠᠨ ᠤ ᠬᠦᠢᠯᠬᠡᠬᠡᠨ ᠤ ᠬᠦᠷᠢᠶᠠᠯᠠᠩ ᠢ ᠠᠰᠢᠭᠯᠠᠯᠳᠠ ᠳᠤ ᠤᠷᠤᠭᠤᠯᠬᠤ ᠪᠠᠷ ᠲᠦᠷᠬᠡᠳᠬᠡᠨ᠂ ᠦᠨᠳᠦᠷ ᠪᠦᠳᠦᠮᠵᠢᠳᠠᠢ | ᠬᠦᠢᠯᠬᠡᠬᠡᠨ ᠤ ᠰᠢᠰᠲ᠋ᠧᠮ ᠢ ᠪᠠᠶᠢᠭᠤᠯᠵᠦ᠂ ᠲᠠᠸᠠᠷ ᠤᠨ ᠬᠦᠢᠯᠬᠡᠬᠡᠨ ᠤ ᠦᠪᠡᠷ ᠤᠨ ᠦᠷᠳᠡᠭ ᠢ ᠪᠠᠭᠤᠷᠠᠭᠤᠯᠤᠨ᠂ | ᠦᠪᠡᠷᠳᠡᠭᠡᠨ ᠵᠠᠰᠠᠬᠤ ᠤᠷᠤᠨ ᠤ ᠬᠤᠰᠢᠭᠤ ᠰᠢᠶᠠᠨ ᠤ ᠲᠡᠰ ᠤᠨ ᠠᠷᠠᠯᠵᠢᠶ᠎ᠠ ᠬᠤᠳᠠᠯᠳᠤᠭᠠᠨ ᠤ ᠰᠢᠰᠲ᠋ᠧᠮ ᠤᠨ ᠪᠦᠳᠦᠭᠡᠨ | ᠪᠠᠶᠢᠭᠤᠯᠤᠯᠳᠠ ᠶᠢᠨ ᠵᠢᠱᠢᠶᠡᠴᠢ ᠬᠤᠰᠢᠭᠤ ᠰᠢᠶᠡᠨ ᠪᠤᠯᠭᠠᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠭᠤᠤᠯ | ᠴᠤᠭᠴᠠ ᠶᠢ ᠤᠯᠠᠮ ᠨᠢᠬᠡ ᠠᠯᠬᠤᠮ ᠬᠦᠴᠦᠷᠬᠡᠭᠵᠢᠬᠦᠯᠦᠨ᠂ ᠮᠠᠯ ᠲᠠᠷᠢᠶᠠᠯᠠᠩ ᠤᠨ ᠪᠦᠳᠦᠬᠡᠭᠳᠡᠬᠦᠨ ᠤ ᠰᠦᠯᠵᠢᠶᠠᠨ ᠲᠡᠬᠡᠷ᠎ᠡ | ᠪᠤᠷᠤᠯᠠᠭᠤᠯᠬᠤ ᠶᠢ ᠲᠠᠭᠠᠭᠤᠯᠤᠨ᠂ ᠲᠤᠰ ᠭᠠᠵᠠᠷ ᠤᠷᠤᠨ ᠤ ᠰᠦᠯᠵᠢᠶᠠᠨ ᠴᠤᠤᠳᠠᠨ ᠢ ᠶᠡᠬᠡᠪᠡᠷ ᠬᠦᠮᠦᠵᠢᠬᠦᠯᠵᠦ᠂ | ᠤᠷᠤᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠦᠷᠬᠡᠳᠬᠡᠨ᠎ᠡ᠃ ᠨᠡᠩ ᠤᠯᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ᠂ ᠭᠠᠳᠠᠭᠠᠳᠤ | ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠲᠤᠭ᠎ᠠ ᠶᠢ 7000 ᠲᠦᠮᠡᠨ ᠳ᠋ᠣᠯᠯᠠᠷ ᠲᠠᠪᠠᠭᠤᠯᠤᠨ᠎ᠠ᠃ ︽ᠵᠠᠰᠠᠭ ᠤᠨ | ᠤᠷᠳᠤᠨ᠂ ᠮᠥᠩᠭᠦᠨ ᠭᠦᠢᠯᠭᠡᠭᠡ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ᠂ ᠮᠥᠩᠭᠦᠨ | ᠭᠦᠢᠯᠭᠡᠭᠡᠨ ᠤ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ᠂ ᠮᠦᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠭᠠᠨ ᠬᠢᠨᠠᠵᠤ ᠦᠨᠡᠯᠡᠬᠦ ᠶᠢ ᠴᠢᠩᠭᠠᠳᠬᠠᠨ᠂ | ᠨᠠᠩ ᠣᠯᠠᠨ ᠮᠥᠩᠭᠦᠨ ᠭᠦᠢᠯᠭᠡᠭᠡᠨ ᠤ ᠬᠥᠷᠥᠩᠭᠡ ᠶᠢ ᠪᠥᠬᠦ ᠣᠷᠣᠨ ᠪᠦᠰᠡ ᠶᠢᠨ ᠵᠢᠭᠤᠯᠴᠢᠯᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭᠠᠳᠤ ᠬᠦᠷᠢᠶ᠎ᠡ ᠬᠡᠪᠴᠢᠶᠡᠨ ᠳᠤ ᠣᠷᠣᠭᠤᠯᠬᠤ ᠶᠢ ᠳᠠᠶᠢᠴᠢᠯᠠᠨ᠎ᠠ᠃ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠦ ᠠᠬᠤᠢ ᠶᠢᠨ ᠨᠠᠶᠢᠳᠠᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ | ᠦᠷᠨᠢᠬᠦᠯᠵᠦ᠂ ᠪᠦᠬᠦ ᠬᠤᠰᠢᠭᠤᠨ ᠤ ᠠᠵᠦ ᠦᠢᠯᠡᠰ ᠤᠨ ᠰᠠᠭᠤᠷᠢ ᠪᠠᠶᠢᠳᠠᠯ ᠢ ᠮᠦᠷᠳᠡᠨ ᠪᠠᠶᠢᠴᠠᠭᠠᠵᠦ᠂ ᠰᠢᠨᠵᠢᠯᠡᠬᠦ | ᠤᠬᠠᠭᠠᠨᠴᠢ ᠰᠢᠢᠳᠪᠦᠷᠢ ᠭᠠᠷᠭᠠᠬᠤ ᠳᠤ ᠨᠠᠶᠢᠳᠠᠪᠤᠷᠢᠳᠠᠢ ᠲᠤᠯᠭᠠᠭᠤᠷᠢᠯᠠᠬᠤ ᠬᠦᠴᠦᠨ ᠢ ᠬᠠᠩᠭᠠᠨ᠎ᠠ᠃ ᠮᠥᠩᠭᠦᠨ ᠭᠦᠢᠯᠭᠡᠭᠡᠨ | ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ | ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠡᠷᠡᠭᠦᠯ ᠪᠤᠰᠤ ᠡᠳ᠋ ᠬᠥᠷᠥᠩᠭᠡ ᠶᠢ ᠲᠣᠬᠢᠲᠠᠶ ᠪᠦᠭᠡᠳ | ᠡᠮᠬᠢ ᠵᠢᠷᠤᠮ ᠲᠠᠢ ᠰᠢᠢᠳᠪᠦᠷᠢᠯᠡᠵᠤ᠂ ᠰᠢᠰᠲ᠋ᠧᠮᠳᠤ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ | ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠠᠤᠯᠢ ᠪᠤᠰᠤ ᠪᠠᠷ ᠪᠠᠯᠠ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠪᠠ ᠢᠲᠡᠭᠡᠮᠵᠢ ᠠᠯᠳᠠᠬᠤ ᠵᠡᠷᠭᠡ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ︽ᠵᠣᠭᠤᠰᠣᠨ ᠴᠦᠩᠬᠦ︾ ᠶᠢ ᠪᠥᠬᠦ | ᠬᠦᠴᠦᠨ ᠢᠶᠠᠷ ᠰᠠᠶᠢᠲᠤᠷ ᠰᠠᠬᠢᠨ ᠬᠠᠮᠠᠭᠠᠯᠠᠨ᠎ᠠ᠃ | ︵ᠭᠤᠷᠪᠠ︶ ᠰᠠᠭᠤᠷᠢ ᠶᠢ ᠪᠠᠲᠤᠳᠬᠠᠵᠤ᠂ ᠳᠤᠲᠠᠭᠤᠳᠠᠯ ᠢ ᠨᠦᠬᠦᠪᠦᠷᠢᠯᠡᠬᠦ ᠶᠢ ᠰᠢᠨᠳᠠᠷᠠᠰᠢ ᠦᠭᠡᠢ ᠪᠠᠷᠢᠮᠳᠠᠯᠠᠨ᠂ | ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠬᠤ ᠠᠯᠬᠤᠴᠠ ᠶᠢ ᠲᠠᠰᠤᠷᠠᠯᠲᠠ ᠥᠬᠡᠶ ᠲᠦᠷᠭᠡᠳᠬᠡᠨ᠎ᠡ᠃ | ᠬᠤᠲᠠ ᠪᠠᠯᠭᠠᠰᠤ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠢ ᠨᠠᠩ | ᠪᠠᠶᠠᠨ ᠴᠢᠨᠡᠭᠡᠯᠢᠭ ᠬᠥᠭᠵᠢᠭᠦᠯᠬᠦ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠬᠤᠲᠠ ᠬᠥᠳᠡᠭᠡ ᠠᠭᠤᠰᠤᠯᠴᠠᠭᠰᠠᠨ᠂ ᠣᠷᠣᠨ ᠪᠦᠰᠡ ᠵᠣᠬᠢᠴᠠᠩᠭᠤᠶ ᠬᠥᠭᠵᠢᠭᠰᠡᠨ ᠰᠢᠨ᠎ᠡ ᠪᠠᠶᠢᠷᠢᠰᠢᠯ ᠢ | ᠲᠦᠷᠭᠡᠳᠬᠡᠨ ᠪᠦᠷᠢᠯᠳᠦᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠪᠠᠷ | ᠠᠬᠢᠭᠤᠯᠤᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠰᠢᠯᠢᠳᠡᠭᠵᠢᠭᠦᠯᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ | ᠭᠦᠨᠵᠡᠭᠡᠶᠢᠷᠡᠭᠦᠯᠦᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠦᠪᠡᠷᠳᠡᠬᠡᠨ ᠵᠠᠰᠠᠬᠤ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠰᠢᠭᠤᠴᠢ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ | ᠠᠬᠤᠶ ᠶᠢ ᠭᠦᠨᠵᠡᠭᠡᠶ ᠠᠬᠢᠭᠤᠯᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠵᠣᠬᠢᠶᠠᠨ ᠪᠠᠶᠢᠭᠤᠯᠵᠤ᠂ ᠠᠵᠤ | ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠳᠠᠷᠢᠵᠤ ᠲᠡᠵᠢᠭᠡᠬᠦ ᠬᠡᠪᠴᠢᠶ᠎ᠡ ᠪᠠ ᠲᠣᠰᠬᠤᠨ ᠤ | ᠬᠠᠮᠲᠤ ᠶᠢᠨ ᠠᠵᠤ ᠠᠬᠤᠶ ᠶᠢᠨ ᠬᠡᠪᠴᠢᠶ᠎ᠡ ᠶᠢ ᠪᠤᠵᠠᠭᠠᠶᠢᠷᠠᠭᠤᠯᠤᠨ᠂ ᠵᠢᠯ ᠤᠨ ᠳᠣᠲᠣᠷ᠎ᠠ ᠡᠯ᠎ᠡ ᠱᠠᠲᠤᠨ ᠤ ᠡᠯ᠎ᠡ | ᠲᠥᠷᠥᠯ ᠤᠨ ᠪᠠᠯᠠ ᠮᠥᠩᠭᠦ ᠶᠢ 3.09 ᠳ᠋ᠦᠩᠰᠢᠭᠤᠷ ᠲᠥᠭᠦᠷᠢᠭ ᠣᠷᠣᠭᠤᠯᠬᠤ ᠪᠠᠷ ᠲᠥᠯᠥᠪᠯᠡᠵᠦ᠂ ᠠᠵᠤ ᠦᠢᠯᠡᠰ ᠤᠨ | ᠬᠥᠭᠵᠢᠯᠲᠡ᠂ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ ᠬᠡᠪᠴᠢᠶᠡᠨ ᠤ 23 ᠲᠥᠷᠥᠯ ᠵᠦᠢᠯ ᠢ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠳᠤ ᠲᠣᠭᠲᠠᠭᠤᠨ ᠢᠶᠠᠷ ᠠᠵᠢᠯ ᠤᠯᠭᠤᠨ᠂ ᠦᠷᠭᠦᠯᠵᠢᠯᠡᠨ ᠣᠷᠣᠯᠭ᠎ᠠ ᠪᠠᠨ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠤᠭ ᠨᠣᠪᠰᠢ᠂ | ᠪᠣᠬᠢᠷ ᠤᠰᠤ᠂ ᠵᠣᠷᠯᠣᠩ ᠵᠡᠷᠭᠡ ︽ᠭᠤᠷᠪᠠᠨ ᠶᠡᠭᠡ ᠬᠤᠪᠢᠰᠬᠠᠯ︾ ᠢ ᠭᠦᠨᠵᠡᠭᠡᠢ ᠦᠷᠨᠢᠭᠦᠯᠦᠨ᠂ 3 ᠵᠢᠵᠢᠭ ᠬᠡᠯᠪᠡᠷᠢ ᠶᠢᠨ | ᠬᠤᠭ ᠨᠣᠪᠰᠢ ᠰᠢᠲᠠᠭᠠᠬᠤ ᠥᠷᠲᠡᠭᠡ ᠶᠢ ᠪᠠᠶᠢᠭᠤᠯᠵᠤ᠂ ᠬᠤᠭ ᠨᠣᠪᠰᠢ ᠰᠢᠲᠠᠭᠠᠬᠤ ᠨᠣᠷᠮ᠎ᠠ ᠶᠢ 100% ᠳᠤ ᠬᠦᠷᠭᠡᠨ᠎ᠡ᠃ | 5 ᠰᠤᠮᠤ ᠰᠢᠶᠠᠩ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ 626 ᠶᠢ ᠦᠬᠡᠷᠡᠴᠢᠯᠡᠨ᠎ᠡ᠃ ᠬᠥᠳᠡᠭᠡ ᠲᠣᠰᠬᠤᠨ ᠤ | ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠤ ᠴᠢᠳᠠᠪᠤᠷᠢᠲᠠᠨ ᠢ | ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢᠭᠡᠳᠦᠭᠡᠷ ᠡᠬᠢ ᠪᠠᠶᠠᠯᠢᠭ ᠪᠣᠯᠭᠠᠵᠤ᠂ | ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ 1000 ᠬᠥᠮᠦᠨ ᠠᠴᠠ ᠳᠡᠭᠡᠭᠰᠢ ᠬᠥᠮᠦᠵᠢᠭᠦᠯᠦᠨ᠎ᠡ᠃ ᠬᠥᠳᠡᠭᠡ | ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ ᠦᠵᠡᠭᠦᠯᠦᠯᠭᠡ᠂ | ᠪᠥᠬᠦ ᠠᠷᠠᠳ ᠤᠨ ᠤᠩᠰᠢᠯᠭ᠎ᠠ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠠᠵᠢᠯᠯᠠᠭ᠎ᠠ ᠶᠢ ᠣᠯᠠᠨ | ᠬᠡᠯᠪᠡᠷᠢ ᠪᠠᠷ ᠦᠷᠨᠢᠭᠦᠯᠦᠨ᠂ ᠨᠠᠮ ᠤᠨ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠤᠬᠠᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ︽ᠨᠢᠬᠡ ᠬᠡᠷ᠎ᠡ ᠲᠦᠷᠪᠡᠨ ᠬᠤᠷᠠᠯ︾ ᠢ | ᠲᠡᠭᠦᠯᠳᠡᠷᠵᠢᠭᠦᠯᠦᠨ᠂ ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠨ᠎ᠠ᠃ | ᠲᠣᠰᠬᠤᠨ ᠳᠤ ᠰᠠᠭᠤᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠪᠠᠬᠢᠯᠡᠯᠲᠡ ᠶᠢᠨ ᠦᠢᠯᠡᠳᠦᠯ ᠢ ᠴᠢᠩᠭᠠᠳᠬᠠᠵᠤ᠂ ᠬᠥᠳᠡᠭᠡ ᠲᠣᠰᠬᠤᠨ ᠢ ᠨᠠᠩ ᠠᠮᠢᠵᠢᠷᠠᠯ ᠤᠨ ᠬᠦᠴᠦᠨ ᠲᠠᠢ᠂ | ᠠᠵᠤ ᠦᠢᠯᠡᠰ ᠢ ᠨᠠᠩ ᠬᠥᠭᠵᠢᠯᠲᠡ ᠲᠠᠢ ᠲᠣᠰᠬᠤᠨ ᠤ ᠠᠷᠠᠳ ᠢ ᠨᠠᠩ ᠡᠷᠡᠮᠡᠯᠵᠡᠯ ᠲᠠᠢ ᠪᠣᠯᠭᠠᠨ᠎ᠠ᠃ | ᠭᠤᠤᠯᠳᠠᠯᠭ᠎ᠠ ᠶᠢ ᠳᠣᠪᠤᠶᠢᠯᠭᠠᠵᠤ᠂ ᠥᠨᠳᠥᠷ ᠪᠠᠷᠢᠮᠵᠢᠶ᠎ᠠ ᠪᠠᠷ ᠬᠤᠲᠠ ᠪᠠᠯᠭᠠᠰᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠤᠲᠠ | ᠪᠠᠯᠭᠠᠰᠤ ᠶᠢᠨ ᠨᠠᠷᠢᠯᠢᠬᠵᠢᠭᠤᠯᠤᠭᠰᠠᠨ ᠪᠦᠲᠦᠭᠡᠨ ᠪᠠᠶᠢᠭᠤᠯᠤᠯᠲᠠ᠂ ᠣᠶᠤᠨᠴᠢᠯᠠᠭᠰᠠᠨ ᠬᠠᠮᠢᠶᠠᠷᠤᠯᠲᠠ ᠶᠢ ᠲᠦᠯᠬᠢᠨ | ᠠᠬᠢᠭᠤᠯᠵᠤ᠂ ︽ᠨᠡᠩ ᠦᠵᠡᠰᠬᠦᠯᠡᠩᠳᠦ ᠰᠠᠶᠢᠬᠠᠨ᠂ ᠴᠢᠳᠠᠮᠵᠢ ᠨᠢ ᠨᠡᠩ ᠲᠡᠬᠦᠯᠳᠡᠷ᠂ ᠲᠦᠬᠦᠬᠡᠷᠦᠮᠵᠢ ᠨᠢ ᠨᠡᠩ ᠪᠦᠷᠢᠨ︾ | ᠬᠤᠲᠠ ᠪᠠᠯᠭᠠᠰᠤ ᠶᠢ ᠪᠣᠶ ᠪᠤᠯᠭᠠᠨ᠎ᠠ᠃ ᠣᠳᠣᠨ ᠲᠡᠰ ᠤᠨ ᠪᠠᠭᠤᠳᠠᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ | ᠠᠬᠢᠭᠤᠯᠤᠨ᠂ ᠪᠦᠬᠦ ᠬᠤᠰᠢᠭᠤᠨ ᠤ ᠲᠤᠮᠤ ᠬᠡᠯᠪᠡᠷᠢ ᠶᠢᠨ ᠬᠦᠳᠡᠯᠬᠡᠬᠡᠨ ᠳᠤ ᠦᠢᠯᠡᠴᠢᠯᠡᠭᠡ ᠬᠠᠩᠭᠠᠬᠤ ᠴᠢᠳᠠᠪᠦᠷᠢ ᠶᠢ | ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠭᠠᠳᠠᠭᠠᠳᠦ ᠨᠡᠬᠡᠬᠡᠯᠳᠠ ᠶᠢᠨ ᠬᠢᠷᠢ ᠬᠡᠮᠵᠢᠶ᠎ᠠ ᠶᠢ ᠦᠷᠬᠡᠳᠬᠡᠨ᠎ᠡ᠃ ᠬᠤᠲᠠ ᠶᠢᠨ | ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠧᠩ ᠪᠧᠶ ᠵᠠᠮ᠂ | ᠭᠤᠸᠠᠩ ᠮᠢᠩ ᠵᠠᠮ ᠱᠤᠭᠤᠮ ᠵᠢᠴᠢ ᠢᠵᠢ ᠪᠦᠷᠢᠳᠦᠭᠦᠯᠬᠦ ᠬᠤᠭᠤᠯᠠᠶ ᠲᠣᠣᠷ ᠤᠨ ᠪᠠᠷᠢᠯᠭ᠎ᠠ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠡᠳᠦᠷ ᠪᠦᠷᠢ ᠶᠢᠨ 1.5 ᠲᠦᠮᠡᠨ ᠲᠣᠨ ᠰᠢᠢᠳᠪᠦᠷᠢᠯᠡᠬᠦ ᠶᠢ ᠥᠭᠡᠷᠡᠴᠢᠯᠡᠨ | ᠥᠷᠭᠡᠳᠬᠡᠵᠦ ᠦᠷᠭᠦᠯᠵᠢᠯᠡᠨ ᠪᠠᠶᠢᠭᠤᠯᠬᠤ ᠪᠠᠷᠢᠯᠭ᠎ᠠ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠲᠣᠣᠷ ᠵᠢᠴᠢ | ᠲᠠᠯᠠᠪᠤᠷ ᠥᠷᠲᠡᠭᠡ ᠶᠢᠨ ᠬᠡᠢ ᠬᠠᠩᠭᠠᠬᠤ ᠪᠠᠷᠢᠯᠭ᠎ᠠ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ | ᠲᠥᠷᠥᠯ ᠵᠦᠢᠯ ᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠶᠢ | ᠴᠡᠭᠴᠡᠯᠡᠨ ᠵᠠᠰᠠᠨ᠎ᠠ᠃ ᠬᠤᠲᠠ ᠳᠠᠬᠢ ᠲᠣᠰᠬᠤᠨ ᠤ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | 15 ᠺᠢᠯᠤᠮᠧᠲᠷ ᠤᠨ ᠨᠡᠭᠦᠳᠡᠯ ᠠᠷᠠᠳ ᠤᠨ ᠲᠣᠰᠬᠤᠨ ᠤ ᠪᠣᠬᠢᠷ ᠤᠰᠤᠨ ᠤ ᠬᠤᠭᠤᠯᠠᠶ ᠲᠣᠣᠷ ᠤᠨ ᠢᠵᠢ ᠪᠦᠷᠢᠳᠦᠭᠦᠯᠬᠦ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠤᠰᠤ ᠪᠠᠷ ᠴᠡᠪᠡᠷᠰᠢᠭᠦᠯᠬᠦ ᠵᠣᠷᠯᠣᠩ 5 ᠶᠢ | ᠰᠢᠨ᠎ᠡ ᠪᠠᠷ ᠪᠠᠶᠢᠭᠤᠯᠵᠦ᠂ ᠰᠠᠭᠤᠭᠠᠯᠢ ᠠᠷᠠᠳ ᠤᠨ ᠵᠤᠷᠯᠤᠩ ᠤᠨ ᠤᠷᠴᠢᠨ ᠪᠠᠶᠢᠳᠠᠯ ᠢ ᠤᠯᠠᠮ ᠨᠢᠬᠡ ᠠᠯᠬᠤᠮ | ᠰᠠᠶᠢᠵᠢᠷᠠᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠠᠨ ᠲᠡᠬᠡᠭᠰᠢᠯᠡᠬᠦᠯᠵᠦ᠂ ᠠᠳᠠᠯ | ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ︽ | ᠤᠳᠤᠨ ᠲᠡᠰ ᠤᠨ ᠪᠤᠯᠪᠠᠰᠤᠨ ᠬᠤᠷᠢᠶᠠᠯᠠᠯ︾ ᠢ ᠪᠠᠶᠢᠭᠤᠯᠬᠤ ᠶᠢ ᠠᠬᠢᠭᠤᠯᠤᠨ᠂ ᠰᠢᠨ᠎ᠡ ᠪᠠᠶᠢᠭᠤᠯᠤᠭᠰᠠᠨ ᠬᠤᠷᠢᠶᠠᠯᠠᠯ ᠤᠨ | ᠲᠤᠰᠬᠠᠶᠢᠯᠠᠭᠰᠠᠨ ᠠᠳᠠᠯ ᠠᠬᠤᠢ ᠶᠢᠨ ᠬᠠᠮᠢᠶᠠᠷᠤᠯᠳᠠ ᠦᠢᠯᠡᠴᠢᠯᠡᠭᠡ ᠶᠢᠨ ᠪᠦᠷᠬᠦᠴᠠ ᠶᠢ 100% ᠳᠤ ᠬᠦᠷᠬᠡᠨ᠎ᠡ᠃ | ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ ᠶᠢ ᠳᠡᠭᠡᠭᠰᠢᠯᠡᠭᠦᠯᠵᠦ᠂ ᠪᠡᠶ᠎ᠡ | ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠴᠡᠴᠡᠷᠯᠢᠭᠵᠢᠭᠰᠡᠨ ᠰᠢᠶᠠᠨ ᠤ ᠬᠤᠲᠠ ᠶᠢ ᠪᠦᠬᠦ ᠬᠦᠴᠦᠨ ᠢᠶᠠᠷ ᠪᠠᠶᠢᠭᠤᠯᠤᠨ᠎ᠠ᠃ ᠭᠡᠷ ᠪᠠᠶᠢᠰᠢᠩ | ᠭᠠᠵᠠᠷ ᠰᠢᠷᠣᠢ ᠶᠢᠨ ᠬᠦᠷᠦᠩᠭᠡ ᠶᠢᠨ ︽ᠭᠤᠷᠪᠠᠨ ᠬᠦᠴᠢᠷᠳᠡᠯ︾ ᠤᠨ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠤᠯᠠᠨ ᠲᠦᠮᠡᠨ ᠤ ᠬᠠᠯᠠᠮᠵᠢᠯᠠᠬᠤ ᠪᠣᠳᠠᠲᠤ ᠶᠠᠪᠤᠳᠠᠯ ᠢ ᠰᠠᠶᠢᠲᠤᠷ ᠬᠢᠨ᠎ᠡ᠃ | ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠤᠳᠠ ᠬᠦᠳᠡᠭᠡ ᠶᠢᠨ ᠠᠭᠤᠰᠤᠯᠴᠠᠯ ᠢ ᠦᠨᠳᠦᠷ | ᠲᠦᠪᠰᠢᠨ ᠢᠶᠠᠷ ᠠᠬᠢᠭᠤᠯᠤᠨ᠎ᠠ᠃ ᠬᠤᠳᠠ ᠬᠦᠳᠡᠭᠡ ᠶᠢᠨ ᠠᠭᠤᠰᠤᠯᠴᠠᠯ ᠬᠦᠭᠵᠢᠯᠳᠠ ᠶᠢ ᠪᠠᠷᠢᠮᠳᠠᠯᠠᠨ᠂ ᠬᠤᠳᠠ ᠬᠦᠳᠡᠭᠡ | ᠶᠢᠨ ᠭᠠᠵᠠᠷ ᠵᠦᠢ ᠶᠢᠨ ᠪᠠᠶᠢᠷᠢᠰᠢᠯ ᠢ ᠰᠢᠯᠢᠳᠡᠭᠵᠢᠬᠦᠯᠵᠦ᠂ ᠪᠦᠳᠦᠴᠨ ᠨᠢ ᠲᠤᠬᠢᠷᠠᠮᠵᠢᠳᠠᠢ ᠴᠢᠳᠠᠮᠵᠢ ᠨᠢ ᠬᠠᠷᠢᠯᠴᠠᠨ | ᠨᠦᠬᠦᠪᠦᠷᠢᠯᠡᠬᠦ ᠬᠤᠳᠠ ᠪᠠᠯᠭᠠᠰᠦ ᠲᠤᠰᠬᠤᠨ ᠤ ᠰᠢᠰᠲ᠋ᠧᠮ ᠢ ᠪᠠᠶᠢᠭᠤᠯᠵᠦ᠂ ᠤᠯᠠᠨ ᠲᠠᠯ᠎ᠠ ᠪᠠᠷ ᠬᠦᠭᠵᠢᠭᠰᠡᠨ ᠪᠦᠳᠦᠴᠠ | ᠶᠢᠨ ᠪᠠᠶᠢᠷᠢᠰᠢᠯ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ ᠵᠠᠮ ᠬᠠᠷᠢᠯᠴᠠᠭᠠᠨ ᠤ ᠲᠤᠭᠳᠠᠴᠠ ᠶᠢ | ᠲᠡᠬᠦᠯᠳᠡᠷᠵᠢᠬᠦᠯᠦᠨ᠂ ᠤᠯᠤᠰ ᠤᠨ ᠵᠠᠮ ᠤᠨ 335 ᠳ᠋ᠤᠭᠠᠷ ᠱᠤᠭᠤᠮ ᠤᠨ ᠵᠠᠰᠠᠮᠠᠯ ᠵᠠᠮ ᠤᠨ ᠬᠥᠬᠡᠪᠦᠷ ᠠᠴᠠ | ᠤᠯᠠᠭᠠᠨᠬᠤᠸᠠ ᠬᠦᠷᠬᠦ ᠨᠢᠭᠡᠳᠦᠭᠡᠷ ᠳᠡᠰ ᠤᠨ ᠬᠤᠣᠰ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠠᠭᠤᠯᠠ ᠭᠠᠴᠠᠭ᠎ᠠ ᠠᠴᠠ ᠡᠷᠳᠡᠨᠢᠴᠣᠭᠲᠤ ᠬᠦᠷᠬᠦ 39 ᠺᠢᠯᠤᠮᠧᠲᠷ ᠤᠨ ᠬᠥᠪᠡᠭᠡ ᠵᠠᠬ᠎ᠠ | ᠬᠦᠷᠬᠦ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠬᠦᠯᠦᠨ᠂ ᠬᠤᠳᠠ ᠬᠦᠳᠡᠭᠡ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠰᠠᠭᠠᠳ | ᠥᠬᠡᠶ ᠨᠡᠪᠲᠡᠷᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠯᠠ ᠮᠥᠩᠭᠦ ᠣᠯᠬᠤ ᠪᠠᠷ ᠢᠳᠡᠪᠬᠢᠯᠡᠨ᠂ | ᠬᠤᠩᠭᠤᠷ ᠤᠰᠤᠨ ᠴᠥᠭᠦᠷᠥᠮ ᠤᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ | ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠺᠧ ᠮᠧᠢ ᠶᠢᠨ 35 ᠺᠢᠯᠤᠸᠤᠯᠲ ᠤᠨ | ᠴᠠᠬᠢᠯᠭᠠᠨ ᠬᠤᠪᠢᠰᠬᠠᠬᠤ ᠥᠷᠲᠡᠭᠡ 1 ᠶᠢ ᠰᠢᠨ᠎ᠡ ᠪᠠᠷ ᠪᠠᠶᠢᠭᠤᠯᠤᠨ᠂ 16.2 ᠺᠢᠯᠤᠮᠧᠲᠷ ᠤᠨ ᠴᠠᠬᠢᠯᠭᠠᠨ ᠬᠦᠷᠭᠡᠬᠦ | ᠰᠤᠭᠤᠮ᠂ 232.5 ᠺᠢᠯᠤᠮᠧᠲᠷ ᠤᠨ ᠴᠠᠬᠢᠯᠭᠠᠨ ᠬᠦᠷᠭᠡᠬᠦ ᠱᠤᠭᠤᠮ᠂ 166 ᠴᠠᠬᠢᠯᠭᠠᠨ ᠬᠦᠴᠦᠳᠡᠯ ᠬᠤᠪᠢᠰᠬᠠᠬᠤ | ᠮᠠᠰᠢᠨ ᠢ ᠦᠭᠡᠷᠡᠴᠢᠯᠡᠨ᠂ 84 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠬᠦᠯᠵᠦ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠴᠠᠬᠢᠯᠭᠠᠨ ᠬᠡᠷᠡᠭᠯᠡᠬᠦ ᠶᠢ ᠪᠠᠳᠤᠯᠠᠨ᠎ᠠ᠃ 5G ᠴᠢᠮᠡᠭᠡ ᠬᠤᠯᠪᠣᠭᠠᠨ ᠤ ᠰᠠᠭᠤᠷᠢ ᠥᠷᠲᠡᠭᠡ 30 ᠶᠢ | ᠰᠢᠨ᠎ᠡ ᠪᠠᠷ ᠪᠠᠶᠢᠭᠤᠯᠵᠤ᠂ 5G ᠳᠣᠬᠢᠶ᠎ᠠ ᠶᠢᠨ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠦᠬᠦ | ᠬᠤᠰᠢᠭᠤᠨ ᠤ ᠰᠦᠯᠵᠢᠶᠠᠨ ᠤ ᠦᠢᠯᠡᠴᠢᠯᠡᠭᠡ ᠶᠢᠨ ᠲᠦᠬᠦᠮ ᠲᠦᠳᠠ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ︵ᠲᠦᠷᠪᠡ︶ ᠪᠣᠬᠢᠷᠲᠤᠯ ᠢ ᠪᠠᠶᠢᠩᠭᠤ ᠪᠥᠭᠡᠳ ᠪᠦᠲᠦᠮᠵᠢᠲᠡᠶ ᠵᠠᠰᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ | ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠤᠯᠤᠰ ᠤᠨ ᠠᠮᠢ | ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ | ᠃ | ᠣᠯᠠᠨ ᠲᠠᠯ᠎ᠠ ᠪᠠᠷ ᠬᠦᠴᠦᠯᠡᠵᠦ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠢ ᠠᠬᠤᠢ ᠶᠢ ᠲᠠᠷᠢᠬᠦᠨ | ᠳᠤ ᠲᠠᠯᠪᠢᠬᠤ ᠶᠢ ᠪᠠᠷᠢᠮᠳᠠᠯᠠᠨ᠂ ᠠᠮᠢ ᠠᠬᠤᠢ ᠶᠢᠨ ᠰᠢᠰᠲ᠋ᠧᠮ ᠢ ᠰᠡᠷᠭᠦᠬᠡᠬᠦ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ | ᠣᠶᠢᠲᠤ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠶ ᠶᠢᠨ ᠱᠠᠩᠨᠠᠵᠤ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠨᠤᠲᠤᠭ ᠪᠡᠯᠴᠢᠭᠡᠷ ᠢ ᠬᠠᠤᠯᠢ | ᠪᠤᠰᠤ ᠪᠠᠷ ᠲᠠᠲᠠᠪᠤᠷᠢᠯᠠᠨ ᠡᠵᠡᠯᠡᠵᠦ ᠬᠡᠷᠡᠭᠯᠡᠬᠦ᠂ ᠬᠠᠤᠯᠢ ᠪᠤᠰᠤ ᠪᠠᠷ ᠬᠠᠭᠠᠯᠪᠤᠷᠢᠯᠠᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠣᠶ ᠰᠢᠭᠤᠶ ᠡᠪᠡᠰᠦ ᠪᠡᠯᠴᠢᠭᠡᠷ ᠤᠨ ᠲᠠᠷᠤᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ | ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ 2.8 ᠲᠦᠮᠡᠨ | ᠮᠥ ᠣᠶ ᠰᠢᠭᠤᠶ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ 1 ᠲᠦᠮᠡᠨ ᠮᠥ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ᠂ 1 ᠲᠦᠮᠡᠨ ᠮᠥ ᠨᠤᠲᠤᠭ ᠪᠡᠯᠴᠢᠭᠡᠷ ᠢ ᠬᠠᠭᠠᠯᠪᠤᠷᠢᠯᠠᠬᠤ ᠥᠬᠡᠶ ᠪᠠᠷ ᠨᠥᠬᠦᠵᠦ ᠳᠠᠷᠢᠬᠤ᠂ 4 ᠲᠦᠮᠡᠨ | ᠮᠥ ᠨᠠᠶᠢᠯᠵᠠᠭᠤᠷ ᠬᠠᠷᠭᠠᠨ᠎ᠠ ᠨᠥᠬᠦᠵᠦ ᠳᠠᠷᠢᠬᠤ ᠶᠢ ᠪᠡᠶᠡᠯᠡᠭᠦᠯᠦᠨ᠎ᠡ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ | ᠬᠠᠮᠠᠭᠠᠯᠠᠬᠤ ᠪᠠ ᠰᠡᠷᠭᠦᠭᠡᠨ ᠵᠠᠰᠠᠬᠤ ᠶᠢ ᠠᠬᠢᠭᠤᠯᠵᠤ᠂ 0.6 ᠲᠡᠭᠰᠢ ᠳᠥᠷᠪᠡᠯᠵᠢᠨ ᠺᠢᠯᠣᠮᠧᠲᠷ ᠤᠨ ᠵᠠᠰᠠᠯᠲᠠ ᠶᠢᠨ | ᠲᠠᠯᠠᠪᠠᠶ ᠶᠢ ᠪᠡᠶᠡᠯᠡᠭᠦᠯᠦᠨ᠂ ᠠᠭᠯᠠᠭ ᠠᠭᠤᠯᠠ ᠶᠢ ᠳᠠᠬᠢᠨᠲᠠ ᠨᠣᠭᠤᠭᠠᠷᠠᠭᠤᠯᠤᠨ᠎ᠠ᠃ | ᠣᠯᠠᠨ ᠠᠷᠭ᠎ᠠ ᠪᠣᠳᠣᠯᠭ᠎ᠠ ᠶᠢ ᠵᠡᠷᠭᠡ ᠪᠠᠷ ᠬᠡᠷᠡᠭᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ | ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠮᠦᠷᠳᠡᠭᠡᠨ ᠡᠮᠬᠢ | ᠵᠢᠷᠤᠮ ᠲᠠᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ | ᠬᠦ ᠪᠠᠲᠤᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ | ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠡᠵᠡᠮᠳᠡᠬᠦ᠂ ᠬᠤᠬᠢᠷᠠᠯ ᠢ ᠳᠥᠯᠥᠬᠦ᠂ ᠬᠠᠷᠢᠭᠤᠴᠠᠯᠭ᠎ᠠ ᠨᠡᠬᠡᠮᠵᠢᠯᠡᠬᠦ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠷᠢᠶᠠᠲᠤ ᠣᠷᠣᠨ ᠤ | ᠲᠣᠭᠤᠰᠣ ᠳᠡᠭᠳᠡᠬᠦ᠂ ᠡᠰᠢ ᠰᠦᠷᠡᠯ ᠰᠢᠲᠠᠭᠠᠬᠤ᠂ ᠣᠲᠤᠭ᠎ᠠ ᠭᠠᠳᠠᠭᠰᠢᠯᠠᠭᠤᠯᠬᠤ ᠵᠡᠷᠭᠡ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠴᠢᠨᠠᠷ ᠰᠠᠶᠢᠲᠠᠶ ᠡᠳᠦᠷ ᠤᠨ ᠲᠤᠭ᠎ᠠ ᠶᠢᠨ ᠨᠣᠷᠮ᠎ᠠ ᠶᠢ 95% ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠪᠤᠳᠠᠳᠠᠢ ᠠᠬᠢᠭᠤᠯᠵᠦ᠂ ᠭᠤᠤᠯ ᠮᠦᠷᠡᠨ ᠢ | ᠴᠡᠭᠴᠡᠯᠡᠨ ᠵᠠᠰᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠂ ᠬᠤᠳᠠ ᠬᠦᠳᠡᠭᠡ ᠶᠢᠨ ᠠᠮᠢᠳᠤᠷᠠᠯ ᠤᠨ ᠪᠤᠵᠠᠷ ᠤᠰᠦ | ᠶᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠵᠦ᠂ ᠤᠰᠤᠨ ᠤ ᠤᠷᠴᠢᠨ ᠲᠤᠭᠤᠷᠢᠨ ᠤ ᠴᠢᠨᠠᠷ | ᠴᠢᠨᠰᠠᠭ᠎ᠠ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ | ᠰᠡᠷᠭᠦᠭᠡᠬᠦ ᠶᠢ ᠴᠢᠩᠭᠠᠳᠬᠠᠵᠤ᠂ ᠬᠤᠭ ᠨᠤᠪᠰᠢ ᠶᠢ ᠲᠦᠷᠦᠯ ᠬᠤᠪᠢᠶᠠᠨ ᠠᠩᠭᠢᠯᠠᠬᠤ ᠶᠢ ᠪᠦᠳᠦᠮᠵᠢᠳᠠᠢ ᠠᠬᠢᠭᠤᠯᠵᠦ᠂ ᠬᠤᠭ | ᠨᠤᠪᠰᠢ ᠶᠢ ᠵᠠᠳᠠᠷᠠᠭᠤᠯᠤᠨ ᠰᠢᠢᠳᠪᠦᠷᠢᠯᠡᠬᠦ ᠲᠦᠷᠦᠯ ᠵᠤᠶᠢᠯ ᠢ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠬᠥᠷᠥᠰᠥ | ᠰᠢᠷᠣᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠪᠠᠲᠤ ᠴᠤᠭᠴᠠᠯᠠᠨ᠎ᠠ᠃ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠰᠡᠷᠭᠡᠶᠢᠯᠡᠨ ᠵᠠᠰᠠᠬᠤ ᠬᠦᠴᠦᠯᠠᠴᠠ ᠶᠢ ᠨᠡᠮᠡᠭᠳᠡᠬᠦᠯᠦᠨ᠂ ᠬᠦᠳᠡᠭᠡ ᠲᠤᠰᠬᠤᠨ ᠤ ᠲᠦᠷᠢ ᠲᠦᠷᠬᠦ ᠶᠢ ᠰᠢᠨᠡᠳᠬᠡᠨ | ᠵᠠᠰᠠᠨ᠎ᠠ᠃ | ᠣᠯᠠᠨ ᠵᠠᠮ ᠢᠶᠠᠷ ᠵᠡᠷᠭᠡ ᠪᠠᠷ ᠤᠷᠤᠭᠰᠢᠯᠠᠵᠤ᠂ ᠳᠤᠤᠷ᠎ᠠ ᠨᠡᠭᠦᠷᠡᠰᠦᠲᠥ᠋ᠷᠥᠭᠴᠢᠲᠦ ᠡᠷᠭᠢᠯᠲᠡ ᠳᠤ ᠬᠦᠴᠦ ᠨᠡᠮᠡᠷᠢᠯᠡᠨ᠎ᠡ | ᠃ ᠤᠯᠤᠰ ᠤᠨ ︽ᠨᠡᠭᠦᠷᠡᠰᠦᠲᠥ᠋ᠷᠥᠭᠴᠢ ᠶᠢ ᠲᠤᠭᠳᠠᠪᠤᠷᠢᠵᠢᠭᠤᠯᠬᠤ︾ ᠪᠠᠶᠢᠯᠳᠤᠬᠤ ᠪᠤᠳᠤᠯᠭ᠎ᠠ ᠶᠢ ᠢᠳᠠᠪᠬᠢᠳᠠᠢ | ᠨᠠᠶᠢᠳᠠᠪᠤᠷᠢᠵᠢᠭᠤᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠰᠢᠰᠲ᠋ᠧᠮ ᠲᠠᠢ ᠠᠬᠢᠭᠤᠯᠤᠨ᠎ᠠ᠃ ᠡᠨᠧᠷᠬᠢ ᠠᠷᠪᠢᠯᠠᠨ | ᠬᠤᠷᠤᠭᠳᠠᠯ ᠢ ᠪᠠᠭᠠᠰᠬᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠴᠡᠪᠡᠷ ᠡᠨᠧᠷᠬᠢ ᠪᠠᠷ ᠲᠤᠯᠠᠭᠠᠯᠠᠬᠤ ᠶᠢ ᠢᠳᠡᠪᠬᠢᠳᠠᠢ | ᠲᠦᠬᠡᠮᠡᠯᠵᠢᠬᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠦᠨ᠎ᠡ᠃ ︽ᠲᠠᠪᠤ ᠶᠢ | ᠦᠨᠳᠦᠰᠦᠨ ᠠᠴᠠ ᠨᠢ ᠰᠢᠢᠳᠪᠦᠷᠢᠯᠡᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ | ᠦᠭᠡᠢ ᠭᠠᠵᠠᠷ ᠰᠢᠷᠣᠶ ᠶᠢ ᠰᠢᠢᠳᠪᠦᠷᠢᠯᠡᠨ᠂ ᠦᠢᠯᠡᠳᠪᠦᠷᠢᠯᠡᠯ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠶᠢᠯᠠᠯ ᠢ | ᠠᠮᠢᠳᠤᠯᠢᠭᠵᠢᠭᠤᠯᠤᠨ ᠴᠡᠪᠡᠷᠯᠡᠵᠦ᠂ ᠬᠦᠷᠢᠶᠡᠯᠡᠩ ᠲᠣᠭᠤᠷᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ᠭᠠᠵᠠᠷ ᠰᠢᠷᠣᠶ ᠶᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠰᠢᠯᠢᠳᠡᠭᠵᠢᠭᠦᠯᠵᠦ᠂ 1840 ᠮᠥ ᠲᠠᠷᠢᠶᠠᠨ ᠭᠠᠵᠠᠷ ᠤᠨ | ᠨᠥᠭᠡᠴᠡ ᠬᠥᠮᠥᠷᠭᠡ ᠳᠤ ᠨᠥᠬᠦᠪᠥᠷᠢᠯᠡᠬᠦ ᠲᠥᠷᠥᠯ ᠵᠦᠢᠯ ᠪᠠ 300 ᠮᠥ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠲᠥᠷᠥᠯ ᠵᠦᠢᠯ ᠢ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠬᠢᠵᠠᠭᠠᠷᠯᠠᠯ ᠢ | ᠴᠢᠩᠭᠠᠳᠬᠠᠨ᠂ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ | ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ | ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠦᠢᠯᠡᠳᠪᠦᠷᠢ ᠠᠭᠤᠷᠬᠠᠶ ᠶᠢᠨ | ᠠᠵᠤ ᠠᠬᠤᠶᠢᠯᠠᠯ ᠤᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ | ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠵᠤ᠂ ᠦᠷ᠎ᠡ ᠬᠤᠶᠢᠴᠢᠰ ᠲᠠᠭᠠᠨ ᠤᠰᠤᠨ ᠤ ᠡᠬᠢ ᠪᠠᠶᠠᠯᠢᠭ ᠢ | ᠭᠦᠢᠴᠡᠳ ᠦᠯᠡᠳᠡᠭᠡᠨ᠎ᠡ᠃ | ︵ᠲᠠᠪᠤ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠷᠠᠳ ᠤᠨ ᠠᠮᠢᠳᠤᠷᠠᠯ ᠳᠤ ᠠᠰᠢᠭ | ᠬᠦᠷᠳᠡᠭᠡᠨ᠂ ᠠᠵᠠ ᠵᠢᠷᠭᠠᠯ ᠢ ᠨᠡᠮᠡᠭᠳᠡᠭᠦᠯᠵᠤ᠂ ᠠᠷᠠᠳ ᠣᠯᠠᠨ ᠤ ᠵᠣᠯ ᠵᠢᠷᠭᠠᠯ ᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ | ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠠᠷᠠᠳ ᠲᠤ | ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠨᠡᠨ ᠬᠦ ᠤᠯᠠᠨ ᠲᠦᠮᠡᠨ ᠳᠤ ᠲᠠᠭᠠᠰᠢᠶᠠᠭᠳᠠᠭᠰᠠᠨ ᠢᠨᠵᠧᠨᠧᠷᠢᠩ ᠪᠣᠯᠭᠠᠨ | ᠪᠦᠲᠦᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ᠂ ᠵᠢᠷᠭᠠᠯᠲᠤ ᠲᠦᠷᠦᠭᠳᠡᠯ ᠢ ᠨᠡᠩ | ᠦᠷᠭᠦᠯᠵᠢᠯᠡᠬᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃ | ᠲᠡᠩᠴᠡᠭᠦᠷᠢᠲᠡᠢ ᠲᠦᠭᠡᠮᠡᠯ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ | ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ᠂ ᠣᠷᠣᠨ ᠰᠠᠭᠤᠴᠠ ᠵᠡᠷᠭᠡ | ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠣᠨ ᠵᠢᠯ ᠤᠨ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠬᠦᠰᠡᠯ | ᠡᠷᠡᠮᠡᠯᠵᠡᠯ ᠢ ᠵᠠᠰᠠᠭ ᠤᠨ ᠤᠷᠳᠤᠨ ᠠᠴᠠ ᠬᠦᠴᠦᠯᠡᠨ ᠬᠦᠢᠴᠡᠳᠬᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ | ᠲᠡᠬᠡᠭᠰᠢᠯᠡᠬᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠥᠨᠳᠥᠷ ᠨᠠᠰᠤᠲᠠᠶ ᠪᠠ | ᠵᠡᠮᠳᠡᠭᠴᠦᠳ ᠵᠡᠷᠭᠡ ᠤᠨᠴᠠᠭᠠᠢ ᠬᠥᠮᠦᠰ ᠤᠨ ᠠᠮᠢᠳᠤᠷᠠᠯ ᠢ ᠪᠠᠲᠤᠯᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠳᠡᠭᠡᠳᠦ | ᠵᠡᠷᠭᠡ ᠶᠢᠨ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ᠂ ᠣᠯᠠᠨ ᠨᠡᠶᠢᠲᠡ ᠶᠢᠨ ᠳᠠᠳᠤᠯᠭ᠎ᠠ ᠪᠤᠯᠪᠠᠰᠤᠷᠠᠯ ᠤᠨ ᠰᠠᠭᠤᠷᠢᠨ | ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠤ᠂ ᠬᠥᠳᠡᠯᠮᠦᠷᠢ ᠦᠢᠯᠡᠴᠢᠯᠡᠭᠡᠨ ᠤ ᠵᠠᠬ᠎ᠠ | ᠳᠡᠯᠭᠡᠭᠦᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠳᠣᠲᠣᠨ᠎ᠠ ᠭᠠᠳᠠᠨᠠᠬᠢ ᠠᠵᠤ | ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠵᠢᠯᠲᠠᠨ ᠡᠯᠰᠡᠬᠦ | ᠠᠵᠢᠯᠯᠠᠭ᠎ᠠ ᠶᠢ ᠥᠷᠨᠢᠭᠦᠯᠦᠨ᠂ ᠬᠤᠲᠠ ᠪᠠᠯᠭᠠᠰᠤᠨ ᠤ 2100 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ | ᠠᠯᠳᠠᠭᠰᠠᠳ ᠤᠨ ᠨᠣᠷᠮ᠎ᠠ ᠶᠢ 4% ᠶᠢᠨ ᠳᠣᠲᠣᠷ᠎ᠠ ᠪᠠᠶᠢᠯᠭᠠᠨ᠎ᠠ᠃ ᠲᠠᠭᠠᠳᠬᠠᠯ ᠳᠤ ᠤᠷᠤᠯᠴᠠᠬᠤ ᠬᠡᠪᠴᠢᠶ᠎ᠠ ᠶᠢ ᠪᠤᠳᠠᠳᠠᠢ | ᠦᠷᠬᠡᠳᠬᠡᠨ᠂ ᠭᠤᠤᠯᠳᠠᠯᠭ᠎ᠠ ᠲᠠᠢ ᠬᠦᠮᠦᠰ ᠤᠨ ᠪᠠᠳᠤᠯᠠᠬᠤ ᠴᠢᠬᠤᠯᠠᠳᠠᠢ ᠶᠢ ᠨᠢ ᠪᠦᠬᠦᠨ ᠢ ᠪᠠᠳᠤᠯᠠᠨ᠎ᠠ᠃ ᠪᠡᠭᠡᠵᠢᠩ ᠤᠨ | ᠵᠣᠯ ᠵᠢᠷᠭᠠᠯᠲᠤ ᠰᠤᠪᠢᠯᠠᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠲᠥᠷᠥᠯ ᠵᠦᠢᠯ ᠢ ᠤᠷᠤᠭᠰᠢᠲᠠᠶ | ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠬᠠᠷᠢᠯᠴᠠᠨ ᠬᠠᠪᠰᠤᠷᠤᠯᠴᠠᠬᠤ 2 ᠵᠣᠯ ᠵᠢᠷᠭᠠᠯ ᠤᠨ ᠬᠦᠷᠢᠶᠡᠯᠡᠩ ᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ | ᠲᠥᠬᠦᠷ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠲᠦᠷᠭᠡᠳᠬᠡᠨ ᠬᠥᠭᠵᠢᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠳᠤᠷ᠎ᠠ ᠪᠠᠷ | ᠣᠷᠣᠰᠢᠭᠤᠯᠬᠤ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠰᠢᠭᠤ ᠲᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠣᠩᠭᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠲᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠣᠩᠭᠤᠨ ᠤ ᠲᠥᠯᠥᠪᠵᠢᠭᠦᠯᠭᠡ ᠶᠢ ᠪᠡᠶᠡᠯᠡᠭᠦᠯᠦᠨ᠎ᠡ᠃ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ | ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ | ᠢᠳᠡᠰᠢᠨ ᠬᠤᠨᠢ ᠦᠬᠡᠷ ᠬᠠᠰᠢᠶᠠᠯᠠᠨ ᠲᠡᠵᠢᠬᠡᠬᠦ ᠶᠢ ᠶᠡᠬᠡᠪᠡᠷ ᠬᠦᠭᠵᠢᠬᠦᠯᠦᠨ᠂ ᠲᠡᠮᠡᠭᠡ ᠲᠡᠵᠢᠬᠡᠬᠦ᠂ ᠵᠢᠭᠤᠯᠴᠢᠯᠠᠯ ᠤᠨ | ᠠᠷᠠᠳ ᠤᠨ ᠰᠠᠭᠤᠴᠠ ᠵᠡᠷᠬᠡ ᠤᠨᠴᠠᠯᠢᠭᠳᠦ ᠠᠵᠦ ᠦᠢᠯᠡᠰ ᠤᠨ ᠬᠦᠭᠵᠢᠯᠳᠠ ᠶᠢ ᠠᠬᠢᠭᠤᠯᠵᠦ᠂ ᠬᠢᠯᠢ ᠶᠢᠨ ᠠᠷᠠᠳ ᠤᠨ | ᠪᠠᠲᠤᠯᠠᠭ᠎ᠠ ᠶᠢᠨ ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠬᠢᠯᠢ ᠶᠢᠨ ᠠᠷᠠᠳ ᠢ ᠠᠮᠤᠷ | ᠲᠠᠶᠢᠪᠤᠩ ᠪᠠᠶᠢᠯᠭᠠᠵᠤ᠂ ᠰᠠᠬᠢᠨ ᠬᠠᠮᠠᠭᠠᠯᠠᠵᠤ ᠴᠢᠨᠡᠭᠡᠯᠢᠭᠵᠢᠭᠦᠯᠦᠨ᠎ᠡ᠃ | ᠭᠤᠤᠯᠳᠠᠯᠭ᠎ᠠ ᠲᠠᠢ ᠬᠠᠷᠠᠭᠠᠯᠵᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠶᠡᠭᠡ ᠡᠷᠴᠢᠮ ᠢᠶᠠᠷ ᠰᠤᠷᠭᠠᠨ | ᠬᠥᠮᠦᠵᠢᠯ᠂ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ | ᠬᠠᠷᠠᠭᠠᠯᠵᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠢ ᠲᠦᠭᠡᠮᠡᠯᠵᠢᠭᠦᠯᠬᠦ︾ ᠬᠢᠨᠠᠨ ᠵᠢᠯᠣᠭᠤᠳᠴᠤ ᠦᠨᠡᠯᠡᠨ ᠵᠢᠱᠢᠬᠦ ᠪᠠ ᠰᠢᠯᠭᠠᠨ | ᠠᠪᠬᠤ ᠳᠤ ᠤᠷᠤᠭᠰᠢᠲᠠᠶ ᠪᠠᠲᠤᠯᠠᠭᠳᠠᠬᠤ ᠶᠢ ᠦᠨᠡᠨᠬᠦ ᠪᠠᠲᠤᠯᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠠᠬᠢᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠴᠢᠩᠭ᠎ᠠ | ᠵᠢᠷᠤᠮᠵᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ | ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠠᠬᠢᠭᠤᠯᠤᠨ᠂ ᠪᠠᠭᠰᠢ ᠶᠢᠨ ᠠᠵᠢᠯ | ᠬᠢᠵᠦ ᠤᠶᠢᠯᠠᠰ ᠪᠦᠳᠦᠬᠡᠬᠦ ᠠᠮᠢᠵᠢᠷᠠᠯ ᠤᠨ ᠬᠦᠴᠦᠨ ᠢ ᠤᠷᠮᠠᠰᠢᠭᠤᠯᠵᠦ᠂ ᠦᠨᠳᠦᠷ ᠬᠢᠷᠢ ᠲᠦᠪᠰᠢᠨ ᠲᠠᠢ ᠪᠠᠭᠰᠢ ᠶᠢᠨ | ᠡᠩᠨᠡᠭᠡ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠢᠶᠠᠷ ᠢᠶᠠᠨ | ᠬᠠᠮᠵᠢᠯᠴᠠᠬᠤ ᠲᠠᠪᠴᠠᠩ ᠢ ᠰᠠᠶᠢᠲᠤᠷ ᠬᠡᠷᠡᠭᠯᠡᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ | ᠭᠥᠷᠳᠡᠬᠦ ᠶᠢ ᠠᠬᠢᠭᠤᠯᠤᠨ᠎ᠠ᠃ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠬᠤᠰᠢᠭᠤᠨ ᠤ ᠡᠮᠴᠢᠯᠡᠭᠡᠨ ᠤ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠮᠨᠡᠯᠭᠡ ᠶᠢᠨ ᠠᠵᠢᠯᠲᠠᠨ ᠢ ᠤᠷᠢᠨ | ᠬᠡᠷᠡᠭᠯᠡᠬᠦ ᠪᠠ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠬᠤᠰᠢᠭᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠢ ᠠᠪᠤᠷᠠᠨ ᠵᠠᠰᠠᠬᠤ ᠪᠠ | ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ︽ᠬᠥᠬᠡᠭᠴᠢᠨ | ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠡᠮᠨᠡᠨ ᠵᠠᠰᠠᠬᠤ ᠡᠮ ᠪᠠ ᠡᠮᠴᠢᠯᠡᠭᠡᠨ ᠤ ᠲᠥᠬᠦᠭᠡᠷᠦᠮᠵᠢ ᠶᠢ ᠪᠡᠯᠡᠳᠬᠡᠨ | ᠪᠦᠷᠢᠳᠦᠭᠦᠯᠵᠦ᠂ ᠨᠠᠰᠤᠲᠠᠶᠢᠴᠤᠳ ᠪᠣᠯᠤᠨ ᠬᠡᠦᠬᠡᠳ ᠤᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ ᠲᠡᠭᠡᠭᠰᠢᠯᠡᠭᠦᠯᠦᠨ᠂ | ᠡᠷᠡᠭᠦᠯ ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ | ᠴᠤᠭᠴᠠᠯᠠᠨ᠎ᠠ᠃ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠤ᠂ ᠡᠯ᠎ᠡ ᠲᠥᠷᠥᠯ ᠤᠨ ᠬᠦᠨᠳᠦ ᠶᠡᠭᠡ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ︽ᠡᠷᠡᠭᠦᠯ ᠡᠩᠬᠡ ᠲᠦᠷᠪᠡᠳ ᠬᠤᠰᠢᠭᠤ︾ ᠶᠢᠨ ᠠᠵᠢᠯᠯᠠᠭ᠎ᠠ ᠶᠢ ᠥᠷᠭᠡᠨ ᠢᠶᠠᠷ | ᠦᠷᠨᠢᠭᠦᠯᠦᠨ᠂ ᠡᠮᠡᠭᠲᠡᠶᠢᠴᠦᠳ ᠤᠨ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ | ᠪᠠ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠥᠬᠦ | ᠠᠷᠠᠳ ᠤᠨ ᠡᠷᠡᠭᠦᠯ ᠡᠩᠬᠡ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ | ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠨᠡᠶᠢᠭᠡᠮ ᠤᠨ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ | ᠬᠡᠷᠡᠭᠯᠡᠯᠲᠡ ᠶᠢ ᠴᠢᠩᠭᠠᠷᠠᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠰᠢᠯᠭᠠᠨ ᠬᠢᠨᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠥᠨ᠂ | ᠪᠥᠬᠦ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠤᠯᠪᠠᠰᠤᠷᠠᠯ ᠢ ᠳᠡᠯᠭᠡᠷᠡᠭᠦᠯᠵᠦ᠂ ᠬᠠᠤᠯᠢ ᠪᠤᠰᠤ᠂ ᠬᠠᠤᠯᠢ ᠠᠴᠠ | ᠵᠥᠷᠢᠴᠡᠨ ᠦᠢᠯᠡᠳᠪᠦᠷᠢᠯᠡᠵᠤ ᠡᠵᠡᠩᠨᠡᠬᠦ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠢᠳᠡᠭᠡᠨ ᠪᠠ ᠡᠮ ᠤᠨ ᠵᠦᠢᠯᠡᠰ ᠤᠨ | ᠬᠢᠨᠠᠨ ᠬᠠᠮᠢᠶᠠᠷᠤᠯᠲᠠ ᠶᠢᠨ ᠬᠦᠴᠦᠯᠡᠴᠡ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠤᠲᠠ ᠶᠢᠨ ᠤᠯᠤᠰ ᠤᠨ ᠲᠡᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨ ᠭᠦᠨᠵᠡᠭᠡᠢ ᠤᠳᠠᠭᠠᠨ | ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠪᠡᠷᠳᠡᠬᠡᠨ | ᠵᠠᠰᠠᠬᠤ ᠤᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠢ ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢ | ᠦᠷᠭᠦᠯᠵᠢᠯᠡᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠤᠯᠲᠠ ᠶᠢᠨ ᠦᠷ᠎ᠡ ᠪᠦᠳᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠤᠯᠤᠰ ᠤᠨ ᠬᠤᠶᠠᠷ ᠢ ᠬᠦᠷᠢᠶᠠᠯᠡᠬᠦ ᠵᠢᠱᠢᠶᠡᠴᠢ ᠬᠤᠰᠢᠭᠤ ᠶᠢ ᠪᠠᠶᠢᠭᠤᠯᠤᠨ᠂ | ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠠᠬᠢᠭᠤᠯᠤᠨ᠎ᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ | ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ | ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠢᠯᠡ | ᠰᠠᠷᠠᠭᠤᠯ ᠢᠨᠵᠧᠨᠧᠷᠢᠩ︾᠂ ︽ᠬᠢᠨᠠᠭᠤᠷ ᠲᠣᠣᠷ ᠤᠨ ᠢᠨᠵᠧᠨᠧᠷᠢᠩ︾ ᠵᠡᠷᠭᠡ ᠲᠠᠪᠴᠠᠩ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ︽ᠠᠮᠤᠷ ᠠᠮᠤᠭᠤᠯᠠᠩ ᠳᠥᠷᠪᠡᠳ ᠬᠤᠰᠢᠭᠤ︾ ᠶᠢ ᠨᠠᠩ ᠥᠨᠳᠥᠷ ᠲᠦᠪᠰᠢᠨ ᠳᠤ ᠬᠦᠷᠬᠦ ᠶᠢ ᠠᠬᠢᠭᠤᠯᠤᠨ᠎ᠠ᠃ | ︵ᠵᠢᠷᠭᠤᠭ᠎ᠠ︶ ᠰᠤᠷᠲᠠᠯ ᠢ ᠴᠢᠩᠭ᠎ᠠ ᠪᠣᠳᠠᠲᠠᠢ ᠪᠠᠷ ᠰᠠᠶᠢᠵᠢᠷᠠᠭᠤᠯᠵᠤ᠂ ᠡᠭᠦᠷᠭᠡᠯᠡᠯ ᠢᠶᠠᠨ ᠴᠢᠩᠭᠠᠳᠬᠠᠨ᠂ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠴᠤ᠋ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠵᠦ᠂ ᠰᠢᠨ᠎ᠡ ᠴᠠᠭ ᠦᠶ᠎ᠠ ᠳᠤ ᠬᠤᠪᠢ ᠨᠡᠮᠡᠷᠢ ᠦᠵᠡᠬᠦᠯᠬᠦ ᠳᠤ | ᠡᠷᠬᠡᠪᠰᠢ ᠦᠨᠡᠨ ᠠᠴᠠ ᠵᠦᠪ ᠢ ᠡᠷᠢᠨ ᠪᠤᠳᠠᠳᠠᠶᠢᠴᠢᠯᠠᠨ ᠠᠵᠢᠯᠯᠠᠵᠦ᠂ ᠠᠵᠢᠯ ᠦᠢᠯᠡᠰ ᠢᠶᠠᠨ ᠲᠡᠬᠡᠳᠦᠯᠠᠨ᠂ ᠵᠤᠷᠢᠭᠳᠠᠢ ᠪᠠᠷ | ᠡᠬᠦᠷᠬᠡᠯᠡᠨ ᠬᠠᠷᠢᠭᠤᠴᠠᠵᠦ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠲᠡᠬᠡᠭᠰᠢᠯᠡᠬᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠢ ᠡᠬᠦᠳᠦᠨ ᠪᠠᠶᠢᠭᠤᠯᠬᠤ ᠬᠡᠷᠡᠭᠳᠠᠢ᠃ | ᠨᠠᠮ ᠲᠠᠭᠠᠨ ᠦᠨᠡᠨᠴᠢ ᠰᠢᠳᠤᠷᠭᠤ ᠡᠬᠦᠷᠬᠡ ᠬᠠᠷᠢᠭᠤᠴᠠᠯᠭ᠎ᠠ ᠲᠠᠢ ᠵᠠᠰᠠᠭ ᠢ ᠪᠦᠬᠦ ᠲᠠᠯ᠎ᠠ ᠪᠠᠷ ᠴᠤᠭᠴᠠᠯᠠᠨ | ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ | ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠬᠡ ᠪᠠᠨ ᠵᠢᠯᠤᠭᠤᠳᠤᠭᠤᠯᠵᠦ ᠠᠵᠢᠯ ᠢᠶᠠᠨ ᠠᠬᠢᠭᠤᠯᠤᠨ᠂ | ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ | ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠦ᠂ ᠨᠠᠮ ᠪᠠᠶᠢᠭᠤᠯᠤᠭᠳᠠᠭᠰᠠᠨ | ᠠᠭᠤᠤ ᠶᠡᠭᠡ ᠵᠤᠷᠢᠭ ᠰᠠᠨᠠᠭ᠎ᠠ ᠶᠢ ᠤᠬᠠᠮᠰᠠᠷ ᠠᠴᠠ ᠪᠠᠨ ᠪᠡᠳᠡᠷᠠᠭᠤᠯᠤᠨ᠂ ︽ᠲᠦᠷᠪᠡᠨ ᠤᠬᠠᠮᠰᠠᠷ︾ ᠢ ᠨᠡᠮᠡᠭᠳᠡᠬᠦᠯᠵᠦ ︽ | ᠲᠦᠷᠪᠡᠨ ᠢᠳᠡᠬᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠠᠬᠦᠯᠵᠦ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠦᠢᠯᠠᠭᠠᠬᠤ ᠴᠢᠳᠠᠪᠤᠷᠢ᠂ ᠬᠡᠷᠡᠭᠵᠢᠬᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠲᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ | ᠲᠠᠯ᠎ᠠ ᠪᠠᠷ ᠪᠠᠶᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠥᠷᠨᠢᠭᠦᠯᠵᠦ᠂ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠤᠲᠠ ᠶᠢᠨ | ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠢᠳᠡᠪᠬᠢᠲᠡᠢ ᠡᠭᠦᠳᠦᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ | ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠯᠲᠠ | ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ | ᠵᠥᠪᠯᠡᠯᠭᠡ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠭᠦᠢᠴᠡᠳᠬᠡᠵᠤ᠂ ᠬᠤᠰᠢᠭᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ | ᠴᠠᠭᠠᠵᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠵᠦ᠂ ᠬᠢᠨᠠᠨ ᠪᠤᠳᠤᠯᠲᠠ ᠶᠢᠨ ᠬᠢᠨᠠᠯᠲᠠ ᠶᠢ | ᠴᠢᠩᠭᠠᠳᠬᠠᠨ᠂ ᠵᠠᠰᠠᠭ ᠤᠨ ᠣᠷᠳᠣᠨ ᠤ ᠡᠷᠬᠡ ᠶᠢᠨ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠪᠠᠲᠤᠯᠠᠨ᠎ᠠ᠃ | | ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ | ᠪᠠᠶᠢᠭᠤᠯᠤᠨ᠎ᠠ᠃ ᠣᠯᠠᠨ ᠲᠦᠮᠡᠨ ᠤ ᠪᠤᠳᠤᠯ ᠢᠯᠡᠷᠡᠯ ᠢ ᠠᠵᠢᠯ ᠤᠨ ︽ᠵᠦᠭᠯᠡᠭᠦᠷ︾ ᠢᠶᠠᠨ ᠪᠣᠯᠭᠠᠵᠤ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠨᠢᠭᠡ | ᠰᠦᠯᠵᠢᠶ᠎ᠡ ᠪᠠᠷ ᠨᠡᠶᠢᠳᠡᠮ ᠬᠡᠷᠡᠭᠯᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾᠂ ︽ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ︾ ᠶᠢ ᠬᠠᠮᠵᠢᠯᠴᠠᠨ ᠬᠥᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ | ᠰᠦᠯᠵᠢᠶ᠎ᠡ + ᠰᠢᠮᠳᠠᠭᠤᠯᠤᠨ ᠪᠠᠶᠢᠴᠠᠭᠠᠬᠤ︾᠂ ︽12345︾ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ | ᠵᠡᠷᠭᠡ ᠵᠠᠰᠠᠭ ᠪᠠ ᠠᠷᠠᠳ ᠤᠨ ᠬᠠᠷᠢᠯᠴᠠᠨ ᠬᠥᠳᠡᠯᠦᠯᠴᠡᠬᠦ ᠲᠠᠪᠴᠠᠩ ᠤᠨ ᠬᠦᠢᠴᠡᠳᠬᠡᠬᠦ ᠠᠵᠢᠯ ᠢ ᠰᠠᠶᠢᠲᠤᠷ ᠬᠢᠵᠦ᠂ ︽ | ᠮᠥᠩᠬᠡ ᠰᠤᠪᠠᠭ︾᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠶᠢ ᠰᠠᠶᠢᠲᠤᠷ ᠪᠠᠶᠢᠭᠤᠯᠤᠨ ᠰᠠᠶᠢᠲᠤᠷ | ᠬᠡᠷᠡᠭᠯᠡᠵᠦ᠂ ᠠᠷᠠᠳ ᠤᠨ ᠰᠠᠨᠠᠭ᠎ᠠ ᠶᠢ ᠤᠶᠢᠯᠠᠭᠠᠨ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠢᠳᠡᠪᠬᠢᠳᠠᠢ | ᠰᠢᠢᠳᠪᠦᠷᠢᠯᠡᠨ᠎ᠡ᠃ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠳᠠᠲᠠᠢ ᠶᠢ ᠡᠷᠬᠢᠮᠯᠡᠬᠦ ᠵᠠᠰᠠᠭ ᠤᠨ ᠣᠷᠳᠣᠨ ᠢ ᠪᠦᠬᠦ | ᠲᠠᠯ᠎ᠠ ᠪᠠᠷ ᠪᠠᠶᠢᠭᠤᠯᠤᠨ᠎ᠠ᠃ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠦᠵᠡᠯ ᠰᠠᠨᠠᠭᠠᠨ ᠤ ᠤᠬᠠᠮᠰᠠᠷ ᠪᠠ ᠤᠯᠤᠰ ᠲᠥᠷᠥ ᠶᠢᠨ ᠪᠠᠷᠢᠮᠲᠠᠯᠠᠯ ᠪᠤᠯᠭᠠᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠤ᠂ ︽ᠳᠥᠷᠪᠡᠨ ᠰᠤᠷᠲᠠᠯ︾ ᠢ | ᠡᠷᠡᠰ ᠭᠤᠶᠢᠪᠢᠰᠢ ᠥᠬᠡᠶ ᠵᠠᠯᠠᠷᠠᠭᠤᠯᠤᠨ᠂ ᠰᠢᠨ᠎ᠡ ᠰᠤᠷᠲᠠᠯ ᠢ ᠪᠣᠶ ᠪᠣᠯᠭᠠᠵᠤ᠂ ᠰᠤᠷᠲᠠᠯ ᠢᠶᠠᠨ ᠬᠤᠪᠢᠷᠠᠭᠤᠯᠤᠨ᠎ᠠ᠃ | ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠥᠪ ᠴᠢᠭᠯᠡᠯ ᠢᠶᠠᠷ | ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠲᠣᠭᠲᠠᠴᠠ ᠶᠢ ᠬᠡᠷᠡᠭᠵᠢᠭᠦᠯᠦᠨ᠂ ᠪᠥᠬᠦ | ᠬᠤᠰᠢᠭᠤᠨ ᠤ ᠺᠠᠳ᠋ᠷᠴᠤᠳ ᠤᠨ ︽ᠠᠵᠢᠯᠴᠢ ᠴᠢᠬᠡᠴᠢ︾ ᠤᠬᠠᠮᠰᠠᠷ ᠢ ᠪᠣᠶ ᠪᠣᠯᠭᠠᠵᠤ᠂ ︽ᠬᠡᠪ ᠢᠶᠠᠨ ᠰᠠᠬᠢᠬᠤ︾ | ᠶᠢ ᠲᠡᠪᠴᠢᠨ᠂ ︽ᠭᠠᠪᠰᠢᠭᠠᠶᠢᠯᠠᠭᠴᠢ︾ ᠪᠣᠯᠬᠤ ᠪᠠᠷ ᠴᠢᠷᠮᠠᠶᠢᠵᠤ᠂ ᠡᠷᠡᠯᠭᠡᠭᠯᠡᠨ ᠤᠷᠤᠭᠰᠢᠯᠠᠬᠤ ᠪᠠᠶᠢᠳᠠᠯ ᠢ ᠪᠣᠶ | ᠪᠣᠯᠭᠠᠬᠤ ᠶᠢ ᠳᠥᠯᠭᠢᠨ ᠠᠬᠢᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ | ᠬᠢᠨᠠᠯᠲᠠ ᠬᠠᠮᠢᠶᠠᠷᠤᠯᠲᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠴᠢᠬᠡᠴᠢ ᠵᠠᠰᠠᠭ ᠤᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ | ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠪᠡᠯᠡ ᠮᠦᠩᠭᠦ ᠶᠢ ᠦᠨᠡᠨ ᠬᠦ | ᠴᠢᠬᠤᠯᠠᠲᠠᠢ ᠭᠠᠵᠠᠷ ᠲᠤᠨᠢ ᠬᠡᠷᠡᠭᠯᠡᠨ᠎ᠡ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠠᠳᠠᠨ ᠪᠠᠲᠤ ᠢᠲᠡᠭᠡᠯ ᠵᠣᠷᠢᠭ ᠪᠠ | ᠥᠪᠡᠷ ᠢ ᠪᠠᠨ ᠦᠷᠡᠭᠳᠡᠭᠦᠯᠬᠦ ᠬᠠᠳᠠᠭᠤ ᠵᠣᠷᠢᠭ ᠢᠶᠠᠷ ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠦᠶ᠎ᠡ︕ | | | ᠳᠡᠪᠰᠢᠭᠦᠯᠦᠭᠴᠢ᠄ ᠲᠡᠷᠭᠡᠯ | |