2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ︵ᠬᠢᠨᠠᠨ ᠵᠦᠪᠯᠡᠬᠦ ᠨᠤᠤᠷᠠᠭ︶ | | ᠲᠥᠯᠥᠭᠡᠯᠡᠭᠴᠢᠳ ᠡ᠄ | ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠬᠤᠷᠠᠯ ᠳᠤ | ᠰᠤᠯᠠ ᠤᠷᠤᠯᠴᠠᠭᠰᠠᠨ ᠪᠤᠰᠤᠳ ᠬᠦᠮᠦᠰ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠵᠢᠴᠢ ᠦᠷ᠎ᠡ ᠪᠦᠲᠦᠮᠵᠢ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠲᠤᠮᠳᠠᠳᠦ | ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ ᠪᠠᠷ ᠭᠤᠤᠯ ᠱᠤᠭᠤᠮ ᠪᠤᠯᠭᠠᠨ᠂ ᠰᠢ ᠶᠢᠨ | ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠲᠤᠰᠢᠶᠠᠭᠰᠠᠨ ︽ᠲᠠᠪᠤᠨ ᠶᠡᠭᠡ ᠡᠬᠦᠷᠬᠡ︾ ᠳᠤ ᠲᠦᠪᠯᠡᠷᠡᠬᠦᠯᠦᠨ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ | ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠤᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠳᠤ ᠬᠠᠨᠳᠤᠰᠢ ᠰᠠᠶᠢᠨ᠂ ᠪᠦᠲᠦᠴᠡ ᠰᠢᠯᠢᠳᠡᠭ᠂ ᠬᠥᠳᠡᠯᠭᠡᠬᠦ ᠡᠨᠧᠷᠭᠢ ᠴᠢᠩᠭ᠎ᠠ | ᠂ ᠦᠷ᠎ᠡ ᠠᠰᠢᠭ ᠳᠡᠭᠡᠭᠰᠢᠯᠡᠭᠰᠡᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢᠯᠡᠷᠡᠪᠡ᠃ | ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 76.7 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 7.8%︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 14.3%︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠶᠢᠨ ᠨᠡᠮᠡᠭᠳᠡᠯ ᠤᠨ ᠬᠤᠷᠳᠤᠴᠠ ᠨᠢ 37.5% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 18.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 8.4%︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 3.34 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ | 27.4%︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 37049 ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 6.4%︔ ᠬᠦᠳᠡᠭᠡ ᠲᠤᠰᠬᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17014 ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ ᠨᠢ 8.7%︔ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢᠨ ᠨᠡᠮᠡᠭᠳᠡᠯ ᠬᠤᠷᠳᠤᠴᠠ᠂ ᠡᠩ ᠤᠨ | ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ ᠬᠤᠷᠳᠤᠴᠠ ᠪᠠ ᠪᠦᠬᠦ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠡᠵᠡᠮᠳᠠᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠬᠤᠷᠳᠤᠴᠠ ᠨᠢ ᠴᠦᠮ ᠪᠦᠬᠦ ᠬᠤᠳᠠ ᠶᠢᠨ | ᠭᠤᠷᠪᠠᠳᠤᠭᠠᠷ ᠲᠤ ᠤᠷᠤᠪᠠ᠃ 18 ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠵᠢᠯ ᠳᠤ 88 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ 157% ᠪᠠᠶᠢᠵᠤ᠂ ᠪᠦᠬᠦ | ᠬᠤᠲᠠ ᠳᠤ ᠲᠡᠷᠢᠭᠦᠯᠡᠪᠡ᠃ | ᠬᠦᠴᠦᠨ ᠴᠢᠳᠠᠯ ᠢᠶᠠᠨ ᠬᠤᠷᠠᠮᠳᠤᠭᠤᠯᠵᠦ ᠰᠢᠷᠭᠠᠭᠤ ᠲᠠᠭᠠᠭᠠᠮᠠᠭᠠᠢ ᠠᠵᠢᠯᠯᠠᠭᠰᠠᠨ ᠡᠨᠡ ᠨᠢᠬᠡ ᠵᠢᠯ ᠳᠤ ᠪᠢᠳᠡ ᠰᠠᠯᠬᠢ | ᠪᠤᠷᠤᠭᠠᠨ ᠢ ᠡᠷᠡᠮᠡᠬᠡᠢ ᠰᠦᠷᠦᠨ᠂ ᠦᠨᠡᠨ ᠢ ᠠᠳᠬᠤᠨ ᠪᠤᠳᠠᠳᠠᠢ ᠠᠵᠢᠯᠯᠠᠵᠦ᠂ ᠠᠵᠦ ᠦᠢᠯᠡᠰ ᠤᠨ ᠬᠦᠭᠵᠢᠯᠳᠡ ᠪᠠᠬᠢᠵᠢᠨ | ᠪᠤᠵᠠᠭᠠᠶᠢᠷᠠᠪᠠ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ︽ᠭᠠᠵᠠᠷ ᠰᠢᠷᠣᠶ ᠪᠠᠨ ᠪᠠᠲᠤᠯᠠᠨ | ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ 1 ᠲᠦᠮᠡᠨ ᠮᠥ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠤᠨ᠂ ᠠᠮᠤ ᠪᠤᠳᠠᠭ᠎ᠠ ᠳᠠᠷᠢᠬᠤ ᠲᠠᠯᠠᠪᠠᠶ ᠶᠢ | 132 ᠲᠦᠮᠡᠨ ᠮᠥ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠨᠢ 6 ᠳ᠋ᠦᠩᠰᠢᠭᠤᠷ ᠵᠢᠩ ᠠᠴᠠ ᠲᠠᠪᠠᠪᠠ᠃ ᠲᠥᠮᠥᠰᠥ | ᠳᠠᠷᠢᠬᠤ ᠲᠠᠯᠠᠪᠠᠶ 40 ᠲᠦᠮᠡᠨ ᠮᠥ ᠪᠠᠶᠢᠵᠤ᠂ ᠲᠥᠮᠥᠰᠥᠨ ᠤ ᠤᠯᠤᠰ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ | ᠪᠥᠭᠡᠮᠨᠡᠷᠡᠯ ᠤᠨ ᠲᠥᠷᠥᠯ ᠵᠦᠢᠯ ᠢ ᠵᠦᠪᠰᠢᠶᠡᠷᠡᠬᠦᠯᠦᠨ ᠪᠠᠶᠢᠭᠤᠯᠵᠦ᠂ ᠵᠦᠩ ᠵᠢᠶᠠ 7 ᠳ᠋ᠤᠭᠠᠷ ᠨᠣᠮᠧᠷᠲᠤ ᠡᠪᠡᠳᠴᠢᠨ | ᠡᠮᠭᠡᠭ ᠢ ᠡᠰᠡᠷᠭᠦᠴᠡᠬᠦ ᠲᠥᠮᠥᠰᠥ ᠶᠢ 10 ᠲᠦᠮᠡᠨ ᠮᠥ ᠲᠦᠬᠡᠮᠡᠯᠵᠢᠬᠦᠯᠦᠨ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ | ᠡᠭᠦᠯᠳᠡᠷ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠶᠢ 500 ᠲᠦᠮᠡᠨ ᠲᠥᠭᠦᠷᠢᠭ ᠣᠯᠵᠤ᠂ ᠵᠦᠩ ᠵᠢᠶᠠ | 10 ᠳ᠋ᠤᠭᠠᠷ ᠨᠣᠮᠧᠷᠲᠤ᠂ 11 ᠳ᠋ᠦ᠋ᠭᠡᠷ ᠨᠤᠮᠧᠷᠳᠦ ᠥᠨᠳᠥᠷ ᠴᠠᠷᠳᠠᠭᠤᠯ ᠤᠨ ᠰᠢᠨ᠎ᠡ ᠡᠭᠦᠯᠳᠡᠷ ᠤᠨ ᠵᠢᠱᠢᠶ᠎ᠡ ᠦᠵᠡᠭᠦᠯᠬᠦ | ᠬᠡᠰᠡᠭ ᠢ 5000 ᠮᠦ ᠪᠠᠶᠢᠭᠤᠯᠤᠨ᠂ ᠮᠢᠩᠭᠠᠨ ᠮᠦ ᠠᠴᠠ ᠳᠡᠭᠡᠭᠰᠢᠬᠢ ᠲᠥᠮᠥᠰᠥ ᠳᠠᠷᠢᠬᠤ ᠵᠢᠱᠢᠶ᠎ᠡ ᠦᠵᠡᠭᠦᠯᠬᠦ ᠬᠡᠰᠡᠭ ᠢ | 29 ᠪᠠᠶᠢᠭᠤᠯᠵᠤ᠂ ᠲᠦᠮᠡᠨ ᠮᠦ ᠠᠴᠠ ᠳᠡᠭᠡᠭᠰᠢ 2 ᠶᠢ ᠪᠠᠶᠢᠭᠤᠯᠤᠨ᠂ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ | 100 % ᠳᠤ ᠬᠦᠷᠭᠡᠪᠡ᠃ 160 ᠲᠦᠮᠡᠨ ᠢᠳᠡᠰᠢᠨ ᠬᠤᠨᠢ ᠪᠤᠷᠤᠯᠠᠭᠤᠯᠤᠨ ᠰᠢᠢᠳᠪᠦᠷᠢᠯᠡᠵᠦ᠂ ᠮᠢᠬᠠᠨ ᠤ ᠭᠠᠷᠤᠯᠲᠠ 4. | 6 ᠲᠦᠮᠡᠨ ᠲᠣᠨ ᠳᠤ ᠬᠦᠷᠪᠡ᠃ 1 ᠲᠦᠮᠡᠨ ᠳ᠋ᠦ᠋ ᠮᠧᠩ ᠡᠭᠦᠯᠳᠡᠷ ᠤᠨ ᠬᠤᠴᠠ᠂ 2.5 ᠲᠦᠮᠡᠨ ᠳ᠋ᠦ᠋ ᠮᠧᠩ ᠲᠦᠯᠯᠡᠬᠦ | ᠮᠠᠯ ᠢ ᠲᠦᠬᠡᠮᠡᠯᠵᠢᠬᠦᠯᠦᠨ᠂ ᠢᠳᠡᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠨᠣᠷᠮ᠎ᠠ ᠶᠢ 60% ᠠᠴᠠ ᠳᠡᠭᠡᠭᠰᠢ ᠳᠤ | ᠬᠦᠷᠦᠭᠦᠯᠵᠦ᠂ ᠢᠳᠡᠰᠢᠨ ᠬᠤᠨᠢᠨ ᠤ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ 20 | ᠪᠠᠶᠢᠭᠤᠯᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠴᠢᠳᠠᠪᠤᠷᠢ ᠶᠢ 25 ᠲᠦᠮᠡ ᠳᠤ ᠬᠦᠷᠦᠭᠦᠯᠵᠦ᠂ ᠳ᠋ᠦ᠋ ᠮᠧᠩ | ᠢᠳᠡᠰᠢᠨ ᠬᠤᠨᠢᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃ | ᠢᠳᠡᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ 7 ᠳᠤ ᠬᠦᠷᠴᠦ᠂ ᠢᠳᠡᠰᠢᠨ | ᠦᠬᠡᠷ ᠤᠨ ᠲᠤᠭ᠎ᠠ 8.6 ᠲᠦᠮᠡ ᠬᠦᠷᠴᠦ᠂ ︽ᠢᠳᠡᠰᠢᠨ ᠦᠬᠡᠷ ᠤᠨ ᠲᠤᠭ᠎ᠠ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ | ᠠᠵᠢᠯᠯᠠᠭ᠎ᠠ︾ ᠶᠢ ᠭᠦᠨᠵᠡᠭᠡᠶ ᠠᠬᠢᠭᠤᠯᠪᠠ᠃ ᠰᠢᠨ᠎ᠡ ᠪᠠᠷ ᠭᠡᠷᠡᠴᠢᠯᠡᠭᠰᠡᠨ ᠪᠣᠬᠢᠷᠲᠤᠯ ᠥᠬᠡᠶ ᠪᠦᠲᠦᠭᠡᠭᠳᠡᠬᠦᠨ 25᠂ | ᠭᠡᠷᠡᠴᠢᠯᠡᠯ ᠤᠨ ᠭᠤᠤᠯ ᠴᠣᠭᠴᠠ 13᠂ ᠰᠢᠨ᠎ᠡ ᠭᠡᠷᠡᠴᠢᠯᠡᠯ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ 1 ᠪᠠᠶᠢᠵᠤ᠂ ︽ᠣᠭ ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ | ᠠᠬᠤᠶᠢᠯᠠᠯ 9 ᠪᠣᠯᠵᠣ᠂ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ | ᠪᠠᠶᠠᠯᠢᠭᠵᠢᠪᠠ᠃ | ᠠᠵᠤ ᠦᠢᠯᠡᠳᠪᠦᠷᠢ ᠶᠢᠨ ᠬᠥᠳᠡᠯᠭᠡᠭᠦᠷ ᠬᠦᠴᠦᠨ ᠡᠳᠦᠷ ᠢᠷᠡᠬᠦᠶ᠎ᠡ ᠡᠷᠴᠢᠮᠵᠢᠪᠠ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 2 ᠡᠷᠦᠬᠡ ᠰᠢᠨ᠎ᠡ ᠪᠠᠷ ᠨᠡᠮᠡᠭᠳᠡᠭᠦᠯᠵᠦ᠂ 26 ᠡᠷᠦᠬᠡ ᠳᠤ ᠬᠦᠷᠴᠦ᠂ | ᠦᠢᠯᠡᠳᠬᠦᠨ ᠤ ᠥᠷᠲᠡᠭ ᠢ 36.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠵᠠᠮ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠳᠠᠭᠤᠰᠬᠠᠵᠤ᠂ 3.3 ᠲᠦᠮᠡᠨ ᠲᠡᠭᠰᠢ ᠳᠥᠷᠪᠡᠯᠵᠢᠨ ᠮᠧᠲᠷ ᠤᠨ | ᠠᠶᠤᠯᠲᠠᠶ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ᠂ 4800 ᠲᠡᠭᠰᠢ ᠳᠥᠷᠪᠡᠯᠵᠢᠨ ᠮᠧᠲᠷ ᠤᠨ ᠬᠦᠷᠢᠶᠡᠯᠡᠩ | ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠬᠤ ᠶᠢᠨ ᠬᠠᠮᠲᠤ 30 ᠲᠤᠰᠬᠠᠶ | ᠲᠤᠰᠢᠶᠠᠯᠲᠤ ᠭᠠᠯ ᠤᠨᠲᠠᠷᠠᠭᠠᠭᠴᠢ ᠶᠢ ᠳᠣᠭᠢᠷᠠᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠭᠠᠨ ᠭᠠᠯ ᠤᠨᠲᠠᠷᠠᠭᠠᠬᠤ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠨ ᠲᠣᠭᠲᠠᠭᠠᠬᠤ | ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠶᠦᠩ ᠾᠧ ᠺᠣᠮᠫᠠᠨᠢ ᠨᠢ ᠪᠥᠬᠦ ᠣᠷᠣᠨ ᠤ ᠠᠩᠬᠠᠳᠠᠭᠴᠢ ᠮᠠᠭᠠᠳᠯᠠᠨ | ᠲᠤᠭᠳᠠᠭᠠᠯᠳᠠ ᠳᠤ ᠠᠮᠵᠢᠯᠲᠠ ᠣᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ | ᠪᠣᠯᠵᠣ᠂ 0.7 ᠲᠦᠮᠡᠨ ᠲᠣᠨ ᠤ VDF ᠶᠢ ᠰᠢᠨ᠎ᠡ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ | ᠪᠣᠷᠣᠯᠠᠭᠤᠯᠬᠤ ᠦᠢᠯᠡᠳᠬᠦᠨ ᠤ ᠲᠤᠭ᠎ᠠ ᠬᠡᠮᠵᠢᠶ᠎ᠡ 14 ᠵᠦᠢᠯ ᠳᠤ ᠬᠦᠷᠴᠦ᠂ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠥᠷᠭᠡᠳᠬᠡᠪᠡ᠃ ᠬᠠᠶᠢᠯᠤᠭᠤᠷ | ᠵᠣᠩᠰᠢ ᠶᠢᠨ ᠡᠬᠢ ᠪᠠᠶᠠᠯᠢᠭ ᠢ 370 ᠲᠦᠮᠡᠨ ᠲᠣᠨ ᠰᠢᠨ᠎ᠡ ᠪᠠᠷ ᠬᠠᠶᠢᠨ ᠰᠦᠪᠡᠭᠴᠢᠯᠡᠵᠦ᠂ ᠪᠦᠬᠦ ᠬᠤᠰᠢᠭᠤᠨ ᠤ | ᠬᠠᠶᠢᠯᠤᠭᠤᠷ ᠵᠣᠩᠰᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ 2939 ᠲᠦᠮᠡᠨ ᠲᠣᠨ ᠳᠤ ᠬᠦᠷᠴᠦ᠂ ᠬᠠᠶᠢᠯᠤᠭᠤᠷ | ᠵᠣᠩᠰᠢ ᠶᠢᠨ ᠠᠵᠤ ᠦᠢᠯᠡᠰ ᠤᠨ ᠦᠨᠳᠦᠷ ᠲᠠᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 120 ᠲᠦᠮᠡᠨ ᠺᠢᠯᠣᠸᠠᠲ ᠤᠨ ᠲᠦᠷᠦᠯ ᠵᠦᠢᠯ᠂ | ᠬᠦᠬᠡᠮᠦ᠋ᠷᠡᠨ ᠤ ᠭᠤᠷᠪᠠᠨ ᠬᠠᠪᠴᠢᠯ ᠤᠨ ︽ᠴᠠᠬᠢᠯᠭᠠᠨ ᠰᠤᠷᠪᠤᠯᠵᠢ ᠶᠢᠨ ᠳᠠᠭᠠᠭᠠᠴᠠ ᠨᠥᠭᠡᠴᠡ︾ ᠶᠢᠨ ᠵᠢᠱᠢᠶ᠎ᠡ ᠦᠵᠡᠭᠦᠯᠬᠦ | ᠲᠦᠷᠦᠯ ᠵᠦᠢᠯ ᠪᠠ ᠮᠧᠩ ᠨᠧᠩ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠬᠠᠳᠠᠭᠠᠯᠠᠬᠤ ᠲᠦᠷᠦᠯ | ᠵᠦᠢᠯ ᠤᠳ ᠢ ᠵᠠᠯᠭᠠᠭ᠎ᠠ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠤᠯᠠᠭᠠᠨᠬᠤᠸᠠ ᠶᠢᠨ 500 ᠺᠢᠯᠣᠸᠠᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠰᠢᠭᠯᠠᠯᠲᠠ ᠳᠤ ᠣᠷᠣᠵᠤ᠂ ᠴᠡᠪᠡᠷ ᠡᠨᠧᠷᠭᠢ ᠠᠯᠬᠤᠮ | ᠠᠯᠬᠤᠮ ᠢᠶᠠᠷ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ ᠬᠥᠳᠡᠯᠭᠡᠭᠦᠷ ᠪᠣᠯᠪᠠ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ | 1 ᠲᠦᠮᠡᠨ ᠲᠣᠨ ᠤ ᠲᠥᠮᠥᠰᠥ ᠶᠢᠨ ᠪᠦᠬᠦ ᠨᠤᠨᠲᠠᠭ ᠢ ᠡᠳ᠋ᠰᠢᠭᠦᠯᠬᠦ ᠲᠥᠷᠥᠯ ᠵᠦᠢᠯ ᠤᠨ ᠭᠤᠤᠯ ᠴᠣᠭᠴᠠ ᠶᠢᠨ | ᠢᠨᠵᠧᠨᠧᠷᠢᠩ ᠪᠤᠯᠤᠨ ᠢᠳᠡᠰᠢᠨ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠲᠥᠮᠥᠰᠥ᠂ ᠢᠳᠡᠰᠢᠨ ᠬᠤᠨᠢ᠂ ᠢᠳᠡᠰᠢᠨ ᠦᠬᠡᠷ ᠵᠡᠷᠭᠡ ᠠᠵᠤ ᠦᠢᠯᠡᠰ ᠤᠨ ︽ | ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠳᠠᠪᠠᠭᠤᠯᠢᠭ ᠠᠵᠤ | ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠪᠠ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠦᠷᠭᠦᠯᠵᠢᠯᠡᠨ ᠬᠥᠭᠵᠢᠪᠡ᠃ ︽ᠢᠳᠡᠬᠦ ᠰᠠᠭᠤᠬᠤ ᠶᠠᠪᠤᠬᠤ | ᠵᠢᠭᠤᠯᠴᠢᠯᠠᠬᠤ ᠬᠤᠳᠠᠯᠳᠤᠨ ᠠᠪᠬᠤ ᠪᠠ ᠵᠤᠭᠠᠯᠠᠬᠤ︾ ᠵᠢᠷᠭᠤᠭᠠᠨ ᠡᠯᠧᠮᠧᠨ᠋ᠲ ᠤᠨ ᠲᠣᠭᠤᠷᠢᠨ ᠳᠤ᠂ ᠵᠢᠭᠤᠯᠴᠢᠯᠠᠯ ᠤᠨ | ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠪᠠ᠃ ᠠᠮᠳᠠᠳᠤ ᠢᠳᠡᠭᠡᠨ ᠢᠶᠠᠷ ᠵᠠᠭᠤᠴᠢ ᠪᠣᠯᠭᠠᠵᠤ᠂ ︽ | ᠬᠤᠨᠢᠨ ᠤ ᠲᠠᠪᠤᠨ ᠴᠤᠯᠤ ᠶᠢᠨ ᠠᠮᠲᠠᠲᠤ ᠢᠳᠡᠭᠡᠨ ᠤ ᠵᠡᠭᠡᠯᠢ︾᠂ ︽ᠤᠨᠴᠠᠯᠢᠬᠳᠤ ᠠᠮᠲᠠᠲᠤ ᠢᠳᠡᠭᠡᠨ ᠤ ᠬᠤᠳᠠᠯᠳᠤᠭᠠᠨ ᠤ | ᠵᠡᠭᠡᠯᠢ︾᠂ ︽ᠴᠠᠭᠠᠨ ᠢᠳᠡᠭᠡᠨ ᠤ ᠵᠡᠭᠡᠯᠢ︾ ᠶᠢ ᠠᠮᠵᠢᠯᠲᠠ ᠲᠠᠢ ᠪᠠᠶᠢᠭᠤᠯᠤᠨ᠂ ᠬᠤᠳᠠᠯᠳᠤᠭᠠᠨ ᠤ ᠳᠡᠰ ᠳᠡᠪᠰᠢᠬᠦ | ᠠᠯᠬᠤᠭ᠎ᠠ ᠯᠠᠪᠳᠠᠭᠤᠨ ᠪᠠᠲᠤᠲᠠᠶ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠪᠠᠳᠠᠷᠠᠪᠠ᠃ ᠭᠠᠵᠠᠷ | ᠣᠷᠣᠨ ᠤ ᠠᠮᠳᠠᠳᠤ ᠢᠳᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠨᠠᠷᠢᠯᠢᠭ | ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠭᠠᠷᠭᠠᠯᠳᠠ ᠶᠢ ᠰᠣᠩᠭᠤᠵᠤ᠂ ᠠᠩᠬᠠᠳᠤᠭᠠᠷ ᠬᠤᠭᠤᠴᠠᠭᠠᠨ ᠤ ︽ᠬᠠᠮᠤᠭ ᠤᠨ | ᠲᠤᠮᠤ ᠲᠤᠭᠤᠭᠠᠨ ᠳᠤ ᠴᠢᠨᠠᠭᠰᠠᠨ ᠬᠤᠨᠢᠨ ᠤ ᠲᠠᠪᠤᠨ ᠴᠤᠯᠤ︾ ᠬᠡᠬᠦ ᠠᠮᠲᠠᠲᠤ ᠢᠳᠡᠭᠡᠨ ᠤ ᠨᠠᠶᠢᠷ ᠨᠢ ᠱᠠᠩᠬᠠᠶ ᠶᠢᠨ | ᠳᠡᠯᠡᠬᠡᠶ ᠶᠢᠨ ᠭᠢᠨᠢᠰ ᠤᠨ ᠲᠡᠮᠳᠡᠭᠯᠡᠯ ᠳᠤ ᠰᠣᠩᠭᠤᠭᠳᠠᠵᠤ᠂ ︽ᠬᠤᠨᠢᠨ ᠤ ᠲᠠᠪᠤᠨ ᠴᠤᠯᠤ ᠶᠢᠨ ᠠᠮᠲᠠᠲᠤ ᠢᠳᠡᠭᠡᠨ ᠤ | ᠨᠤᠲᠤᠭ ᠤᠨ ᠤᠨᠴᠠᠯᠢᠬᠲᠤ ᠬᠤᠲᠠ︾ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠬᠤᠨᠢᠨ ᠤ ᠲᠠᠪᠤᠨ ᠴᠤᠯᠤ ᠨᠠᠷᠠᠲᠤ | ᠲᠡᠮᠳᠡᠭ ᠨᠠᠩ ᠠᠯᠳᠠᠷᠰᠢᠪᠠ᠃ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠦᠨᠳᠦᠰᠦᠲᠡᠨ ᠤ ᠪᠡᠶ᠎ᠡ ᠲᠠᠮᠢᠷ ᠤᠨ | ᠴᠤᠭᠯᠠᠭᠠᠨ ᠤ ᠤᠷᠤᠯᠳᠤᠭᠠᠨ᠂ ᠤᠯᠠᠭᠠᠨᠴᠠᠪ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠢ | ᠠᠮᠵᠢᠯᠲᠠ ᠲᠠᠢ ᠳᠠᠭᠠᠭᠠᠴᠢᠯᠠᠨ ᠡᠷᠬᠢᠯᠡᠵᠦ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ᠬᠤᠨᠢᠨ ᠤ ᠲᠠᠪᠤᠨ | ᠴᠤᠯᠤ ᠶᠢᠨ ᠠᠮᠲᠠᠲᠤ ᠢᠳᠡᠭᠡᠨ ᠤ ᠨᠠᠶᠢᠷ᠂ ᠠᠩᠬᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ | ᠨᠠᠭᠠᠳᠤᠮ ᠵᠡᠷᠭᠡ ᠴᠢᠬᠤᠯᠠ ᠶᠡᠭᠡ ᠠᠵᠢᠯᠯᠠᠭ᠎ᠠ ᠶᠢ ᠦᠷᠨᠢᠬᠦᠯᠦᠨ᠂ ᠪᠦᠬᠦ ᠵᠢᠯ ᠳᠤ ᠵᠢᠭᠤᠯᠴᠢᠯᠠᠭᠰᠠᠳ ᠢ 182.7 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 15.5 ᠳ᠋ᠦᠩᠰᠢᠭᠤᠷ ᠲᠥᠭᠦᠷᠢᠭ ᠲᠤ | ᠬᠦᠷᠴᠦ᠂ ᠵᠢᠭᠤᠯᠴᠢᠯᠠᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠤᠯᠠᠮ ᠨᠢᠭᠡ ᠠᠯᠬᠤᠮ | ᠳᠡᠭᠡᠭᠰᠢᠯᠡᠪᠡ᠃ ᠴᠠᠭᠠᠨ ᠰᠠᠷ᠎ᠠ ᠶᠢ ᠤᠭᠲᠤᠬᠤ ᠬᠡᠷᠡᠭᠯᠡᠭᠡᠨ ᠤ ᠤᠯᠠᠷᠢᠯ᠂ ᠵᠣᠨ ᠤ ᠠᠮᠠᠷᠠᠯᠲᠠ ᠶᠢᠨ ᠬᠡᠷᠡᠭᠯᠡᠭᠡᠨ ᠤ ᠤᠯᠠᠷᠢᠯ᠂ | ᠠᠯᠲᠠᠨ ᠨᠠᠮᠤᠷ ᠤᠨ ᠪᠠᠷᠠᠭ᠎ᠠ ᠬᠤᠳᠠᠯᠳᠤᠨ ᠠᠪᠬᠤ ᠪᠠᠶᠠᠷ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ | ᠥᠷᠨᠢᠭᠦᠯᠵᠦ᠂ ᠤᠷᠤᠯᠴᠠᠭᠰᠠᠳ ᠨᠡᠶᠢᠲᠡ 22 ᠲᠦᠮᠡᠨ ᠬᠥᠮᠦᠨ ᠤᠳᠠᠭ᠎ᠠ ᠶᠢ ᠳᠠᠪᠠᠵᠤ᠂ ᠬᠡᠷᠡᠭᠯᠡᠭᠡᠨ ᠤ ᠵᠠᠬ᠎ᠠ | ᠳᠡᠯᠭᠡᠭᠦᠷ ᠤᠨ ᠪᠥᠬᠦ ᠲᠠᠯ᠎ᠠ ᠶᠢᠨ ᠰᠡᠷᠭᠦᠯᠲᠡ ᠶᠢ ᠠᠬᠢᠭᠤᠯᠪᠠ᠃ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠬᠡᠪᠴᠢᠶ᠎ᠡ | ᠲᠣᠭᠲᠠᠭᠤᠨ ᠢᠶᠠᠷ ᠥᠷᠭᠡᠳᠴᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠢᠵᠠᠭᠠᠷ ᠳᠡᠭᠡᠷᠡᠬᠢ ᠠᠵᠤ ᠠᠬᠤᠶᠢᠯᠠᠯ 27 | ᠪᠣᠯᠵᠣ᠂ ᠡᠯᠧᠺᠲᠷᠤᠨ ᠬᠤᠳᠠᠯᠳᠤᠭᠠᠨ ᠤ ᠵᠢᠱᠢᠶ᠎ᠡ ᠦᠵᠡᠭᠦᠯᠬᠦ 5 ᠪᠠᠯᠭᠠᠰᠦ᠂ 9 ᠲᠣᠰᠬᠤᠨ ᠢ ᠠᠮᠵᠢᠯᠲᠠ ᠲᠠᠢ ᠪᠠᠶᠢᠭᠤᠯᠵᠤ | ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠲᠤᠭ᠎ᠠ 8.6 ᠳ᠋ᠦᠩᠰᠢᠭᠤᠷ ᠲᠥᠭᠦᠷᠢᠭ ᠲᠤ ᠬᠦᠷᠴᠦ᠂ | ᠰᠦᠯᠵᠢᠶᠡᠨ ᠪᠣᠷᠣᠯᠠᠭᠤᠯᠭ᠎ᠠ ᠶᠢᠨ ᠲᠤᠭ᠎ᠠ 8081 ᠲᠦᠮᠡᠨ ᠲᠥᠭᠦᠷᠢᠭ ᠲᠤ ᠬᠦᠷᠴᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠭᠠᠷᠭᠠᠯᠲᠠ ᠶᠢᠨ ᠲᠤᠭ᠎ᠠ 3 ᠳ᠋ᠦᠩᠰᠢᠭᠤᠷ ᠲᠥᠭᠦᠷᠢᠭ ᠢ ᠳᠠᠪᠠᠵᠤ᠂ ᠠᠷᠠᠯᠵᠢᠶ᠎ᠠ ᠬᠤᠳᠠᠯᠳᠤᠭᠠᠨ ᠤ ᠠᠵᠤ | ᠠᠬᠤᠶ ᠶᠢᠨ ᠰᠢᠶᠠᠨ ᠤ ᠬᠡᠪᠴᠢᠶᠡᠨ ᠤ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠲᠣᠭᠲᠠᠭᠤᠨ ᠢᠶᠠᠷ | ᠳᠡᠭᠡᠭᠰᠢᠯᠡᠪᠡ᠃ | ᠦᠬᠡᠷᠡᠴᠢᠯᠡᠯᠳᠠ ᠪᠠᠷ ᠠᠬᠢᠭᠤᠯᠤᠯᠳᠠ ᠪᠤᠯᠭᠠᠭᠰᠠᠨ ᠡᠨᠡ ᠨᠢᠬᠡ ᠵᠢᠯ ᠳᠤ ᠪᠢᠳᠠ ᠨᠠᠷᠢᠯᠢᠭ ᠤᠨᠤᠪᠴᠢᠳᠠᠢ ᠪᠠᠷ ᠬᠦᠴᠦᠯᠠᠨ | ᠰᠢᠪᠳᠤᠯᠵᠦ᠂ ᠲᠤᠳᠤᠭᠠᠳᠦ ᠪᠠᠨ ᠰᠠᠶᠢᠵᠢᠷᠠᠭᠤᠯᠵᠦ ᠭᠠᠳᠠᠨ᠎ᠠ ᠠᠴᠠ ᠤᠷᠢᠨ ᠤᠷᠤᠭᠤᠯᠵᠦ᠂ ᠠᠮᠢᠵᠢᠷᠠᠯ ᠤᠨ ᠬᠦᠴᠦᠨ | ᠲᠠᠰᠤᠷᠠᠯᠳᠠ ᠦᠭᠡᠢ ᠨᠡᠮᠡᠭᠳᠡᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠬᠡ ᠳᠡᠰ ᠲᠡᠪᠰᠢᠪᠠ᠃ ᠬᠡᠯᠬᠢᠶᠡᠵᠢᠯ ᠤᠨ ᠬᠡᠯᠪᠡᠷᠢ ᠪᠠᠷ | ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ | ᠬᠤᠷᠠᠯ ᠢᠶᠠᠷ ᠠᠷᠠᠯᠵᠢᠶᠠᠴᠢᠨ ᠤᠷᠢᠬᠤ ᠵᠡᠷᠬᠡ ᠶᠢ ᠶᠡᠬᠡᠪᠡᠷ ᠠᠬᠢᠭᠤᠯᠵᠤ᠂ ᠪᠦᠬᠦ ᠵᠢᠯ ᠳᠤ ᠨᠠᠮ ᠵᠠᠰᠠᠭ ᠤᠨ ᠭᠤᠣᠯ | ᠤᠳᠤᠷᠢᠳᠤᠯᠭ᠎ᠠ ᠪᠦᠯᠬᠦᠮ ᠳᠠᠭᠠᠭᠤᠯᠤᠨ 24 ᠤᠳᠠᠭ᠎ᠠ ᠭᠠᠳᠠᠭᠰᠢ ᠭᠠᠷᠴᠤ ᠠᠷᠠᠯᠵᠢᠶᠠᠴᠢᠨ ᠤᠷᠢᠵᠤ᠂ ᠡᠯ᠎ᠡ ᠱᠠᠲᠤᠨ ᠤ | ᠤᠳᠤᠷᠢᠳᠬᠤ ᠺᠠᠳ᠋ᠷ 215 ᠤᠳᠠᠭ᠎ᠠ ᠠᠵᠤ ᠠᠬᠤᠶᠢᠯᠠᠯ ᠲᠠᠢ ᠵᠤᠯᠭᠠᠯᠳᠤᠪᠠ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ | ᠵᠦᠢᠯ ᠤᠨ ᠲᠤᠭ᠎ᠠ 105 ᠪᠠᠶᠢᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 191% ᠪᠠᠶᠢᠵᠤ᠂ ᠵᠥᠪᠯᠡᠯᠴᠡᠭᠡᠷ ᠤᠨ | ᠪᠠᠯᠠ ᠣᠷᠣᠭᠤᠯᠤᠯᠲᠠ ᠶᠢᠨ ᠲᠤᠭ᠎ᠠ 354.5 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠲᠣᠭᠲᠠᠭᠠᠬᠤ | ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 80% ᠪᠠᠶᠢᠵᠤ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠲᠥᠷᠥᠯ | ᠵᠦᠢᠯ ᠢ ᠲᠤᠬᠠᠢ ᠶᠢᠨ ᠵᠢᠯ ᠪᠣᠳᠠᠲᠠᠶᠢᠵᠢᠭᠤᠯᠤᠭᠰᠠᠨ ᠪᠠᠯᠠ ᠮᠥᠩᠭᠦ 85.6 ᠳ᠋ᠦᠩᠰᠢᠭᠤᠷ ᠲᠥᠭᠦᠷᠢᠭ ᠲᠤ ᠬᠦᠷᠴᠦ᠂ | ᠲᠤᠬᠠᠶ ᠶᠢᠨ ᠵᠢᠯ ᠤᠨ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠨᠣᠷᠮ᠎ᠠ 98.5% ᠬᠦᠷᠪᠠ᠃ ᠰᠢᠨ᠎ᠡ ᠪᠠᠷ ᠭᠡᠷ᠎ᠡ | ᠲᠣᠭᠲᠠᠭᠰᠠᠨ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠦᠭᠰᠡᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠪᠠᠯᠠ | ᠮᠥᠩᠭᠦ ᠶᠢᠨ ᠪᠣᠳᠠᠲᠠᠶᠢᠵᠢᠭᠤᠯᠤᠭᠰᠠᠨ ᠲᠤᠭ᠎ᠠ ᠨᠢ ᠴᠥᠮ ᠪᠥᠬᠦ ᠬᠤᠲᠠ ᠶᠢᠨ ᠲᠡᠷᠢᠬᠦᠨ ᠲᠤ ᠣᠷᠣᠵᠤ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠤᠭᠰᠠᠨ ᠶᠡᠷᠦᠩᠬᠡᠶ ᠬᠡᠮᠵᠢᠶ᠎ᠡ ᠪᠠ ᠶᠠᠰᠤ ᠴᠢᠨᠠᠷ ᠬᠤᠤᠰ ᠳᠡᠭᠡᠭᠰᠢᠯᠡᠯᠲᠡ ᠲᠠᠢ ᠪᠣᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠬᠤᠶᠠᠷ ᠰᠢᠯᠢᠳᠡᠭ︾ ᠲᠤᠰᠬᠠᠶ | ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠭᠦᠯᠵᠢᠯᠡᠨ ᠠᠬᠢᠭᠤᠯᠵᠤ᠂ ᠨᠡᠶᠢᠲᠡ 725 ᠵᠦᠢᠯᠡᠰ ᠢ ᠰᠢᠯᠢᠳᠡᠭᠵᠢᠭᠦᠯᠦᠨ | ᠴᠣᠮᠬᠠᠳᠬᠠᠵᠤ᠂ ᠠᠵᠢᠯ ᠶᠠᠪᠤᠳᠠᠯ ᠬᠦᠢᠴᠡᠳᠬᠡᠬᠦ ᠭᠤᠭᠴᠤᠭ᠎ᠠ ᠶᠢᠨ ᠲᠤᠭ᠎ᠠ ᠶᠢ 343 ᠳᠥᠭᠦᠮᠴᠢᠯᠡᠵᠦ᠂ ᠮᠠᠲ᠋ᠧᠷᠢᠶᠠᠯ ᠤᠨ | ᠴᠢᠬᠤᠯᠠ ᠨᠥᠬᠦᠴᠡᠯ ᠢ 249 ᠬᠤᠪᠢ ᠴᠣᠮᠬᠠᠳᠬᠠᠵᠤ᠂ ᠬᠦᠢᠴᠡᠳᠬᠡᠬᠦ ᠴᠠᠭ ᠤᠨ ᠬᠢᠵᠠᠭᠠᠷ ᠢ 8683 ᠠᠵᠢᠯᠯᠠᠬᠤ ᠡᠳᠦᠷ | ᠪᠠᠭᠠᠰᠬᠠᠵᠤ᠂ ᠵᠠᠰᠠᠭ ᠢ ᠴᠣᠮᠬᠠᠳᠬᠠᠨ ᠡᠷᠬᠡ ᠶᠢ ᠨᠠᠩ ᠭᠦᠨᠵᠡᠭᠡᠶᠢᠷᠡᠭᠦᠯᠪᠡ᠃ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠢ 13 ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ 136 | ᠪᠠᠶᠢᠭᠤᠯᠵᠤ᠂ ᠣᠷᠣᠯᠠᠨ ᠭᠦᠢᠴᠡᠳᠬᠡᠬᠦ ᠵᠦᠢᠯᠡᠰ ᠢ ᠨᠡᠶᠢᠲᠡ 2.9 ᠲᠦᠮᠡ ᠭᠠᠷᠤᠢ ᠬᠤᠪᠢ ᠭᠦᠢᠴᠡᠳᠬᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠠᠬᠢᠭᠤᠯᠵᠤ | ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠦᠷᠬᠡᠳᠬᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠲᠡᠬᠡᠭᠰᠢᠯᠡᠪᠡ᠃ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠴᠢᠳᠠᠪᠤᠷᠢᠲᠠᠨ ᠤ | ᠳᠠᠪᠠᠭᠤᠯᠢᠭ ᠲᠤ ᠲᠦᠰᠢᠭᠯᠡᠨ᠂ ᠦᠷ᠎ᠡ ᠶᠢ ᠰᠤᠳᠤᠯᠤᠨ ᠨᠡᠭᠡᠭᠡᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠭᠦᠨᠵᠡᠭᠡᠶ ᠬᠦᠴᠦᠯᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠠᠪᠤᠳᠠᠯ ᠢ ᠰᠢᠨ᠎ᠡ ᠦᠨᠳᠦᠷᠴᠡ ᠳᠤ ᠬᠦᠷᠭᠡᠪᠡ᠃ ᠥᠪᠡᠷᠲᠡᠭᠡᠨ ᠵᠠᠰᠠᠬᠤ | ᠣᠷᠣᠨ ᠤ ᠲᠠᠰ ᠤᠨ ︽ᠲᠠᠷᠢᠶᠠᠨ ᠴᠢᠬᠢ ᠦᠵᠡᠵᠦ᠂ ᠦᠷ᠎ᠡ ᠰᠣᠩᠭᠤᠬᠤ︾ ᠲᠠᠪᠴᠠᠩ ᠤᠨ ᠲᠤᠬᠠᠶ ᠶᠢᠨ ᠲᠠᠯᠠᠪᠠᠶ ᠶᠢᠨ | ᠦᠵᠡᠭᠦᠯᠦᠯᠭᠡ ᠶᠢᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠪᠥᠭᠡᠳ ᠲᠥᠮᠥᠰᠥ ᠶᠢᠨ 36 ᠡᠭᠦᠯᠳᠡᠷ ᠢ ᠵᠢᠱᠢᠶ᠎ᠡ | ᠦᠵᠡᠭᠦᠯᠦᠨ ᠳᠠᠷᠢᠬᠤ ᠶᠢ ᠪᠡᠶᠡᠯᠡᠭᠦᠯᠵᠦ᠂ ᠵᠥᠩ ᠵᠢᠶᠠ ᠺᠣᠮᠫᠠᠨᠢ ᠪᠥᠬᠦ ᠣᠷᠣᠨ ᠤ ᠠᠩᠬᠠᠳᠠᠭᠴᠢ ᠪᠥᠬᠦ ᠤᠯᠤᠰ ᠤᠨ | ᠭᠤᠷᠪᠠᠳᠠᠬᠢ ︽ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ︾ ᠨᠢᠭᠡ ᠴᠣᠭᠴᠠᠵᠢᠭᠤᠯᠤᠭᠰᠠᠨ ᠬᠢᠷᠢ ᠬᠡᠮ ᠲᠠᠢ | ᠲᠥᠮᠥᠰᠥ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ ᠪᠣᠯᠪᠠ᠃ ᠰᠠᠢ ᠨᠥᠸᠧ ᠺᠣᠮᠫᠠᠨᠢ ᠶᠢᠨ ᠠᠮᠢᠳᠤ ᠪᠣᠳᠠᠰ ᠤᠨ | ᠡᠭᠦᠯᠳᠡᠷ ᠪᠤᠶᠢᠵᠢᠭᠤᠯᠬᠤ ᠲᠥᠪ ᠨᠢ ︽ᠤᠯᠤᠰ ᠤᠨ ᠬᠤᠨᠢᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠪᠠ | ᠦᠷᠡᠵᠢᠭᠦᠯᠬᠦ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠢᠶᠠᠷ ᠦᠨᠡᠯᠡᠭᠳᠡᠵᠦ᠂ ᠵᠢᠩ ᠰᠢᠨ ᠺᠣᠮᠫᠠᠨᠢ ᠨᠢ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠣᠷᠣᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ | ᠬᠦᠴᠦᠨ ᠦᠷᠭᠦᠯᠵᠢᠯᠡᠨ ᠴᠢᠩᠭᠠᠷᠠᠪᠠ᠃ | ᠦᠩᠭᠡ ᠪᠤᠳᠤᠭ ᠢ ᠬᠦᠨᠵᠡᠬᠡᠶᠢᠷᠡᠬᠦᠯᠦᠭᠰᠡᠨ ᠡᠨᠡ ᠨᠢᠬᠡ ᠵᠢᠯ ᠳᠤ ᠪᠢᠳᠠ ᠰᠡᠳᠬᠢᠯ ᠵᠤᠷᠢᠭ ᠢᠶᠠᠨ ᠬᠠᠮᠳᠤᠳᠬᠠᠨ | ᠰᠢᠭᠤᠷᠬᠠᠶᠢᠯᠠᠵᠦ᠂ ᠬᠠᠮᠳᠦ ᠪᠠᠷ ᠠᠵᠢᠯᠯᠠᠨ ᠬᠠᠮᠳᠦ ᠪᠠᠷ ᠵᠠᠰᠠᠵᠦ᠂ ᠠᠮᠢ ᠠᠬᠤᠢ ᠶᠢᠨ ᠬᠠᠯᠬᠠᠪᠴᠢ ᠨᠡᠩ ᠪᠠᠬᠢᠵᠢᠪᠠ | ᠣᠷᠴᠢᠨ ᠲᠣᠭᠤᠷᠢᠨ ᠤ ᠬᠠᠮᠠᠭᠠᠯᠠᠯᠲᠠ ᠲᠣᠭᠲᠠᠭᠤᠨ ᠪᠠᠷ ᠰᠠᠶᠢᠵᠢᠷᠠᠪᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠮ ᠪᠠ ᠪᠠᠷᠢᠯᠭ᠎ᠠ ᠶᠢᠨ ᠭᠠᠵᠠᠷ ᠤᠨ ᠲᠣᠭᠤᠰᠣ | ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠡᠰᠢ ᠰᠦᠷᠡᠯ ᠢ ︽ᠲᠠᠪᠤᠵᠢᠭᠤᠯᠵᠤ︾ | ᠠᠰᠢᠭᠯᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ 65 ᠠᠭᠤᠷᠰᠢᠯᠲᠠ ᠶᠢᠨ ᠲᠣᠨ ᠠᠴᠠ ᠳᠡᠭᠡᠭᠰᠢᠬᠢ ᠨᠡᠭᠦᠷᠡᠰᠦ | ᠰᠢᠲᠠᠭᠠᠬᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠢᠭᠤᠨ | ᠴᠡᠪᠡᠷ ᠳᠤᠯᠠᠭᠠᠯᠠᠭ᠎ᠠ ᠶᠢ ᠢᠳᠡᠪᠬᠢᠲᠡᠶ ᠠᠬᠢᠭᠤᠯᠤᠨ᠂ ᠨᠡᠶᠢᠲᠡ 11631 ᠡᠷᠦᠬᠡ ᠶᠢᠨ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠠᠵᠢᠯ ᠢ ᠪᠡᠶᠡᠯᠡᠭᠦᠯᠵᠦ᠂ ᠪᠥᠬᠦ ᠬᠤᠰᠢᠭᠤᠨ ᠤ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ | 92.7% ᠳᠤ ᠬᠥᠷᠪᠡ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ | ᠦᠷᠭᠦᠯᠵᠢᠯᠡᠨ ᠠᠬᠢᠭᠤᠯᠵᠤ᠂ 10 ᠲᠦᠮᠡᠨ ᠮᠥ ᠰᠦᠯᠢᠶᠣᠣ ᠪᠦᠷᠬᠦᠭᠦᠯ ᠢ ᠵᠤᠵᠠᠭᠠᠯᠠᠬᠤ ᠶᠢ ᠲᠦᠬᠡᠮᠡᠯᠵᠢᠭᠦᠯᠦᠨ᠂ 3 | ᠲᠦᠮᠡᠨ ᠮᠥ ᠰᠦᠯᠢᠶᠣᠣ ᠪᠦᠷᠬᠦᠭᠦᠯ ᠢ ᠵᠠᠳᠠᠷᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠡᠭᠡᠭᠦᠯᠦᠨ | ᠬᠤᠷᠢᠶᠠᠬᠤ ᠨᠣᠷᠮ᠎ᠠ ᠶᠢ 85.5% ᠳᠤ ᠬᠦᠷᠬᠡᠵᠦ᠂ ᠲᠠᠷᠢᠶᠠᠨ ᠡᠮ ᠬᠢᠮᠢ ᠶᠢᠨ ᠪᠣᠷᠲᠣᠭᠤᠷ ᠤᠨ ᠬᠡᠷᠡᠭᠯᠡᠯᠲᠡ ᠶᠢ ᠥᠴᠦᠬᠡᠨ | ᠴᠦ ᠨᠡᠮᠡᠭᠳᠡᠭᠦᠯᠬᠦ ᠥᠬᠡᠶ ᠪᠠᠶᠢᠯᠭᠠᠵᠤ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 90% ᠠᠴᠠ ᠳᠡᠭᠡᠭᠰᠢ ᠪᠠᠲᠤᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠦᠷ᠎ᠡ ᠪᠦᠲᠤᠮᠵᠢ ᠶᠢ | ᠪᠠᠲᠤᠯᠠᠪᠠ᠃ | ᠠᠮᠢ ᠠᠬᠤᠢ ᠶᠢᠨ ᠰᠡᠷᠭᠦᠭᠡᠯᠲᠡ ᠰᠢᠨᠵᠢᠯᠡᠬᠦ ᠤᠬᠠᠭᠠᠨᠴᠢ ᠦᠷ᠎ᠡ ᠪᠦᠲᠦᠮᠵᠢ ᠶᠢ ᠤᠯᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ | ᠲᠦᠷᠪᠡᠨ ᠡᠮᠬᠢ ᠲᠢᠭᠯᠢᠮ ᠦᠭᠡᠢ︾ ᠠᠰᠠᠭᠤᠳᠠᠯ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ | ᠤᠯᠠᠭᠠᠨᠬᠤᠸᠠ ᠪᠠᠯᠭᠠᠰᠤᠨ ᠤ ᠦᠵᠡᠮᠵᠢ ᠶᠢᠨ ᠭᠤᠣᠯ ᠤᠨ 3.2 ᠺᠢᠯᠦᠮᠧᠲᠷ ᠤᠨ ᠭᠤᠣᠯ ᠤᠨ ᠵᠠᠮ ᠢ ᠴᠡᠭᠴᠡᠯᠡᠨ ᠵᠠᠰᠠᠬᠤ ᠪᠠ | 20 ᠲᠡᠭᠰᠢ ᠳᠥᠷᠪᠡᠯᠵᠢᠨ ᠺᠢᠯᠦᠮᠧᠲᠷ ᠤᠨ ᠳᠤᠮᠳᠠ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ | ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠠᠯᠬᠤᠮ | ᠠᠯᠬᠤᠮ ᠢᠶᠠᠷ ᠰᠠᠶᠢᠵᠢᠷᠠᠭᠤᠯᠪᠠ᠃ ᠬᠠᠷᠭᠠᠨ᠎ᠠ ᠶᠢ 4.15 ᠲᠦᠮᠡᠨ ᠮᠥ ᠳᠠᠷᠢᠵᠤ᠂ 9.4 ᠲᠦᠮᠡᠨ ᠮᠥ ᠲᠠᠷᠢᠶᠠᠨ ᠭᠠᠵᠠᠷ ᠢ | ᠲᠡᠭᠰᠢᠯᠡᠵᠦ᠂ ᠬᠠᠯᠴᠠᠭᠠᠶᠢᠷᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ 11 ᠲᠦᠮᠡᠨ ᠮᠥ ᠰᠡᠷᠭᠦᠭᠡᠵᠦ᠂ ᠲᠡᠤᠬᠡᠨ ᠠᠴᠠ | ᠦᠯᠡᠳᠡᠭᠳᠡᠵᠦ ᠢᠷᠡᠭᠰᠡᠨ 151 ᠮᠥ ᠠᠭᠤᠷᠬᠠᠶ ᠶᠢ ᠵᠠᠰᠠᠵᠤ᠂ ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ | ᠲᠠᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ | ᠰᠢᠨ᠎ᠡ ᠶᠢ ᠡᠭᠦᠳᠬᠦ ᠰᠠᠭᠤᠷᠢᠨ ᠭᠠᠵᠠᠷ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ | ᠨᠠᠷᠢᠯᠢᠭ ᠱᠤᠭᠤᠵᠤ ᠤᠷᠠᠯᠢᠭ ᠰᠡᠶᠢᠯᠦᠭᠰᠡᠨ ᠡᠨᠡ ᠨᠢᠭᠡ ᠵᠢᠯ ᠳᠤ ᠪᠢᠳᠡ ᠲᠤᠳᠤᠷ᠎ᠠ ᠭᠠᠳᠠᠨᠠᠬᠢ ᠶᠢ ᠵᠡᠷᠭᠡ ᠪᠠᠷ ᠵᠠᠰᠠᠨ᠂ | ᠬᠦᠴᠦ ᠪᠠᠨ ᠲᠦᠪᠯᠡᠷᠡᠭᠦᠯᠦᠨ ᠪᠤᠭᠤᠮᠳᠠ ᠰᠢᠪᠳᠤᠯᠵᠤ᠂ ᠬᠤᠳᠠ ᠬᠦᠳᠡᠭᠡ ᠶᠢᠨ ᠠᠭᠤᠰᠤᠯᠴᠠᠯ ᠨᠢ ᠯᠠᠪᠳᠠᠭᠤᠨ ᠪᠠᠳᠤᠳᠠᠢ | ᠡᠮᠬᠢ ᠵᠢᠷᠤᠮ ᠲᠠᠢ ᠪᠤᠯᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠪᠣᠯᠭᠠᠪᠠ᠃ ︽ᠬᠤᠷᠢᠭ᠎ᠠ | ᠱᠤᠭᠤᠮ ᠢ ᠰᠠᠬᠢᠵᠤ᠂ ᠬᠤᠶᠠᠷ ᠠᠴᠠ ᠥᠨᠳᠥᠷ ᠪᠠᠶᠢᠬᠤ︾ ᠬᠠᠷᠠᠯᠲᠠ ᠶᠢᠨ ᠲᠣᠭᠤᠷᠢᠨ ᠳᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ 3734 | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ | ᠬᠡᠮᠵᠢᠬᠦ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 19596 ᠲᠥᠭᠦᠷᠢᠭ ᠲᠤ ᠬᠦᠷᠴᠦ᠂ | ᠨᠢᠳᠤᠨᠤᠨ ᠤ ᠬᠢ ᠠᠴᠠ 1975 ᠲᠥᠭᠦᠷᠢᠭ ᠴᠡᠪᠡᠷ ᠨᠡᠮᠡᠭᠳᠡᠵᠦ᠂ 10.3% ᠪᠠᠷ ᠨᠡᠮᠡᠭᠳᠡᠨ᠂ ᠦᠷᠭᠡᠨ ᠬᠡᠪᠴᠢᠶ᠎ᠡ ᠪᠠᠷ | ᠳᠠᠬᠢᠨ ᠶᠠᠳᠠᠭᠤᠷᠠᠬᠤ ᠱᠤᠭᠤᠮ ᠬᠢᠵᠠᠭᠠᠷ ᠢ ᠪᠠᠲᠤ ᠰᠠᠬᠢᠪᠠ᠃ ᠵᠠᠯᠭᠠᠭᠤᠯᠬᠤ ᠪᠡᠯᠡ ᠮᠥᠩᠭᠦ ᠪᠠ ᠬᠠᠪᠰᠤᠷᠤᠨ ᠲᠡᠳᠬᠦᠬᠦ ᠪᠡᠯᠡ | ᠮᠥᠩᠭᠦ ᠶᠢ 3.3 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠤᠨ ᠲᠥᠷᠥᠯ ᠵᠦᠢᠯ ᠢ 29 ᠬᠡᠷᠡᠭᠵᠢᠭᠦᠯᠵᠦ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 33 | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠪᠠ᠃ ᠬᠥᠳᠡᠭᠡ ᠲᠣᠰᠬᠤᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷ 632 ᠵᠣᠷᠯᠣᠩ ᠰᠢᠨ᠎ᠡ ᠪᠠᠷ ᠪᠠᠶᠢᠭᠤᠯᠵᠤ᠂ ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠲᠠᠯᠠᠪᠠᠶ 205.2 ᠮᠥ ᠶᠢ ᠪᠡᠶᠡᠯᠡᠭᠦᠯᠵᠦ᠂ ᠬᠤᠩᠭᠤᠷ ᠰᠤᠮᠤ᠂ ᠵᠠᠩᠭᠠᠨ ᠰᠤᠮᠤ᠂ ᠸᠢᠢᠵᠢᠩ | ᠰᠤᠮᠤ᠂ ᠵᠢᠢ ᠱᠧᠩ ᠲᠠᠢ ᠪᠠᠯᠭᠠᠰᠤ᠂ ᠭᠦᠩ ᠵᠢᠢ ᠲᠠᠩ ᠪᠠᠯᠭᠠᠰᠤᠨ ᠤ ᠪᠣᠬᠢᠷ ᠤᠰᠤᠨ ᠤ ᠬᠤᠭᠤᠯᠠᠢ ᠲᠣᠣᠷ ᠵᠢᠴᠢ ᠢᠵᠢ | ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ | ᠬᠤᠲᠠ ᠶᠢᠨ ᠰᠢᠨᠡᠴᠢᠯᠡᠯᠲᠡ ᠶᠢ ᠨᠠᠷᠢᠯᠢᠭ ᠬᠢᠪᠡ᠃ 2.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ | ᠤᠯᠠᠨ ᠲᠦᠮᠡᠨ ᠤ ᠠᠩᠬᠠᠷᠴᠤ ᠪᠠᠶᠢᠭ᠎ᠠ ᠵᠠᠮ ᠤᠨ ᠶᠠᠪᠤᠳᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠠᠮ ᠤᠨ | ᠬᠤᠲᠣᠭᠤᠷ ᠭᠠᠵᠠᠷ᠂ ᠨᠡᠪᠲᠡᠷᠡᠬᠦ ᠳᠤ ᠳᠥᠭᠦᠮ ᠦᠭᠡᠢ ᠵᠧᠩ ᠪᠧᠢ ᠵᠠᠮ᠂ ᠭᠤᠸᠠᠩ ᠮᠢᠩ ᠵᠠᠮ ᠵᠡᠷᠭᠡ 26 ᠺᠢᠯᠦᠮᠧᠲᠷ 15 | ᠵᠤᠷᠪᠤᠰ ᠪᠠᠯᠭᠠᠰᠤᠨ ᠤ ᠳᠣᠲᠣᠷᠠᠬᠢ ᠭᠤᠣᠯ ᠵᠠᠮ ᠵᠢᠴᠢ ᠬᠤᠭᠤᠯᠠᠢ ᠲᠣᠣᠷ ᠢ ᠲᠡᠰ ᠳᠡᠪᠰᠢᠭᠦᠯᠦᠨ ᠥᠭᠡᠷᠡᠴᠢᠯᠡᠵᠦ᠂ | ᠠᠵᠢᠯ ᠤᠨ ᠦᠷ᠎ᠡ ᠪᠦᠲᠦᠮᠵᠢ ᠪᠣᠯᠤᠨ ᠠᠮᠤᠷ ᠲᠦᠪᠰᠢᠨ ᠤ ᠵᠢᠭᠠᠯᠲᠠ ᠲᠤᠭ᠎ᠠ ᠶᠢ ᠶᠡᠬᠡᠪᠡᠷ ᠳᠡᠭᠡᠭᠰᠢᠯᠡᠭᠦᠯᠵᠦ᠂ 6 ᠰᠠᠤᠷᠢ | ᠤᠰᠤ ᠪᠠᠷ ᠵᠠᠶᠢᠯᠠᠬᠤ ᠵᠣᠷᠯᠣᠩ ᠢ ᠰᠢᠨ᠎ᠡ ᠪᠠᠷ ᠪᠠᠶᠢᠭᠤᠯᠵᠤ᠂ ᠭᠡᠷ ᠪᠠᠶᠢᠰᠢᠩ ᠤᠨ ᠲᠣᠭᠤᠷᠢᠭ ᠤᠨ ᠰᠠᠭᠤᠭᠠᠯᠢ ᠠᠷᠠᠳ ᠤᠨ | ᠤᠯᠠᠨ ᠵᠢᠯ ᠤᠨ ᠵᠣᠷᠯᠣᠩ ᠳᠤ ᠤᠷᠤᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ ᠠᠷᠠᠳ ᠤᠨ ᠠᠮᠢᠳᠤᠷᠠᠯ ᠤᠨ ᠬᠡᠷᠡᠭᠴᠡᠭᠡ ᠪᠠᠷ ᠤᠷᠢᠳᠠᠯ | ᠪᠣᠯᠭᠠᠵᠤ᠂ 3.2 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ | ᠥᠨᠳᠥᠷ ᠪᠠᠷᠢᠮᠵᠢᠶ᠎ᠠ ᠪᠠᠷ ᠠᠬᠢᠭᠤᠯᠵᠤ᠂ 300 ᠰᠢᠬᠠᠮ ᠡᠷᠦᠬᠡ ᠤᠯᠠᠨ ᠲᠦᠮᠡᠨ ᠳᠤ ᠠᠰᠢᠭ ᠬᠦᠷᠲᠡᠭᠡᠪᠡ᠃ 1.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠯᠠᠭᠠᠨᠬᠤᠸᠠ ᠪᠠᠯᠭᠠᠰᠤᠨ ᠤ ᠤᠰᠤ ᠬᠠᠩᠭᠠᠬᠤ ᠰᠢᠰᠲ᠋ᠧᠮ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ᠂ ᠴᠡᠪᠡᠷᠵᠢᠭᠰᠡᠨ | ᠤᠰᠤ ᠶᠢ ᠡᠭᠡᠭᠦᠯᠦᠨ ᠬᠡᠷᠡᠭᠯᠡᠬᠦ᠂ ᠪᠣᠬᠢᠷ ᠤᠰᠤ ᠶᠢ ᠰᠢᠢᠳᠪᠦᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ | ᠲᠥᠷᠥᠯ ᠵᠦᠢᠯ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 54 ᠺᠢᠯᠦᠮᠧᠲᠷ ᠤᠨ ᠢᠯᠴᠢ ᠬᠠᠩᠭᠠᠬᠤ | ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠢᠯᠴᠢ ᠰᠣᠯᠢᠯᠴᠠᠬᠤ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠢ ᠨᠠᠩ | ᠪᠠᠲᠤᠯᠠᠭ᠎ᠠ ᠲᠠᠢ ᠪᠣᠯᠭᠠᠪᠠ᠃ ᠪᠡᠶ᠎ᠡ ᠲᠠᠮᠢᠷ ᠤᠨ ᠴᠡᠴᠡᠷᠯᠢᠭ ᠢ ᠪᠠᠶᠢᠭᠤᠯᠬᠤ ᠠᠵᠢᠯ ᠢ ᠡᠬᠢᠯᠡᠭᠦᠯᠦᠨ᠂ 2 ᠪᠢᠴᠢᠯ ᠴᠡᠴᠡᠷᠯᠢᠭ ᠢ | ᠥᠭᠡᠷᠡᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠬᠦᠯᠦᠯᠳᠠ ᠶᠢᠨ ᠬᠤᠲᠠ ᠰᠢᠶᠠᠨ ᠢ | ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ | ᠰᠠᠭᠤᠷᠢ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠤᠯᠤᠰ ᠤᠨ ᠵᠠᠮ ᠤᠨ | 335 ᠳ᠋ᠤᠭᠠᠷ ᠱᠤᠭᠤᠮ ᠤᠨ ᠬᠥᠬᠡᠪᠦᠷ ᠠᠴᠠ ᠤᠯᠠᠭᠠᠨᠬᠤᠸᠠ ︵ᠳᠥᠷᠪᠡᠳ ᠬᠤᠰᠢᠭᠤᠨ ᠤ ᠬᠡᠰᠡᠭ︶ ᠬᠦᠷᠬᠦ ᠨᠢᠭᠡᠳᠦᠭᠡᠷ | ᠳᠡᠰ ᠤᠨ ᠬᠤᠣᠰ ᠵᠠᠰᠠᠮᠠᠯ ᠵᠠᠮ ᠤᠨ ᠢᠨᠵᠧᠨᠧᠷᠢᠩ ᠤᠨ ᠭᠤᠣᠯ ᠱᠤᠭᠤᠮ ᠳᠤ ᠲᠡᠷᠭᠡ ᠨᠡᠪᠲᠡᠷᠡᠵᠤ᠂ ᠮᠤᠵᠢ ᠶᠢᠨ ᠵᠠᠮ ᠤᠨ | 313 ᠳ᠋ᠤᠭᠠᠷ ᠱᠤᠭᠤᠮ ᠤᠨ 144.6 ᠺᠢᠯᠦᠮᠧᠲᠷ᠂ 209 ᠳ᠋ᠤᠬᠡᠷ ᠱᠤᠭᠤᠮ ᠤᠨ 119.3 ᠺᠢᠯᠦᠮᠧᠲᠷ ᠤᠨ ᠳᠥᠷᠪᠡᠳ | ᠬᠤᠰᠢᠭᠤᠨ ᠤ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ ᠵᠠᠮ ᠬᠠᠷᠢᠯᠴᠠᠭᠠᠨ ᠤ | ᠲᠣᠤᠷ ᠰᠦᠯᠵᠢᠶ᠎ᠡ ᠶᠢ ᠨᠠᠩ ᠰᠠᠭᠠᠳ ᠥᠬᠡᠶ ᠨᠡᠪᠲᠡᠷᠡᠭᠦᠯᠪᠡ᠃ ᠮᠠᠯᠵᠢᠬᠤ ᠣᠷᠣᠨ ᠳᠤ 205 ᠮᠠᠰᠢᠨ ᠴᠠᠬᠢᠯᠭᠠᠨ | ᠬᠤᠳᠳᠤᠭ ᠰᠢᠨ᠎ᠡ ᠪᠠᠷ ᠮᠠᠯᠲᠠᠵᠤ᠂ 38 ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠂ 473 ᠤᠤᠭᠤᠬᠤ | ᠤᠰᠤᠨ ᠤ ᠢᠨᠵᠧᠨᠧᠷᠢᠩ ᠤᠨ ᠡᠪᠳᠡᠷᠡᠯ ᠢ ᠵᠠᠰᠠᠨ ᠰᠠᠶᠢᠵᠢᠷᠠᠭᠤᠯᠵᠤ᠂ ᠤᠤᠭᠤᠬᠤ ᠤᠰᠤᠨ ᠤ ᠠᠮᠤᠷ ᠲᠦᠪᠰᠢᠨ ᠢ ᠨᠡᠩ | ᠪᠠᠲᠤᠯᠠᠭ᠎ᠠ ᠲᠠᠢ ᠪᠣᠯᠭᠠᠪᠠ᠃ 110 ᠺᠢᠯᠤᠸᠤᠯᠲ ᠤᠨ ᠤᠯᠠᠭᠠᠨᠬᠤᠸᠠ ᠶᠢᠨ ᠬᠦᠴᠦᠳᠡᠯ ᠥᠭᠡᠷᠡᠴᠢᠯᠡᠬᠦ ᠥᠷᠲᠡᠭᠡ ᠶᠢᠨ 10 | ᠺᠢᠯᠤᠸᠤᠯᠲ ᠤᠨ ᠴᠠᠬᠢᠯᠭᠠᠨ ᠬᠡᠯᠬᠢᠶ᠎ᠡ ᠶᠢ ᠭᠠᠳᠠᠭᠰᠢ ᠬᠦᠷᠭᠡᠬᠦ ᠢᠨᠵᠧᠨᠧᠷᠢᠩ ᠪᠣᠯᠤᠨ 35 ᠺᠢᠯᠤᠸᠤᠯᠲ ᠤᠨ ᠴᠠᠬᠢᠯᠭᠠᠨ | ᠬᠦᠷᠭᠡᠬᠦ ᠱᠤᠭᠤᠮ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ | ᠥᠭᠡᠷᠡᠴᠢᠯᠡᠬᠦ ᠢᠨᠵᠧᠨᠧᠷᠢᠩ ᠢ 64.65 ᠺᠢᠯᠣᠮᠧᠲᠷ᠂ ︽ᠨᠡᠭᠦᠷᠡᠰᠦ ᠶᠢ ᠴᠠᠬᠢᠯᠭᠠᠨ ᠪᠣᠯᠭᠠᠨ ᠦᠬᠡᠷᠡᠴᠢᠯᠡᠬᠦ︾ ᠢᠵᠢ | ᠪᠦᠷᠢᠳᠦᠭᠦᠯᠬᠦ ᠴᠠᠬᠢᠯᠭᠠᠨ ᠤ ᠲᠣᠤᠷ ᠢ 74.8 ᠺᠢᠯᠣᠮᠧᠲᠷ ᠪᠠ ᠰᠢᠨ᠎ᠡ ᠡᠨᠧᠷᠭᠢ ᠶᠢᠨ ᠴᠠᠬᠢᠯᠭᠠᠨ ᠲᠣᠤᠷ ᠢ 33 ᠡᠷᠦᠬᠡ | ᠥᠭᠡᠷᠡᠴᠢᠯᠡᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢ ᠨᠡᠩ ᠨᠠᠶᠢᠳᠠᠪᠤᠷᠢᠲᠠᠶ ᠪᠣᠯᠭᠠᠪᠠ᠃ ᠴᠢᠮᠡᠭᠡ ᠨᠡᠪᠲᠡᠷᠡᠭᠦᠯᠭᠡ ᠶᠢᠨ | ᠰᠠᠭᠤᠷᠢ ᠥᠷᠲᠡᠭᠡ ᠶᠢ ᠰᠢᠨ᠎ᠡ ᠪᠠᠷ 12 ᠪᠠᠶᠢᠭᠤᠯᠵᠤ᠂ ᠷᠠᠳᠢᠣ᠋ ᠲᠧᠯᠸᠢᠰ ᠵᠢᠴᠢ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ | 95% ᠠᠴᠠ ᠳᠡᠭᠡᠭᠰᠢ ᠳᠤ ᠬᠦᠷᠬᠡᠵᠦ᠂ ᠬᠢᠯᠢ ᠬᠢᠵᠠᠭᠠᠷ ᠣᠷᠣᠨ ᠤ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ 65% | ᠪᠠᠶᠢᠭᠰᠠᠨ ᠠᠴᠠ 70% ᠪᠣᠯᠲᠠᠯ᠎ᠠ ᠳᠡᠭᠡᠭᠰᠢᠯᠡᠭᠦᠯᠵᠦ᠂ ᠰᠦᠯᠵᠢᠶᠡᠨ ᠤ ᠣᠷᠣᠨ ᠵᠠᠶ ᠶᠢ ᠨᠠᠩ ᠦᠷᠭᠡᠨ ᠬᠡᠪᠴᠢᠶᠡᠲᠡᠢ | ᠪᠦᠷᠭᠦᠬᠦᠯᠪᠡ᠃ | ᠦᠨᠡᠨ ᠪᠤᠳᠠᠳᠠᠢ ᠠᠵᠢᠯᠯᠠᠨ ᠠᠷᠠᠳ ᠲᠤ ᠠᠰᠢᠭ ᠬᠦᠷᠳᠡᠭᠡᠭᠰᠡᠨ ᠡᠨᠡ ᠨᠢᠭᠡ ᠵᠢᠯ ᠳᠤ ᠪᠢᠳᠡ ᠳᠦᠷᠦ ᠶᠢᠨ | ᠪᠤᠳᠤᠯᠭ᠎ᠠ ᠶᠢ ᠨᠢᠭᠡᠳᠦᠯᠲᠠᠢ ᠬᠡᠷᠡᠭᠵᠢᠭᠦᠯᠵᠦ᠂ ᠲᠠᠷᠤᠯᠳᠠ ᠪᠠᠨ ᠨᠡᠮᠡᠭᠳᠡᠭᠦᠯᠦᠨ ᠬᠤᠷᠳᠤᠴᠠ ᠶᠢ ᠲᠦᠷᠭᠡᠳᠭᠡᠨ᠂ | ᠠᠷᠠᠳ ᠤᠨ ᠠᠮᠢᠳᠤᠷᠠᠯ ᠤᠨ ᠠᠵᠠ ᠪᠤᠶᠠᠨ ᠨᠡᠩ ᠲᠡᠬᠡᠭᠰᠢᠯᠡᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠶᠡᠭᠡ ᠬᠦᠷᠲᠡᠮᠵᠢ ᠶᠢ ᠤᠯᠪᠠ᠃ ᠴᠢᠨᠠᠷ ᠰᠠᠶᠢᠲᠠᠶ ᠭᠦᠢᠴᠡᠳ ᠠᠵᠢᠯ | ᠣᠯᠭᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠬᠤᠲᠠ ᠪᠠᠯᠭᠠᠰᠤᠨ ᠤ 4950 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.99% ᠳᠤ ᠬᠢᠵᠠᠭᠠᠷᠯᠠᠪᠠ᠃ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ 149 ᠰᠢᠨ᠎ᠡ ᠪᠠᠷ ᠪᠠᠶᠢᠭᠤᠯᠵᠤ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠢ ᠪᠦᠷᠢᠨ ᠪᠦᠷᠬᠦᠭᠦᠯᠬᠦ ᠶᠢ ᠪᠠᠶᠠᠯᠠᠬᠦᠯᠪᠠ᠃ ᠠᠳᠠᠯ ᠠᠬᠤᠶ ᠶᠢᠨ ᠦᠢᠯᠡᠴᠢᠯᠡᠭᠡ ᠶᠢ ᠭᠤᠷᠪᠠᠨ ᠵᠢᠯ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ︽ᠤᠯᠠᠭᠠᠨ ᠬᠠᠷ᠎ᠠ ᠰᠠᠮᠪᠠᠷ᠎ᠠ︾ | ᠶᠢᠨ ᠲᠦᠷᠢᠮ ᠢ ᠬᠡᠷᠡᠭᠵᠢᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ | ᠃ ᠤᠯᠠᠭᠠᠨᠬᠤᠸᠠ ᠪᠠᠯᠭᠠᠰᠤᠨ ᠤ 8 ᠬᠤᠷᠢᠶᠠᠯᠠᠯ ᠤᠨ 324 ᠡᠷᠦᠬᠡ ᠶᠢᠨ ᠰᠠᠭᠤᠭᠠᠯᠢ ᠠᠷᠠᠳ ᠤᠨ ᠢᠯᠴᠢ ᠬᠠᠩᠭᠠᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ 1.1 ᠲᠦᠮᠡᠨ ᠲᠣᠨ᠂ | ︽ᠲᠤᠯᠠᠭᠠᠯᠠᠭ᠎ᠠ ᠶᠢ ᠪᠠᠳᠤᠯᠠᠬᠤ ᠨᠡᠬᠦᠷᠡᠰᠦ︾ ᠶᠢ 30 ᠲᠦᠮᠡᠨ ᠲᠣᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠠᠨᠠᠭ᠎ᠠ | ᠠᠮᠤᠷ ᠡᠪᠦᠯᠵᠢᠬᠦ ᠶᠢ ᠪᠠᠲᠤᠯᠠᠪᠠ᠃ ᠨᠠᠰᠤᠲᠠᠶᠢᠴᠤᠳ ᠤᠨ ᠬᠦᠷᠢᠶᠡᠯᠡᠩ ᠢ ᠥᠭᠡᠷᠡᠴᠢᠯᠡᠨ ᠪᠠᠶᠢᠭᠤᠯᠬᠤ 5 ᠲᠥᠷᠥᠯ ᠵᠦᠢᠯ ᠢ | ᠬᠡᠷᠡᠭᠵᠢᠭᠦᠯᠵᠦ᠂ ᠲᠣᠰᠬᠤᠨ ᠤ ᠲᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 18 ᠥᠷᠲᠡᠭᠡ ᠪᠠ ᠬᠤᠲᠠ | ᠪᠠᠯᠭᠠᠰᠤᠨ ᠤ ᠪᠦᠬᠦᠳᠠ ᠶᠢ ᠨᠠᠶᠢᠳᠠᠬᠤ ᠨᠠᠰᠤᠵᠢᠯ ᠤᠨ ᠦᠢᠯᠡᠴᠢᠯᠡᠬᠡᠨ ᠤ 1 ᠦᠷᠳᠡᠭᠡ ᠪᠠᠶᠢᠭᠤᠯᠤᠨ᠂ ᠤᠯᠠᠭᠠᠨ ᠵᠠᠮ ᠤᠨ | ᠨᠡᠶᠢᠬᠡᠮ ᠲᠤᠭᠤᠷᠢᠭ ᠨᠢ ᠪᠦᠬᠦ ᠤᠯᠤᠰ ᠤᠨ ᠵᠢᠱᠢᠶ᠎ᠠ ᠦᠵᠡᠬᠦᠯᠬᠦ ᠮᠠᠶ᠋ᠢᠭ ᠤᠨ ᠨᠠᠰᠤᠲᠠᠶᠢᠴᠤᠳ ᠤᠨ ᠨᠥᠬᠦᠷᠰᠡᠭ | ᠬᠡᠯᠪᠡᠷᠢ ᠶᠢᠨ ᠨᠡᠶᠢᠭᠡᠮ ᠲᠣᠭᠤᠷᠢᠭ ᠢᠶᠠᠷ ᠰᠣᠩᠭᠤᠭᠳᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ | ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠵᠦ᠂ | ᠣᠷᠣᠰᠢᠭᠤᠯᠭ᠎ᠠ ᠶᠢᠨ ᠭᠠᠵᠠᠷ᠂ ᠲᠥᠪᠯᠡᠷᠡᠭᠦᠯᠦᠨ ᠣᠷᠣᠰᠢᠭᠤᠯᠭ᠎ᠠ ᠶᠢ ᠵᠠᠰᠠᠬᠤ ᠦᠢᠯᠡᠴᠢᠯᠡᠭᠡᠨ ᠤ ᠲᠥᠪ ᠪᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠪᠦᠬᠦᠨ ᠢᠶᠠᠷ ᠢᠶᠠᠨ ᠠᠰᠢᠭᠯᠠᠯᠲᠠ ᠳᠤ ᠣᠷᠣᠵᠤ᠂ ᠣᠷᠣᠰᠢᠭᠤᠯᠭ᠎ᠠ ᠶᠢᠨ | ᠦᠢᠯᠡᠴᠢᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠣᠯᠠᠨ ᠨᠡᠶᠢᠲᠡ ᠶᠢᠨ ᠦᠢᠯᠡᠴᠢᠯᠡᠭᠡ ᠨᠡᠩ ᠬᠠᠨᠤᠮᠵᠢᠲᠠᠢ ᠪᠣᠯᠪᠠ᠃ ᠪᠥᠬᠦ ᠬᠤᠰᠢᠭᠤᠨ ᠤ ᠡᠯ᠎ᠡ ᠲᠥᠷᠥᠯ ᠤᠨ ᠶᠡᠭᠡ | ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠨ ᠤᠷᠤᠭᠰᠠᠳ 334 ᠬᠥᠮᠦᠨ ᠪᠠᠶᠢᠵᠤ᠂ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠳᠤ ᠤᠷᠤᠭᠰᠠᠨ ᠨᠣᠷᠮ᠎ᠠ ᠨᠢ 60% ᠪᠠᠶᠢᠵᠤ᠂ ᠪᠥᠬᠦ ᠬᠤᠲᠠ ᠶᠢᠨ ᠬᠤᠰᠢᠭᠤ ᠰᠢᠶᠠᠨ ᠳᠤ ᠬᠤᠶᠠᠳᠤᠭᠠᠷ ᠲᠤ | ᠣᠷᠣᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶ ᠨᠡᠷᠡᠰ ᠤᠨ ᠵᠢᠭᠰᠠᠭᠠᠯᠲᠠ ᠳᠤ | ᠪᠥᠬᠦ ᠬᠤᠲᠠ ᠳᠤ ᠲᠡᠷᠢᠬᠦᠯᠠᠨ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ ᠰᠢᠰᠲ᠋ᠧᠮ ᠢ ᠤᠯᠠᠮ ᠴᠨᠠᠭᠰᠢᠳᠠ ᠲᠡᠬᠦᠯᠳᠡᠷᠵᠢᠬᠦᠯᠦᠨ᠂ | ᠥᠪᠡᠷᠲᠡᠭᠡᠨ ᠵᠠᠰᠠᠬᠤ ᠣᠷᠣᠨ ᠤ ᠬᠤᠶᠠᠷ ᠢ ᠲᠦᠭᠡᠮᠡᠯᠵᠢᠭᠦᠯᠬᠦ ᠪᠠᠷᠢᠮᠵᠢᠶ᠎ᠠ ᠳᠤ ᠠᠮᠵᠢᠯᠲᠠ ᠲᠠᠢ ᠬᠦᠷᠪᠡ᠃ 95 ᠪᠠᠭᠰᠢ ᠶᠢ | ᠡᠯᠰᠡᠨ ᠬᠡᠷᠡᠭᠯᠡᠵᠦ᠂ ᠪᠠᠭᠰᠢ ᠶᠢᠨ ᠡᠩᠨᠡᠭᠡ ᠶᠢ ᠨᠠᠩ ᠰᠢᠯᠢᠳᠡᠭᠵᠢᠭᠦᠯᠪᠡ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠬᠤᠭᠤᠯᠠᠨ ᠭᠡᠷ ᠪᠤᠯᠤᠨ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠡᠯᠬᠡᠬᠡᠨ ᠤ ᠲᠠᠰᠤᠭ ᠢ ᠰᠢᠨ᠎ᠡ ᠪᠠᠷ | ᠪᠠᠶᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠲᠠᠰᠤᠷᠠᠯᠲᠠ ᠦᠭᠡᠢ ᠳᠡᠭᠡᠭᠰᠢᠯᠡᠪᠡ᠃ ︽ᠬᠤᠲᠠ ᠶᠢᠨ ᠳᠠᠷᠤᠭ᠎ᠠ | ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠳᠠᠭᠠᠭᠠᠴᠢᠯᠠᠨ ᠡᠷᠭᠢᠯᠡᠵᠦ᠂ | ᠠᠩᠬᠠᠳᠤᠭᠠᠷ ᠬᠤᠭᠤᠴᠠᠭᠠᠨ ᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ | ᠬᠥᠩᠭᠡᠨ ᠪᠡᠶ᠎ᠡ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠪᠡᠶ᠎ᠡ ᠲᠠᠮᠢᠷ ᠤᠨ ᠦᠢᠯᠡᠰ ᠥᠷᠨᠢᠩᠭᠦᠶ ᠬᠥᠭᠵᠢᠪᠡ᠃ | ᠤᠯᠠᠭᠠᠨᠬᠤᠸᠠ ᠪᠠᠯᠭᠠᠰᠤᠨ ᠤ ᠬᠤᠶᠠᠳᠤᠭᠠᠷ ᠨᠡᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠠᠰᠢᠭᠯᠠᠯᠲᠠ ᠳᠤ ᠣᠷᠣᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ | ᠦᠷᠭᠦᠯᠵᠢᠯᠡᠨ ᠳᠡᠭᠡᠭᠰᠢᠯᠡᠪᠡ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠢᠨᠲ᠋ᠧᠷ ᠰᠦᠯᠵᠢᠶ᠎ᠡ + ᠠᠰᠠᠷᠠᠨ ᠰᠤᠪᠢᠯᠠᠬᠤ | ᠦᠢᠯᠡᠴᠢᠯᠡᠭᠡ︾ ᠶᠢᠨ ᠲᠥᠷᠥᠯ ᠵᠦᠢᠯ ᠢ ᠠᠮᠵᠢᠯᠲᠠ ᠲᠠᠢ ᠡᠬᠢᠯᠡᠭᠦᠯᠵᠦ᠂ ᠪᠦᠬᠦ ᠬᠤᠲᠠ ᠶᠢᠨ ᠠᠩᠬᠠᠳᠠᠭᠴᠢ ᠲᠤᠰ | ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠪᠣᠯᠪᠠ᠃ ᠳᠥᠷᠪᠡᠳ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠶᠢ | ᠫᠠᠶᠢᠰᠠ ᠡᠯᠭᠦᠨ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠ ᠬᠠᠮᠵᠢᠯᠴᠠᠭᠠᠨ | ᠤ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠵᠣᠬᠢᠬᠤ ᠨᠠᠰᠤᠨ ᠤ 8410 ᠡᠮᠡᠭᠲᠡᠶᠢᠴᠦᠳ ᠲᠤ | ᠰᠦᠢᠳᠬᠡᠯ ᠬᠤᠷᠢᠶᠠᠬᠤ ᠥᠬᠡᠶ ᠪᠠᠷ ︽ᠬᠤᠶᠠᠷ ᠦᠮᠡᠨ︾ ᠢ ᠰᠢᠭᠰᠢᠨ ᠪᠠᠶᠢᠴᠠᠭᠠᠨ ᠦᠭᠴᠦ᠂ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ 1 ᠤᠳᠠᠭᠠᠨ ᠤ ᠬᠥᠮᠦᠨ ᠤ | ᠬᠤᠭᠤᠷᠤᠨᠳᠤᠬᠢ ᠬᠤᠯᠤᠭᠠᠨ᠎ᠠ ᠶᠢᠨ ᠬᠢᠵᠢᠭ᠂ 1 ᠤᠳᠠᠭᠠᠨ ᠤ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ | ᠬᠢᠵᠢᠭ ᠢ ᠵᠦᠪ ᠣᠨᠣᠪᠴᠢᠲᠠᠶ ᠡᠷᠡᠰ ᠰᠢᠭᠤᠷᠬᠠᠶ ᠪᠠᠷ ᠰᠢᠢᠳᠪᠤᠷᠢᠯᠡᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠬᠤᠶᠠᠷ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠠᠰᠠᠭ ᠤᠨ | ᠣᠷᠳᠣᠨ ᠤ ᠥᠨᠳᠥᠷ ᠦᠨᠡᠯᠡᠯᠲᠡ ᠶᠢ ᠤᠯᠪᠠ᠃ | ᠨᠡᠶᠢᠭᠡᠮ ᠤᠨ ᠠᠮᠤᠷ ᠲᠦᠪᠰᠢᠨ ᠤ ᠬᠡᠮᠵᠢᠶ᠎ᠡ ᠤᠯᠠᠮ ᠳᠡᠭᠡᠭᠰᠢᠯᠡᠪᠡ᠃ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ | ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠢᠯᠡᠳᠪᠦᠷᠢᠯᠡᠯ ᠤᠨ | ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠪᠠ᠃ ᠪᠥᠬᠦ ᠵᠢᠯ ᠳᠤ 5.2 | ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠵᠤ᠂ ᠣᠨ ᠤ ᠡᠭᠦᠷᠭᠡ ᠶᠢᠨ 3.5 ᠳ᠋ᠦᠩᠰᠢᠭᠤᠷ ᠤᠨ | 149.2% ᠢ ᠪᠡᠶᠡᠯᠡᠭᠦᠯᠵᠦ᠂ ᠥᠷᠢ ᠥᠭᠴᠡᠭᠡ ᠶᠢ ᠠᠷᠢᠯᠭᠠᠬᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠦ᠂ ᠥᠷᠢ | ᠥᠭᠴᠡᠭᠡᠨ ᠤ ᠲᠦᠭᠰᠢᠭᠦᠷᠢ ᠶᠢᠨ ᠲᠠᠰ ᠢ ᠤᠯᠠᠪᠢᠷ ᠥᠩᠭᠡ ᠠᠴᠠ ᠨᠤᠭᠤᠭᠠᠨ ᠦᠩᠭᠡᠨ ᠳᠤ ᠬᠦᠷᠭᠡᠪᠡ᠃ ᠨᠡᠶᠢᠭᠡᠮ ᠤᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ | ᠬᠤᠷᠢᠶᠠᠨ ᠤ ︽ᠢᠨᠲ᠋ᠧᠷ ᠰᠦᠯᠵᠢᠶᠡᠨ + ᠰᠢᠮᠳᠠᠭᠤᠯᠤᠨ ᠪᠠᠶᠢᠴᠠᠭᠠᠯᠲᠠ︾᠂ 12345 ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠲᠠᠪᠴᠠᠩ ᠤᠨ ᠰᠦᠪᠡᠭᠴᠢ ᠶᠢᠨ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠵᠦ᠂ 1856 ᠵᠠᠬᠢᠳᠠᠯ ᠰᠤᠷᠪᠤᠯᠵᠢᠯᠠᠯ ᠤᠨ ᠵᠦᠢᠯᠡᠰ ᠢ ᠣᠷᠣᠯᠠᠨ ᠭᠦᠢᠴᠡᠳᠬᠡᠵᠦ᠂ ︽ᠪᠡᠭᠡᠵᠢᠩ ᠳᠤ ᠣᠷᠣᠵᠤ | ᠥᠪᠡᠷᠲᠡᠭᠡᠨ ᠵᠠᠰᠠᠬᠤ ᠣᠷᠣᠨ ᠳᠤ ᠣᠴᠢᠬᠤ︾ ᠤᠳᠠᠭ᠎ᠠ ᠶᠢᠨ ᠬᠥᠮᠦᠨ ᠤ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠨᠢ | 80% ᠶᠢ ᠳᠠᠪᠠᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠯ ᠢ ᠰᠢᠢᠳᠪᠦᠷᠢᠯᠡᠬᠦ ᠨᠣᠷᠮ᠎ᠠ᠂ ᠣᠯᠠᠨ ᠲᠦᠮᠡᠨ ᠤ | ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ︽ᠮᠡᠳᠡᠭᠡ ᠵᠠᠩᠭᠢ ᠪᠤᠯᠤᠨ ᠵᠢᠯᠤᠭᠤᠳᠤᠯᠭ᠎ᠠ ᠵᠤᠬᠢᠴᠠᠭᠤᠯᠭ᠎ᠠ ᠶᠢ ᠬᠠᠷᠢᠯᠴᠠᠨ | ᠤᠶᠠᠯᠳᠤᠭᠤᠯᠬᠤ︾ ᠶᠢ ᠨᠢᠬᠡ ᠴᠤᠭᠴᠠᠵᠢᠭᠤᠯᠤᠭᠰᠠᠨ ᠲᠣᠭᠲᠠᠴᠠ ᠶᠢ ᠭᠦᠢᠴᠡᠳ ᠠᠰᠢᠭᠯᠠᠨ᠂ 117 ᠡᠷᠡᠭᠦᠦ ᠶᠢᠨ ᠬᠡᠷᠡᠭ ᠢ | ᠠᠮᠵᠢᠯᠲᠠ ᠲᠠᠢ ᠪᠠᠷ ᠢᠯᠡᠷᠡᠭᠦᠯᠵᠦ᠂ ᠬᠡᠷᠡᠭ ᠭᠠᠷᠤᠭᠰᠠᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 61% | ᠪᠠᠭᠤᠷᠠᠪᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠦᠢᠯᠡᠴᠢᠯᠡᠭᠡ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠬᠦᠯᠦᠨ᠂ ᠶᠢᠰᠦᠳᠦᠭᠡᠷ ᠤᠳᠠᠭᠠᠨ ᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠰᠢᠭᠤ ᠶᠢ ᠠᠮᠵᠢᠯᠳᠠ ᠲᠠᠢ ᠪᠠᠶᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ | ᠳᠠᠬᠢᠨ ᠰᠢᠨ᠎ᠡ ᠳᠡᠭᠲᠡᠷ ᠲᠤ ᠭᠠᠷᠪᠠ᠃ | ᠦᠪᠡᠷ ᠢ ᠪᠠᠨ ᠴᠢᠩᠭ᠎ᠠ ᠱᠠᠯᠠᠪᠳᠠᠭᠤᠯᠤᠨ ᠱᠠᠭᠠᠷᠳᠠᠭᠰᠠᠨ ᠡᠨᠡ ᠨᠢᠭᠡ ᠵᠢᠯ ᠳᠤ ᠪᠢᠳᠡ ᠪᠤᠳᠠᠳᠠᠢ ᠦᠢᠯᠠ ᠠᠵᠢᠯᠯᠠᠭ᠎ᠠ ᠪᠠᠷ | ᠢᠶᠠᠨ ᠡᠬᠦᠷᠬᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠵᠠᠰᠠᠭ ᠤᠨ ᠤᠷᠳᠤᠨ ᠤ ᠦᠢᠯᠡᠳᠦᠯ ᠴᠢᠳᠠᠪᠬᠢ ᠪᠦᠬᠦ | ᠲᠠᠯ᠎ᠠ ᠪᠠᠷ ᠲᠡᠬᠡᠭᠰᠢᠯᠡᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠪᠠᠷ ᠭᠤᠤᠯ ᠰᠢᠵᠢᠮ ᠪᠣᠯᠭᠠᠵᠤ᠂ ︽ | ᠰᠤᠷᠤᠯᠴᠠᠬᠤ ᠦᠵᠡᠯ ᠰᠠᠨᠠᠭ᠎ᠠ︾ ᠶᠢ ᠦᠨᠡᠨ ᠬᠦ ᠲᠡᠷᠢᠭᠦᠨ ᠴᠢᠬᠤᠯᠠ ᠡᠭᠦᠷᠭᠡ ᠪᠣᠯᠭᠠᠨ ᠪᠠᠷᠢᠮᠲᠠᠯᠠᠵᠤ᠂ ᠰᠤᠷᠭᠠᠨ | ᠬᠥᠮᠦᠵᠢᠯ ᠤᠨ ᠦᠢᠯᠡᠳᠦᠯᠭᠡ ᠶᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ︽ᠭᠤᠷᠪᠠᠨ | ᠢᠯᠡᠬᠦᠦ ᠭᠤᠷᠪᠠᠨ ᠴᠦᠬᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠠᠨ ᠰᠢᠢᠳᠪᠦᠷᠢᠯᠡᠵᠦ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠥᠨᠳᠥᠷ ᠪᠦᠲᠦᠮᠵᠢᠲᠡᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢ | ᠯᠠᠪᠳᠠᠭᠤᠨ ᠪᠠᠲᠤᠲᠠᠶ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ︽ᠪᠥᠬᠦ ᠤᠯᠤᠰ ᠤᠨ ᠬᠠᠤᠯᠢ ᠶᠢ ᠰᠠᠬᠢᠵᠤ ᠬᠠᠤᠯᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠰᠢᠭᠤ︾ ᠪᠠᠷ | ᠰᠣᠩᠭᠤᠭᠳᠠᠪᠠ᠃ ᠴᠢᠬᠤᠯᠠ ᠶᠡᠭᠡ ᠠᠰᠠᠭᠤᠳᠠᠯ ᠳᠤ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ | ᠮᠡᠳᠡᠭᠦᠯᠬᠦ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ 39 ᠰᠠᠨᠠᠯ ᠰᠠᠨᠠᠭᠤᠯᠭ᠎ᠠ ᠪᠠ 89 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠴᠦᠮ ᠲᠣᠭᠲᠠᠭᠰᠠᠨ ᠬᠤᠭᠤᠴᠠᠭᠠᠨ ᠳᠤ ᠭᠦᠢᠴᠡᠳᠬᠡᠵᠦ᠂ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠰᠤᠷᠲᠠᠯ ᠢᠶᠠᠨ ᠬᠤᠪᠢᠷᠠᠭᠤᠯᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠠᠵᠢᠯ ᠬᠢᠬᠦ ᠥᠬᠡᠶ᠂ ᠠᠵᠢᠯ ᠢᠶᠠᠨ | ᠤᠳᠠᠭᠠᠰᠢᠷᠠᠭᠤᠯᠬᠤ᠂ ᠳᠤᠷ᠎ᠠ ᠪᠠᠷ ᠢᠶᠠᠨ ᠬᠢᠬᠦ ᠦᠵᠡᠭᠳᠡᠯ ᠢ ᠴᠡᠭᠴᠡᠯᠡᠨ ᠵᠠᠰᠠᠵᠤ᠂ ᠲᠥᠪ ᠭᠤᠤᠯᠴᠢ ᠠᠷᠢᠭᠤᠨ ᠴᠢᠬᠡᠴᠢ ᠪᠠᠷ | ᠡᠷᠬᠡ ᠪᠠᠨ ᠬᠡᠷᠡᠭᠯᠡᠬᠦ᠂ ᠠᠵᠢᠯᠴᠢ ᠬᠢᠴᠢᠶᠡᠩᠭᠦᠶ ᠪᠠᠷ ᠠᠵᠢᠯ ᠬᠢᠬᠦ ᠨᠢ ᠵᠠᠰᠠᠭ ᠤᠨ ᠣᠷᠳᠣᠨ ᠤ ᠰᠢᠰᠲ᠋ᠧᠮ ᠳᠤ ᠨᠢᠭᠡᠨᠲᠡ ᠬᠡᠪ | ᠰᠤᠷᠲᠠᠯ ᠪᠣᠯᠤᠭᠰᠠᠨ ᠪᠠᠶᠢᠨ᠎ᠠ᠃ | ᠡᠭᠦᠨ ᠤ ᠬᠠᠮᠲᠤ᠂ ᠤᠯᠤᠰ ᠤᠨ ᠪᠠᠳᠤᠯᠠᠨ ᠬᠠᠮᠠᠭᠠᠯᠠᠯᠳᠠ ᠶᠢ ᠲᠠᠶᠢᠴᠢᠯᠠᠬᠤ᠂ ᠬᠤᠶᠠᠷ ᠢ ᠬᠦᠷᠢᠶᠠᠯᠠᠨ ᠤᠨᠴᠠᠯᠠᠨ | ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠬᠦᠯᠬᠦ ᠵᠡᠷᠬᠡ ᠠᠵᠢᠯ ᠰᠢᠨ᠎ᠡ ᠲᠡᠭᠳᠡᠷ ᠲᠤ ᠭᠠᠷᠴᠦ᠂ | ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠴᠠᠭ ᠠᠭᠤᠷ᠂ ᠭᠠᠵᠠᠷ ᠬᠦᠳᠡᠯᠦᠯᠳᠠ᠂ ᠨᠡᠶᠢᠬᠡᠮ ᠤᠨ | ᠰᠢᠨᠵᠢᠯᠠᠬᠦ ᠤᠬᠠᠭᠠᠨ ᠵᠡᠷᠭᠡ ᠠᠵᠢᠯ ᠰᠢᠨ᠎ᠡ ᠠᠮᠵᠢᠯᠳᠠ ᠶᠢ ᠤᠯᠵᠦ᠂ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ ᠬᠢᠨ | ᠤ ᠬᠤᠯᠪᠤᠭ᠎ᠠ᠂ ᠵᠠᠮᠳᠡᠭᠴᠤᠳ ᠤᠨ ᠬᠤᠯᠪᠤᠭ᠎ᠠ᠂ ᠰᠢᠨᠵᠢᠯᠡᠭᠡ ᠮᠡᠷᠬᠡᠵᠢᠯ ᠤᠨ ᠨᠠᠶᠢᠬᠡᠮᠯᠢᠭ᠂ ᠤᠯᠠᠭᠠᠨ ᠵᠠᠭᠠᠯᠠᠮᠠᠶᠢᠳᠠᠨ ᠤ | ᠨᠡᠶᠢᠬᠡᠮᠯᠢᠭ᠂ ᠬᠤᠶᠢᠴᠢ ᠦᠶ᠎ᠠ ᠶᠢᠨ ᠬᠢᠨ ᠢᠶᠠᠨ ᠬᠠᠯᠠᠮᠵᠢᠯᠠᠬᠤ ᠵᠦᠪᠯᠡᠯ ᠪᠠ ᠦᠳᠡᠬᠦᠰ ᠤᠨ ᠵᠦᠪᠯᠡᠯ ᠵᠡᠷᠬᠡ ᠠᠵᠢᠯ ᠦᠢᠯᠡᠰ | ᠤᠨ ᠰᠢᠨ᠎ᠡ ᠬᠦᠭᠵᠢᠯᠳᠠ ᠶᠢ ᠪᠠᠶᠠᠯᠡᠬᠦᠯᠪᠠ᠃ | ᠦᠩᠭᠡᠷᠡᠭᠰᠡᠨ ᠵᠢᠯ ᠳᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠰᠢᠷᠭᠠᠭᠤ ᠬᠠᠳᠠᠭᠤᠯᠵᠢᠳᠠᠢ ᠡᠷᠡᠯᠬᠡᠭᠯᠡᠨ ᠤᠷᠤᠭᠰᠢᠯᠠᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠡᠯ᠎ᠡ ᠵᠦᠢᠯ ᠤᠨ ᠠᠵᠢᠯ ᠦᠢᠯᠡᠰ ᠲᠦᠷᠭᠡᠨ ᠳᠠᠪᠰᠢᠯᠲᠠ ᠶᠢ ᠤᠯᠵᠦ᠂ ᠡᠯᠪᠡᠭ ᠪᠠᠶᠠᠯᠢᠭ ᠦᠷ᠎ᠡ ᠪᠦᠳᠦᠮᠵᠢ ᠶᠢ | ᠪᠠᠶᠠᠯᠠᠬᠦᠯᠦᠭᠰᠡᠨ ᠪᠠᠶᠢᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠡᠯ᠎ᠡ ᠠᠵᠢᠯ | ᠲᠥᠷᠥᠯ ᠳᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠨᠠᠮ ᠪᠦᠯᠦᠭ ᠤᠨ | ᠪᠤᠰᠤ ᠬᠥᠮᠦᠰ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠠ ᠬᠤᠰᠢᠭᠤᠨ ᠳᠤ | ᠰᠠᠭᠤᠭ᠎ᠠ ᠡᠯ᠎ᠡ ᠨᠢᠭᠡᠴᠡ ᠵᠢᠴᠢ ᠳᠥᠷᠪᠡᠳ ᠬᠤᠰᠢᠭᠤᠨ ᠤ ᠪᠦᠳᠦᠬᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ | ᠳᠡᠮᠵᠢᠵᠦ ᠢᠷᠡᠭᠰᠡᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠨᠥᠬᠦᠳ ᠡ᠂ ᠪᠦᠯᠬᠦᠮᠳᠡᠯ ᠨᠢᠭᠳᠠᠷᠠᠯ ᠨᠢ ᠬᠦᠴᠦᠨ ᠴᠢᠳᠠᠯ ᠢ ᠬᠤᠷᠠᠮᠳᠤᠭᠤᠯᠵᠦ᠂ ᠲᠡᠮᠡᠴᠡᠯ ᠴᠢᠷᠮᠠᠶᠢᠯᠭ᠎ᠠ ᠨᠢ ᠠᠭᠤᠤ | ᠦᠢᠯᠡᠰ ᠢ ᠴᠤᠭᠴᠠᠯᠠᠳᠠᠭ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ ᠠᠯᠬᠤᠮ ᠪᠦᠷᠢ ᠢ ᠠᠮᠠᠷᠬᠠᠨ ᠲᠤᠭᠤᠯᠠᠭ᠎ᠠ ᠦᠭᠡᠢ | ᠴᠦ ᠶᠡᠷᠦ ᠠᠴᠠ ᠵᠤᠭᠰᠤᠭ᠎ᠠ ᠦᠭᠡᠢ᠂ ᠲᠡᠮᠡᠴᠡᠯ ᠤᠨ ᠠᠯᠬᠤᠭ᠎ᠠ ᠢᠮᠠᠭᠲᠠ ᠪᠠᠲᠤ ᠴᠢᠩᠭ᠎ᠠ ᠪᠠᠶᠢᠭᠰᠠᠨ ᠶᠤᠮ᠃ ᠪᠢᠳᠠ | ᠬᠦᠨᠵᠡᠬᠡᠢ ᠰᠡᠷᠡᠵᠦ ᠮᠡᠳᠡᠭᠰᠡᠨ ᠨᠢ᠄ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭ᠎ᠠ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ | ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ ᠶᠢ ᠭᠤᠤᠯ ᠱᠤᠭᠤᠮ ᠪᠤᠯᠭᠠᠨ᠂ ᠵᠠᠰᠠᠭ ᠤᠨ ᠣᠷᠳᠣᠨ ᠤ ᠡᠯ᠎ᠡ ᠲᠦᠷᠦᠯ ᠤᠨ | ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ | ᠡᠷᠬᠡᠪᠰᠢ ᠠᠯᠤᠰ ᠬᠡᠲᠤ ᠶᠢᠨ ᠪᠤᠳᠤᠯᠭ᠎ᠠ᠂ ᠪᠥᠬᠦ ᠲᠠᠯ᠎ᠠ ᠶᠢᠨ ᠲᠥᠯᠥᠪᠵᠢᠭᠦᠯᠭᠡ᠂ ᠪᠦᠬᠦᠯᠢ ᠴᠣᠭᠴᠠ ᠶᠢᠨ | ᠠᠬᠢᠭᠤᠯᠤᠯᠲᠠ ᠶᠢ ᠴᠢᠩᠭᠠᠳᠬᠠᠵᠤ᠂ ᠠᠵᠦ ᠦᠢᠯᠡᠰ ᠤᠨ ᠬᠦᠴᠦᠷᠬᠡᠭ ᠬᠤᠰᠢᠭᠤ ᠶᠢ ᠲᠡᠷᠢᠬᠦᠨ ᠠᠷᠭ᠎ᠠ ᠵᠠᠮ ᠪᠤᠯᠭᠠᠨ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠨ᠂ ᠴᠢᠨᠠᠷ ᠰᠠᠶᠢᠲᠠᠶ ᠬᠥᠭᠵᠢᠯᠲᠡ ᠪᠠᠷ ᠳᠠᠮᠵᠢᠨ ᠪᠥᠬᠦ | ᠬᠤᠰᠢᠭᠤᠨ ᠤ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠶᠡᠷᠦᠩᠬᠡᠶ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ ᠠᠷᠠᠳ ᠲᠦᠮᠡᠨ ᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠠᠴᠠ ᠡᠬᠢᠯᠡᠨ ᠠᠳᠬᠤᠵᠤ᠂ | ᠬᠥᠭᠵᠢᠯᠲᠡ ᠶᠢᠨ ᠬᠦᠴᠢᠷ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠤᠷᠢᠯᠡᠵᠦ᠂ ᠠᠷᠠᠳ ᠲᠦᠮᠡᠨ ᠳᠤ ᠪᠤᠳᠠᠳᠦ ᠰᠠᠶᠢᠨ | ᠤᠴᠢᠷ ᠢ ᠨᠢᠬᠡ ᠨᠢᠬᠡᠳ ᠢᠶᠠᠷ ᠤᠯᠠᠨᠳᠠ ᠬᠢᠵᠦ᠂ ᠬᠥᠭᠵᠢᠯᠲᠡ ᠶᠢ ᠨᠠᠩ ᠬᠠᠯᠠᠮᠵᠢᠲᠠᠢ᠂ ᠠᠷᠠᠳ ᠤᠨ ᠠᠮᠢᠳᠤᠷᠠᠯ ᠢ ᠨᠠᠩ | ᠴᠢᠨᠠᠷ ᠰᠠᠶᠢᠲᠠᠶ ᠪᠣᠯᠭᠠᠬᠤ ᠬᠡᠷᠡᠭᠲᠡᠶ︔ ᠤᠷᠤᠭᠰᠢᠯᠠᠯᠲᠠ ᠶᠢᠨ ᠵᠠᠮ ᠳᠡᠭᠡᠷ᠎ᠡ᠂ ᠡᠷᠬᠡᠪᠰᠢ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤ ᠪᠠᠷ ᠪᠠᠨ ᠪᠦᠯᠬᠦᠮᠳᠡᠨ ᠨᠢᠭᠲᠠᠷᠠᠵᠤ᠂ ᠡᠯ᠎ᠡ ᠲᠦᠷᠦᠯ ᠤᠨ ᠠᠵᠢᠯ ᠢ | ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ | ᠬᠥᠭᠵᠢᠯᠲᠡ ᠶᠢᠨ ᠶᠠᠪᠤᠴᠠ ᠳᠤ ᠴᠥᠭᠡᠨ ᠪᠤᠰᠤ ᠵᠥᠷᠢᠴᠡᠯ ᠪᠠ ᠠᠰᠠᠭᠤᠳᠠᠯ ᠣᠷᠣᠰᠢᠵᠤ ᠂ ᠤᠷᠤᠭᠰᠢᠯᠠᠯᠲᠠ ᠶᠢᠨ ᠵᠠᠮ | ᠳᠡᠭᠡᠷ᠎ᠡ ᠪᠠᠰᠠ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠭ᠎ᠠ ᠪᠠᠨ ᠴᠦ ᠪᠢᠳ᠋ᠨ ᠰᠡᠷᠬᠡᠭ ᠢᠶᠠᠷ | ᠲᠠᠨᠢᠵᠦ ᠤᠯᠤᠯ᠎ᠠ᠄ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠤᠨ | ᠨᠥᠭᠡᠴᠡ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠲᠠᠶᠢᠴᠢᠯᠠᠯᠳᠠ | ᠶᠢᠨ ᠦᠢᠯᠡᠳᠦᠯ ᠢ ᠦᠨᠡᠨ ᠬᠦ ᠴᠢᠩᠭᠠᠳᠬᠠᠬᠤ ᠴᠢᠬᠤᠯᠠᠲᠠᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠴᠢᠩᠭ᠎ᠠ ᠪᠢᠰᠢ᠂ ᠴᠢᠳᠠᠪᠤᠷᠢᠲᠠᠨ ᠢ ᠤᠷᠢᠬᠤ᠂ ᠴᠢᠳᠠᠪᠤᠷᠢᠲᠠᠨ ᠢ | ᠦᠯᠡᠳᠡᠭᠡᠬᠦ᠂ ᠴᠢᠳᠠᠪᠤᠷᠢᠲᠠᠨ ᠢ ᠬᠥᠮᠦᠵᠢᠭᠦᠯᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠢ︔ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠲᠤᠲᠠᠭᠳᠠᠯ ᠲᠠᠢ ᠲᠠᠯ᠎ᠠ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ᠃ | ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠪᠦᠲᠦᠮᠵᠢᠲᠡᠶ | ᠠᠷᠭ᠎ᠠ ᠬᠡᠮᠵᠢᠶ᠎ᠡ ᠠᠪᠤᠨ ᠰᠢᠢᠳᠪᠤᠷᠢᠯᠡᠵᠤ᠂ ᠵᠠᠰᠠᠭ ᠤᠨ ᠣᠷᠳᠣᠨ ᠤ ᠠᠵᠢᠯ ᠢ ᠨᠠᠩ ᠰᠠᠶᠢᠨ ᠬᠢᠵᠦ᠂ ᠪᠥᠬᠦ ᠬᠤᠰᠢᠭᠤᠨ ᠤ | ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ᠃ | ᠬᠤᠶᠠᠷ᠂ 2024 ᠣᠨ ᠤ ᠡᠭᠦᠷᠭᠡ ᠬᠠᠷᠠᠯᠳᠠ ᠪᠠ ᠭᠤᠤᠯᠳᠠᠯᠭ᠎ᠠ ᠲᠠᠢ ᠠᠵᠢᠯ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ᠮᠦᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠠᠶᠢᠵᠤ᠂ ᠨᠡᠩ ᠴᠤ ᠰᠢᠨ᠎ᠡ ᠠᠵᠠ ᠲᠣᠬᠢᠶᠠᠯ᠂ ᠰᠢᠨ᠎ᠡ | ᠬᠥᠳᠡᠯᠭᠡᠬᠦ ᠬᠦᠴᠦᠨ ᠢ ᠡᠭᠦᠳᠴᠦ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠵᠢᠯ ᠪᠣᠯᠤᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠠᠬᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠯᠠᠪᠳᠠᠭᠤᠨ ᠢᠶᠠᠷ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ | ᠳᠠᠷᠠᠭ᠎ᠠ ᠨᠢ ᠳᠠᠪᠠᠭ᠋ᠤ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ | ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ | ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ | ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠳᠥᠷᠪᠡᠳ | ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠲᠦᠯᠦᠪᠯᠡᠭᠡᠲᠦ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 6% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6. 5% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠥᠪ ᠢ 5% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ | ᠲᠡᠩᠴᠡᠭᠦᠯᠦᠨ᠎ᠡ᠃ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠤ | ᠪᠠᠭᠤᠯᠭᠠᠭᠰᠠᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠬᠦᠴᠦ ᠪᠠᠨ ᠲᠥᠪᠯᠡᠷᠡᠭᠦᠯᠦᠨ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠰᠠᠶᠢᠲᠤᠷ ᠠᠳᠬᠤᠨ᠎ᠠ᠄ | ︵ᠨᠢᠭᠡ︶ ᠪᠡᠯᠡ ᠤᠷᠤᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠠᠭᠢᠭᠤᠯᠵᠦ᠂ ᠦᠢᠯᠡᠴᠢᠯᠡᠭᠡ ᠪᠠᠨ | ᠰᠢᠯᠢᠳᠡᠭᠵᠢᠭᠦᠯᠦᠨ᠂ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠢ ᠳᠣᠳᠣᠭᠠᠳᠣ ᠬᠦᠳᠡᠯᠭᠡᠬᠦ ᠬᠦᠴᠦᠨ ᠪᠤᠯᠭᠠᠬᠤ ᠪᠠᠷ | ᠴᠢᠷᠮᠠᠶᠢᠨ᠎ᠠ | ᠲᠦᠷᠦᠯ ᠵᠦᠢᠯ ᠢᠶᠠᠷ ᠭᠤᠣᠯ ᠪᠤᠯᠭᠠᠨ᠂ ᠪᠡᠯᠡ ᠣᠷᠣᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ | ᠲᠦᠷᠦ ᠶᠢᠨ ᠪᠤᠳᠤᠯᠭ᠎ᠠ ᠬᠡᠷᠡᠭᠵᠢᠭᠦᠯᠵᠦ ᠠᠷᠠᠯᠵᠢᠶᠠᠴᠢᠨ ᠤᠷᠢᠬᠤ ᠶᠢ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠵᠢᠭᠦᠯᠦᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠴᠠᠭ ᠮᠦᠴᠡ ᠲᠠᠢ ᠤᠷᠤᠯᠳᠤᠨ ᠪᠣᠳᠠᠲᠤ ᠠᠵᠢᠯᠯᠠᠭ᠎ᠠ ᠪᠠᠷ ᠢᠶᠠᠨ | ᠡᠷᠴᠢ ᠵᠣᠷᠢᠭ ᠢᠶᠠᠨ ᠬᠥᠪᠴᠢᠯᠡᠬᠦ ᠠᠭᠤᠷ ᠠᠮᠢᠰᠬᠤᠯ ᠢ ᠪᠤᠢ ᠪᠤᠯᠭᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠬᠡᠨ᠎ᠡ᠃ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ︽ᠭᠤᠷᠪᠠᠨ ᠤᠮᠠᠷᠠᠳᠤ︾ ᠢᠨᠵᠧᠨᠧᠷᠢᠩ ᠤᠨ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠴᠢᠩᠭ᠎ᠠ ᠠᠳᠬᠤᠨ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ | ᠲᠦᠷᠭᠡᠳᠬᠡᠨ ᠠᠬᠢᠭᠤᠯᠵᠤ᠂ ᠤᠯᠤᠰ ᠤᠨ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ︾᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠠᠵᠤ | ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠥᠬᠦ | ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ | ᠲᠥᠯᠥᠪᠯᠡᠨ ᠨᠥᠭᠡᠴᠡᠯᠡᠵᠦ᠂ 2024 ᠣᠨ ᠳᠤ 28 ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 388 ᠳ᠋ᠦᠩᠰᠢᠭᠤᠷ ᠲᠥᠭᠦᠷᠢᠭ | ᠪᠠᠶᠢᠵᠦ᠂ ᠵᠢᠯ ᠤᠨ ᠳᠣᠲᠣᠷ᠎ᠠ 139.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠴᠢᠬᠤᠯᠠ ᠶᠡᠭᠡ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠪᠣᠯᠤᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠤᠷᠳᠤᠴᠠ᠂ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠲᠦᠷᠦᠯ | ᠵᠦᠢᠯ ᠢ 3 ᠰᠠᠷ᠎ᠠ ᠳᠤ ᠭᠠᠷ ᠭᠦᠢᠴᠡᠳᠬᠡᠯ ᠢ ᠭᠦᠢᠴᠡᠳᠬᠡᠬᠦ ᠪᠠᠷ ᠴᠢᠷᠮᠠᠶᠢᠨ᠂ 4 ᠰᠠᠷ᠎ᠠ ᠳᠤ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠨᠥᠬᠦᠴᠡᠯ ᠢ ᠪᠦᠷᠢᠯᠳᠦᠭᠦᠯᠵᠦ᠂ 5 ᠰᠠᠷ᠎ᠠ ᠶᠢᠨ ᠰᠡᠭᠦᠯᠴᠢ ᠪᠠᠷ ᠪᠦᠬᠦ ᠠᠵᠢᠯ ᠢ ᠡᠬᠢᠯᠡᠬᠦᠯᠦᠨ᠎ᠡ | ᠃ ᠬᠠᠪᠤᠷ ᠤᠷᠤᠬᠤ ᠳᠤ ᠠᠵᠢᠯ ᠢᠶᠠᠨ ᠡᠬᠢᠯᠡᠭᠦᠯᠵᠤ᠂ ᠠᠵᠢᠯ ᠢᠶᠠᠨ ᠡᠬᠢᠯᠡᠭᠦᠯᠪᠡᠯ ᠰᠢᠢᠳᠪᠦᠷᠢ ᠭᠠᠷᠭᠠᠬᠤ ᠶᠢ | ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠨ᠎ᠠ᠃ ᠦᠷᠭᠦᠯᠵᠢᠯᠡᠨ ᠬᠦᠴᠦᠷᠬᠡᠭ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠬᠦᠳᠦᠯᠦᠨ ᠲᠠᠭᠠᠭᠤᠯᠬᠤ ᠶᠢ ᠠᠬᠢᠭᠤᠯᠤᠨ᠂ ᠳᠡᠭᠡᠳᠦ ᠳᠤᠤᠷᠠᠳᠤ ᠱᠠᠲᠤ | ᠬᠤᠯᠪᠣᠭᠠᠯᠠᠨ ᠬᠥᠳᠡᠯᠦᠯᠴᠡᠬᠦ᠂ ᠪᠥᠬᠦ ᠠᠵᠢᠯᠲᠠᠨ ᠣᠷᠣᠯᠴᠠᠭᠰᠠᠨ ︽ᠶᠡᠭᠡ ᠪᠠᠷ ᠬᠤᠳᠠᠯᠳᠤᠭᠠᠴᠢᠨ ᠤᠷᠢᠬᠤ︾ ᠬᠡᠪ | ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠠᠨ ᠳᠠᠷᠤᠭ᠎ᠠ︾ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠵᠠᠭᠤᠨ ᠳ᠋ᠦᠩᠰᠢᠭᠤᠷ ᠲᠠᠰ ᠤᠨ ᠠᠵᠤ | ᠦᠢᠯᠡᠰ ᠤᠨ ᠪᠦᠯᠦᠭᠯᠡᠯ︾ ᠳᠤ ᠭᠤᠤᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠶ ᠪᠠᠷ | ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠣᠲᠣ ᠶᠢᠨ ᠪᠠᠶᠢᠭ᠎ᠠ | ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠪᠠᠶᠢᠭᠤᠯᠤᠨ ᠬᠦᠴᠦᠷᠬᠡᠭᠵᠢᠭᠦᠯᠵᠦ᠂ ᠰᠢᠨ᠎ᠡ ᠠᠵᠤ ᠦᠢᠯᠡᠰ ᠤᠨ | ᠬᠡᠯᠬᠢᠶ᠎ᠡ ᠶᠢ ᠪᠣᠶ ᠪᠣᠯᠭᠠᠵᠤ᠂ ᠳᠡᠭᠡᠳᠦ ᠲᠠᠰ ᠤᠨ ᠬᠦᠴᠦᠨ ᠵᠦᠢᠯ ᠢ ᠲᠥᠪᠯᠡᠷᠡᠭᠦᠯᠦᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠬᠤᠷᠠᠮᠳᠤᠭᠤᠯᠵᠤ᠂ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃ ᠡᠯ᠎ᠡ ᠲᠥᠷᠥᠯ ᠤᠨ | ᠬᠤᠳᠠᠯᠳᠤᠭᠠᠨ ᠤ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠬᠤᠳᠠᠯᠳᠤᠭᠠᠴᠢᠨ ᠤᠷᠢᠨ | ᠲᠠᠨᠢᠯᠴᠠᠭᠤᠯᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠵᠢᠯ ᠤᠨ ᠰᠢᠨ᠎ᠡ ᠪᠠᠷ ᠭᠡᠷ᠎ᠡ ᠲᠣᠭᠲᠠᠭᠰᠠᠨ | ᠲᠥᠷᠥᠯ ᠵᠦᠢᠯ ᠤᠨ ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠶᠢ 400 ᠳ᠋ᠦᠩᠰᠢᠭᠤᠷ ᠲᠥᠭᠦᠷᠢᠭ | ᠳᠠᠪᠠᠭᠤᠯᠬᠤ ᠪᠠᠷ ᠴᠢᠷᠮᠠᠶᠢᠵᠤ᠂ ᠵᠢᠯ ᠤᠨ ᠳᠣᠲᠣᠷ᠎ᠠ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 85 ᠳ᠋ᠦᠩᠰᠢᠭᠤᠷ | ᠲᠥᠭᠦᠷᠢᠭ ᠲᠤ ᠬᠦᠷᠭᠡᠵᠤ᠂ ᠲᠥᠷᠥᠯ ᠵᠦᠢᠯ ᠢ ᠡᠯᠰᠡᠬᠦ᠂ ᠪᠦᠲᠦᠭᠡᠨ ᠪᠠᠶᠢᠭᠤᠯᠬᠤ᠂ ᠶᠠᠰᠤ ᠴᠢᠨᠠᠷ ᠦᠷ᠎ᠡ ᠠᠰᠢᠭ ᠤᠨ ︽ | ᠭᠤᠷᠪᠠᠨ ᠰᠢᠨ᠎ᠡ ᠰᠢᠪᠲᠤᠯᠤᠯᠲᠠ︾ ᠶᠢ ᠴᠢᠷᠮᠠᠶᠢᠨ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠵᠦᠢᠯ ᠤᠨ ᠶᠠᠪᠤᠳᠠᠯ︾ ᠤᠨ ᠴᠤᠮᠬᠠᠳᠬᠠᠨ ᠥᠭᠡᠷᠡᠴᠢᠯᠡᠯᠲᠡ ᠶᠢ | ᠪᠠᠬᠢᠵᠢᠭᠦᠯᠦᠨ ᠥᠷᠭᠡᠳᠬᠡᠵᠦ᠂ ᠥᠨᠳᠥᠷ ᠳᠠᠪᠲᠠᠮᠵᠢᠲᠤ ᠵᠦᠢᠯᠡᠰ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠦᠯᠦ | ᠭᠦᠶᠦᠯᠭᠡᠬᠦ︾ ᠥᠭᠡᠷᠡᠴᠢᠯᠡᠯᠲᠡ᠂ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ | ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠵᠤ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢ ᠲᠦᠷᠬᠡᠳᠬᠡᠨ᠎ᠡ᠃ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ | ᠨᠡᠶᠢᠭᠡᠮ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ︽ᠳᠥᠷᠪᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢ | ᠬᠡᠷᠡᠭᠵᠢᠭᠦᠯᠦᠨ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢᠨ ᠵᠥᠪ ᠲᠠᠯ᠎ᠠ ᠶᠢᠨ ᠳᠦᠷᠢ ᠲᠥᠷᠬᠦ ᠶᠢ ᠪᠠᠲᠤ ᠪᠠᠬᠢ | ᠪᠣᠶ ᠪᠣᠯᠭᠠᠵᠤ᠂ ᠠᠵᠤ ᠠᠬᠤᠶᠢᠯᠠᠯᠲᠠᠨ ᠪᠠ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠢᠯᠡ ᠲᠣᠳᠣ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠪᠥᠬᠦ ᠲᠠᠯ᠎ᠠ ᠪᠠᠷ ᠪᠣᠶ ᠪᠣᠯᠭᠠᠨ᠎ᠠ᠃ | ︵ᠬᠤᠶᠠᠷ︶ ᠪᠦᠬᠦ ᠬᠦᠴᠦᠨ ᠢᠶᠠᠷ ᠢᠶᠠᠨ ᠳᠠᠪᠠᠭᠤᠯᠢᠭ ᠢᠶᠠᠨ ᠪᠠᠳᠠᠷᠠᠭᠤᠯᠤᠨ᠂ ᠬᠡᠯᠬᠢᠶ᠎ᠡ ᠪᠠᠨ ᠤᠷᠲᠤᠳᠬᠠᠵᠤ᠂ | ᠭᠤᠣᠯᠳᠠᠯᠭ᠎ᠠ ᠲᠠᠢ ᠠᠵᠤ ᠦᠢᠯᠡᠰ ᠢ ᠲᠡᠮᠳᠡᠭᠳᠦ ᠪᠣᠯᠭᠠᠬᠤ ᠪᠠᠷ ᠴᠢᠷᠮᠠᠶᠢᠨ᠎ᠠ᠃ | ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ︽ᠲᠠᠪᠤᠨ ᠵᠠᠭᠤᠨ ᠳ᠋ᠦᠩᠰᠢᠭᠤᠷ | ᠳᠡᠰ ᠤᠨ ᠠᠵᠤ ᠦᠢᠯᠡᠰ ᠤᠨ ᠪᠦᠯᠦᠭᠯᠡᠯ︾ ᠢ ᠴᠣᠭᠴᠠᠯᠠᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠠᠮᠤ ᠪᠤᠳᠠᠭᠠᠨ ᠤ ᠠᠮᠤᠷ ᠲᠦᠪᠰᠢᠨ ᠤ | ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠵᠤ᠂ ᠮᠠᠯ ᠤᠨ | ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ᠂ ᠬᠠᠩᠭᠠᠯᠭ᠎ᠠ ᠶᠢ ᠪᠠᠲᠤᠯᠠᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 132 ᠲᠦᠮᠡᠨ ᠮᠥ ᠠᠴᠠ ᠳᠡᠭᠡᠭᠰᠢ | ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 7 ᠳ᠋ᠦᠩᠰᠢᠭᠤᠷ ᠵᠢᠩ ᠳᠤ ᠬᠦᠷᠭᠡᠬᠦ ᠪᠠᠷ ᠴᠢᠷᠮᠠᠶᠢᠨ᠂ ᠮᠠᠯ | ᠲᠡᠵᠢᠭᠡᠨ ᠦᠷᠡᠵᠢᠭᠦᠯᠬᠦ ᠴᠢᠳᠠᠪᠤᠷᠢ ᠶᠢ 300 ᠲᠦᠮᠡᠨ ᠲᠣᠯᠣᠭᠠᠶ ᠠᠴᠠ ᠳᠡᠭᠡᠭᠰᠢ ᠲᠣᠭᠲᠠᠪᠤᠷᠢᠵᠢᠭᠤᠯᠵᠤ᠂ ᠮᠢᠬᠠᠨ ᠤ | ᠵᠦᠢᠯ ᠤᠨ ᠤᠨᠠᠯᠲᠠ ᠶᠢ 5 ᠲᠦᠮᠡᠨ ᠲᠣᠨ ᠠᠴᠠ ᠳᠠᠪᠠᠭᠤᠯᠤᠨ᠎ᠠ᠃ ᠤᠰᠤ ᠠᠷᠪᠢᠯᠠᠬᠤ ᠲᠠᠷᠢᠶᠠᠯᠠᠩ ᠢ ᠶᠡᠬᠡᠪᠡᠷ | ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 3 ᠲᠦᠮᠡᠨ ᠮᠦ ᠰᠢᠨ᠎ᠡ ᠪᠠᠷ ᠪᠠᠶᠢᠭᠤᠯᠤᠨ᠎ᠠ᠃ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠳᠬᠡᠵᠦ᠂ ᠵᠦᠩ ᠵᠢᠶᠠ᠂ ᠰᠠᠢ ᠨᠥᠸᠧ᠂ ᠰᠢᠨ ᠢᠦᠢ | ᠵᠡᠷᠭᠡ ᠬᠦᠳᠦᠴᠢ ᠠᠵᠤ ᠠᠬᠤᠶᠢᠯᠠᠯ ᠳᠤ ᠲᠦᠰᠢᠭᠯᠡᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠲᠡᠰ ᠤᠨ ᠲᠥᠮᠥᠰᠥ ᠶᠢᠨ | ᠦᠷ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠦᠬᠦ ᠤᠯᠤᠰ ᠤᠨ ᠬᠠᠮᠤᠭ ᠤᠨ ᠰᠢᠯᠢᠳᠡᠭ ︽ᠦᠪᠡᠷ ᠢᠶᠠᠨ ᠡᠵᠡᠨ | ᠮᠡᠳᠡᠬᠦ︾ ᠢᠳᠡᠰᠢᠨ ᠬᠤᠨᠢᠨ ᠤ ᠡᠭᠦᠯᠳᠡᠷ ᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠤᠯᠤᠰ ᠤᠨ ᠳᠣᠲᠣᠭᠠᠳᠤ ᠶᠢᠨ | ᠬᠠᠮᠤᠭ ᠤᠨ ᠶᠡᠭᠡ ᠪᠠᠶᠢᠭᠠᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠯᠪᠡᠷᠢᠳᠠᠢ ᠴᠢᠨᠠᠷ ᠰᠠᠶᠢᠲᠠᠢ ᠮᠢᠬᠠᠨ ᠤ | ᠦᠬᠡᠷ ᠤᠨ ᠠᠵᠤ ᠦᠢᠯᠡᠰ ᠤᠨ ᠰᠠᠭᠤᠷᠢᠨ ᠭᠠᠵᠠᠷ ᠢ ᠢᠳᠡᠪᠬᠢᠲᠡᠢ ᠪᠠᠶᠢᠭᠤᠯᠤᠨ᠎ᠠ᠃ ᠤᠯᠤᠰ ᠤᠨ ᠲᠠᠰ ᠤᠨ ᠣᠲᠣ | ᠦᠶ᠎ᠡ ᠶᠢᠨ ᠲᠠᠷᠢᠶᠠᠯᠠᠩ ᠤᠨ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠬᠠᠷᠠᠯᠲᠠ | ᠪᠣᠯᠭᠠᠵᠤ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠷ᠎ᠡ ᠶᠢᠨ ᠲᠥᠮᠥᠰᠥ ᠪᠠ ᠡᠳ᠋ᠰᠢᠭᠦᠯᠦᠨ | ᠪᠣᠯᠪᠠᠰᠤᠷᠠᠭᠤᠯᠬᠤ ᠲᠥᠮᠥᠰᠥ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠥᠮᠥᠰᠥ ᠳᠠᠷᠢᠬᠤ ᠲᠠᠯᠠᠪᠠᠶ ᠶᠢ 45 ᠲᠦᠮᠡᠨ | ᠮᠥ ᠳᠤ ᠬᠦᠷᠦᠭᠦᠯᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠤᠬᠢᠴᠢᠯᠠᠭᠰᠠᠨ ᠲᠠᠷᠢᠶᠠᠯᠠᠩ ᠤᠨ | ᠢᠳᠡᠰᠢᠨ ᠬᠤᠨᠢᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠳ᠋ᠦ᠋ ᠮᠧᠩ | ᠢᠳᠡᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ 5000 ᠬᠤᠴᠠ᠂ 1 ᠲᠦᠮᠡᠨ ᠡᠮ᠎ᠡ ᠬᠤᠨᠢ ᠲᠠᠯᠪᠢᠵᠤ᠂ ᠡᠭᠦᠯᠳᠡᠷ | ᠰᠠᠶᠢᠵᠢᠷᠠᠭᠤᠯᠤᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ ᠪᠣᠭ ᠮᠠᠯ ᠢ ᠪᠣᠳᠠ ᠮᠠᠯ ᠢᠶᠠᠷ ᠰᠣᠯᠢᠬᠤ ᠶᠢ | ᠲᠦᠷᠭᠡᠳᠬᠡᠨ ᠠᠬᠢᠭᠤᠯᠵᠤ᠂ ᠮᠢᠬᠠᠨ ᠤ ᠦᠬᠡᠷ ᠤᠨ ᠰᠦᠷᠦᠭ ᠢ ᠥᠷᠭᠡᠳᠬᠡᠨ᠂ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ | ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠵᠦ᠂ ᠴᠢᠨᠠᠷ ᠰᠠᠶᠢᠲᠠᠶ ᠮᠢᠬᠠᠨ ᠤ ᠦᠬᠡᠷ ᠤᠨ ᠲᠤᠭ᠎ᠠ ᠶᠢ 10 ᠲᠦᠮᠡ ᠠᠴᠠ | ᠳᠡᠭᠡᠭᠰᠢ ᠳᠠᠪᠠᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠡᠮᠤᠨᠡᠬᠢ ᠡᠪᠡᠰᠦ ᠪᠡᠯᠴᠢᠭᠡᠷ ᠢ ᠤᠮᠠᠷᠠᠰᠢ ᠲᠡᠭᠡᠭᠡᠪᠦᠷᠢᠯᠡᠬᠦ︾ ᠲᠡᠵᠢᠭᠡᠯ ᠡᠪᠡᠰᠦ ᠪᠣᠷᠳᠤᠭ᠎ᠠ ᠨᠦᠬᠡᠴᠡᠯᠡᠵᠤ | ᠲᠡᠭᠡᠭᠡᠪᠦᠷᠢᠯᠡᠨ ᠪᠣᠷᠣᠯᠠᠭᠤᠯᠬᠤ ᠰᠢᠰᠲ᠋ᠧᠮ ᠢ ᠪᠠᠶᠢᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠥᠬᠦ | ᠬᠦᠴᠦᠨ ᠢᠶᠠᠷ ᠢᠶᠠᠨ ᠪᠠᠭᠤᠷᠠᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ | ᠲᠡᠮᠳᠡᠭᠲᠦ ᠶᠢᠨ ᠲᠤᠭ᠎ᠠ ᠬᠡᠮᠵᠢᠶ᠎ᠡ ᠪᠠ ᠭᠡᠷᠡᠴᠢᠯᠡᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ︽ᠬᠤᠶᠠᠷ | ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠦᠷᠭᠦᠯᠵᠢᠯᠡᠨ ᠪᠦᠲᠦᠮᠵᠢᠲᠡᠶ ᠠᠬᠢᠭᠤᠯᠵᠤ᠂ ︽ᠤᠭ ᠠᠮᠲᠠᠲᠤ | ᠤᠯᠠᠭᠠᠨᠴᠠᠪ︾ ᠤᠨ ᠨᠠᠷᠠᠲᠤ ᠲᠡᠮᠳᠡᠭᠲᠦ ᠶᠢᠨ ᠰᠢᠰᠲ᠋ᠧᠮ ᠤᠨ ᠴᠢᠨᠠᠷᠲᠠᠶ ᠪᠠᠶᠢᠭᠤᠯᠤᠯᠲᠠ ᠶᠢ ᠥᠷᠨᠢᠭᠦᠯᠦᠨ᠂ ᠵᠢᠯ ᠤᠨ | ᠳᠣᠲᠣᠷ᠎ᠠ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ 5 ᠠᠴᠠ ᠳᠡᠭᠡᠭᠰᠢ ᠪᠡᠶᠡᠯᠡᠭᠦᠯᠦᠨ᠎ᠡ᠃ | ᠨᠢᠭᠡᠳᠦᠭᠡᠷ ᠪᠠ ᠬᠤᠶᠠᠳᠤᠭᠠᠷ ᠳᠡᠰ ᠤᠨ ᠬᠤᠲᠠ ᠶᠢᠨ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠴᠢᠨᠠᠷ | ᠰᠠᠶᠢᠲᠠᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠬᠥᠭᠵᠢᠨ ᠮᠠᠨᠳᠤᠬᠤ ᠶᠢ ᠲᠦᠷᠭᠡᠳᠭᠡᠨ᠎ᠡ᠃ ᠬᠦᠷᠢᠶᠡᠯᠡᠩ ᠲᠣᠭᠤᠷᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠡᠷᠴᠢᠮᠵᠢᠭᠦᠯᠦᠨ | ᠪᠥᠭᠡᠮᠨᠡᠷᠡᠭᠰᠡᠨ ᠬᠥᠭᠵᠢᠯᠲᠡ ᠶᠢ ᠠᠬᠢᠭᠤᠯᠤᠨ᠎ᠠ᠃ ᠬᠠᠶᠢᠯᠤᠭᠤᠷ ᠵᠣᠩᠰᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ | ᠲᠦᠪᠰᠢᠨ ᠢ ᠳᠡᠭᠡᠭᠰᠢᠯᠡᠭᠦᠯᠵᠦ᠂ ᠨᠡᠩ ᠤᠯᠠᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠤ ᠠᠵᠤ | ᠠᠬᠤᠶᠢᠯᠠᠯ ᠪᠣᠯᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠳᠡᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ ᠦᠷᠳᠡᠭ ᠢ ᠵᠠᠭᠤᠨ ᠳ᠋ᠦᠩᠰᠢᠭᠤᠷ ᠳᠠᠪᠠᠭ᠋ᠤ ᠶᠢ ᠡᠷᠲᠡᠬᠡᠨ | ᠪᠡᠶᠡᠯᠡᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ 480 ᠲᠦᠮᠡᠨ ᠺᠢᠯᠣᠸᠠᠲ᠂ ᠮᠧᠩ | ᠨᠧᠩ 200 ᠲᠦᠮᠡᠨ ᠺᠢᠯᠣᠸᠠᠲ ᠤᠨ ᠰᠠᠯᠬᠢ ᠭᠡᠷᠡᠯ ᠨᠥᠭᠡᠴᠡᠯᠡᠬᠦ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ | ᠭᠠᠵᠠᠷ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠵᠠᠭᠤᠨ ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠨᠥᠬᠦᠷᠰᠡᠭ ᠢᠶᠠᠷ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠶᠢ ᠨᠢᠭᠡ ᠴᠣᠭᠴᠠᠵᠢᠭᠤᠯᠬᠤ᠂ ᠢᠯᠴᠢ | ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠶᠡᠭᠡ ᠬᠡᠮᠵᠢᠶᠡᠨ ᠤ ᠬᠡᠷᠡᠭᠯᠡᠭᠴᠢ ᠶᠢᠨ ᠲᠠᠯ᠎ᠠ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠪᠠᠶᠢᠷᠢᠯᠠᠭᠤᠯᠤᠨ | ᠪᠠᠶᠢᠭᠤᠯᠵᠤ᠂ ᠨᠢᠭᠡ ᠪᠦᠯᠦᠭ ᠪᠤᠬᠢᠷᠳᠤᠯ ᠦᠭᠡᠢ ᠴᠠᠬᠢᠯᠭᠠᠨ ᠨᠦᠬᠡᠴᠡᠯᠡᠬᠦ᠂ ᠤᠰᠤᠳᠦ᠋ᠷᠦᠭᠴᠢ ᠦᠢᠯᠡᠳᠬᠦ᠂ ᠰᠢᠪᠳᠤᠷ | ᠦᠢᠯᠡᠳᠬᠦ᠂ ᠠᠵᠤ ᠦᠢᠯᠡᠳᠪᠦᠷᠢ ᠶᠢᠨ ᠴᠠᠬᠢᠭᠤᠷ᠂ ᠴᠠᠬᠢᠯᠭᠠᠨ ᠵᠠᠳᠠᠯᠤᠯᠳᠠ ᠶᠢᠨ ᠵᠡᠰ ᠵᠡᠷᠭᠡ ᠲᠦᠷᠦᠯ ᠵᠦᠢᠯ ᠢ ᠦᠨᠳᠦᠷ | ᠪᠠᠷᠢᠮᠵᠢᠶ᠎ᠠ ᠪᠠᠷ ᠤᠷᠤᠭᠤᠯᠤᠨ᠂ ᠰᠢᠢᠳᠪᠦᠷᠢᠯᠡᠨ ᠰᠢᠩᠭᠡᠭᠡᠬᠦ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠮᠢᠩᠭ᠎ᠠ | ᠲᠦᠮᠡᠨ ᠺᠢᠯᠤᠸ᠋ᠯᠲ ᠤᠨ ᠲᠡᠰ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠢ ᠵᠡᠷᠬᠡᠪᠡᠷ ᠪᠠᠶᠢᠭᠤᠯᠤᠨ᠎ᠠ᠃ ᠰᠢᠨ᠎ᠡ ᠨᠢᠭᠡ | ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤᠮᠳᠠ ᠦᠷᠭᠦᠯᠵᠢᠯᠡᠨ ᠬᠦᠴᠦᠯᠡᠵᠦ᠂ ᠨᠢᠭᠡᠨᠲᠡ | ᠨᠡᠭᠦᠷᠡᠰᠦᠨ ᠤ ᠡᠬᠢ ᠪᠠᠶᠠᠯᠢᠭ ᠢ ᠬᠠᠶᠢᠨ ᠰᠦᠪᠡᠭᠴᠢᠯᠡᠬᠦ ᠳᠤ ᠲᠦᠰᠢᠭᠯᠡᠨ᠂ ᠬᠡᠳᠦ ᠴᠤᠪᠤᠷᠠᠯᠳᠠ ᠶᠢᠨ ᠴᠠᠬᠢᠯᠭᠠᠨ | ᠦᠢᠯᠡᠳᠪᠦᠷᠢ ᠶᠢ ᠬᠦᠨᠵᠡᠭᠡᠶᠢᠷᠡᠨ ᠰᠦᠪᠡᠭᠴᠢᠯᠡᠵᠤ᠂ ᠰᠢᠨ᠎ᠡ ᠡᠨᠧᠷᠬᠢ ᠶᠢᠨ ᠲᠤᠭᠳᠠᠭᠤᠨ ᠪᠤᠰᠤ ᠲᠤᠳᠠᠭᠳᠠᠯ ᠲᠠᠢ ᠲᠠᠯ᠎ᠠ ᠶᠢ | ᠨᠦᠬᠦᠪᠦᠷᠢᠯᠡᠨ᠎ᠡ᠃ ᠴᠢᠨᠠᠷ ᠰᠠᠶᠢᠲᠠᠶ ᠴᠠᠬᠢᠭᠤᠷ ᠴᠢᠯᠠᠭᠤᠨ ᠤ ᠡᠬᠢ ᠪᠠᠶᠠᠯᠢᠭ ᠢ ᠠᠰᠢᠭᠯᠠᠨ᠂ ᠬᠡᠷᠡᠯ ᠸᠤᠯᠲ ᠤᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠢᠯ ᠳᠤ 24 ᠲᠦᠮᠡᠨ ᠲᠣᠨ ᠠᠵᠤ | ᠦᠢᠯᠡᠳᠪᠦᠷᠢ ᠶᠢᠨ ᠴᠠᠬᠢᠭᠤᠷ᠂ 2GW ᠤᠨ ᠴᠠᠬᠢᠯᠭᠠᠨ ᠴᠡᠨᠡᠭ ᠤᠨ ᠲᠣᠨᠣᠭᠯᠠᠯ ᠤᠨ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠷᠡᠯ ᠸᠤᠯᠲ ᠤᠨ ᠣᠷᠴᠢᠯ ᠠᠵᠤ ᠠᠬᠤᠶ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢ ᠪᠤᠶᠢᠵᠢᠭᠤᠯᠤᠨ᠎ᠠ᠃ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ | 3 ᠲᠦᠮᠡᠨ ᠲᠣᠨ ᠤ ᠲᠦᠮᠦᠰᠦᠨ ᠰᠢᠷᠬᠢᠭ᠂ 1 ᠲᠦᠮᠡᠨ ᠲᠣᠨ ᠤ ᠪᠦᠷᠢᠨ ᠨᠤᠨᠲᠠᠭ ᠤᠨ ᠢᠵᠢ ᠪᠦᠷᠢᠯᠳᠦᠯ ᠵᠢᠴᠢ | 2000 ᠲᠣᠨ ᠤ ᠲᠥᠮᠥᠰᠥᠨ ᠤ ᠨᠤᠬᠤᠰᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠲᠥᠮᠥᠰᠥ | ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 65% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠠᠷᠢᠮᠵᠢᠶᠠᠲᠤ ᠬᠢᠮᠢ ᠶᠢᠨ | ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠬᠡᠷ ᠬᠤᠨᠢᠨ ᠮᠢᠬ᠎ᠠ᠂ ᠬᠤᠨᠢ | ᠢᠮᠠᠭᠠᠨ ᠤ ᠲᠠᠪᠤᠨ ᠴᠤᠯᠤ ᠶᠢᠨ ᠢᠳᠡᠭᠡᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠳᠥᠷᠪᠡᠳ ᠬᠤᠰᠢᠭᠤᠨ ᠤ | ᠦᠪᠡᠷᠮᠢᠴᠡ ᠣᠨᠴᠠᠯᠢᠭᠲᠤ ᠤᠷᠢᠳᠴᠢᠯᠠᠨ ᠦᠢᠯᠡᠳᠦᠭᠰᠡᠨ ᠨᠣᠭᠤᠭ᠎ᠠ ᠶᠢᠨ ᠨᠡᠷᠡᠲᠦ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠨᠥᠯᠥᠭᠡ ᠶᠢ ᠥᠷᠭᠡᠳᠭᠡᠨ᠎ᠡ᠃ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ᠂ ᠰᠣᠶᠣᠯ᠂ ᠠᠵᠤ ᠦᠢᠯᠡᠳᠪᠦᠷᠢ᠂ ᠵᠢᠭᠤᠯᠴᠢᠯᠠᠯ ᠤᠨ ᠠᠭᠤᠰᠤᠯᠴᠠᠯ ᠢ | ᠭᠦᠨᠵᠡᠭᠡᠶᠢᠷᠡᠭᠦᠯᠦᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ | ᠲᠦᠭᠡᠮᠡᠯᠵᠢᠭᠦᠯᠦᠯ ᠨᠢᠭᠤᠴᠠ ᠶᠢ ᠬᠠᠶᠢᠬᠤ᠂ ᠬᠢᠯᠢ ᠬᠢᠵᠠᠭᠠᠷ ᠢ ᠲᠤᠭᠤᠯᠬᠤ᠂ ᠮᠥᠰᠥ ᠴᠠᠰᠤ ᠶᠢ ᠪᠡᠶᠡᠴᠢᠯᠡᠨ ᠣᠶᠢᠯᠠᠭᠠᠬᠤ | ᠵᠡᠷᠭᠡ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠲᠠᠯ᠎ᠠ ᠨᠤᠲᠤᠭ ᠤᠨ ᠰᠣᠶᠣᠯ ᠢ | ᠢᠯᠡᠷᠡᠭᠦᠯᠦᠭᠰᠡᠨ᠂ ᠤᠮᠠᠷᠠᠲᠤ ᠬᠢᠯᠢ ᠶᠢᠨ ᠥᠪᠡᠷᠮᠢᠴᠡ ᠣᠨᠴᠠᠯᠢᠭ ᠲᠠᠢ ᠵᠢᠭᠤᠯᠴᠢᠯᠠᠨ ᠲᠣᠭᠤᠷᠢᠬᠤ᠂ ᠰᠡᠯᠡᠭᠦᠴᠡᠨ ᠠᠮᠠᠷᠠᠬᠤ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠡᠭᠡᠨᠲᠠᠯ᠎ᠠ ᠦᠵᠡᠮᠵᠢ ᠶᠢᠨ ᠣᠷᠣᠨ ᠤ ᠰᠠᠭᠤᠷᠢ | ᠲᠦᠬᠦᠬᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠡᠶᠡᠴᠢᠯᠡᠨ ᠣᠶᠢᠯᠠᠭᠠᠬᠤ ᠴᠢᠨᠠᠷᠲᠠᠶ ᠪᠠ ᠬᠠᠷᠢᠯᠴᠠᠨ ᠦᠢᠯᠡᠳᠦᠯᠴᠡᠬᠦ ᠴᠢᠨᠠᠷ ᠢᠶᠠᠷ | ᠴᠢᠩᠭ᠎ᠠ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠵᠤᠭᠠᠴᠠᠭᠰᠠᠳ ᠢ ᠲᠠᠲᠠᠬᠤ ᠬᠦᠴᠦᠨ ᠢ | ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠤ ᠲᠠᠰ ᠳᠡᠪᠰᠢᠬᠦ ᠶᠢ ᠠᠬᠢᠭᠤᠯᠤᠨ᠎ᠠ᠃ ᠨᠤᠮᠤᠭᠠᠨ ᠠᠭᠤᠯᠠ ᠶᠢᠨ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠦᠯᠲᠡ᠂ ᠨᠤᠮᠤᠭᠠᠨ ᠲᠡᠮᠡᠭᠡᠨ ᠤ ᠵᠢᠵᠢᠭ ᠪᠠᠯᠭᠠᠰᠤᠨ ᠤ ᠲᠥᠷᠥᠯ ᠵᠦᠢᠯ ᠢ | ᠪᠡᠶᠡᠯᠡᠭᠦᠯᠵᠦ᠂ ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ ᠪᠥᠬᠦ ᠲᠠᠯ᠎ᠠ ᠪᠠᠷ ᠪᠠᠶᠢᠭᠤᠯᠤᠨ᠎ᠠ᠃ ᠬᠥᠳᠡᠭᠡ ᠲᠣᠰᠬᠤᠨ ᠤ | ᠵᠤᠭᠠᠴᠠᠯ ᠢ ᠶᠡᠬᠡᠪᠡᠷ ᠬᠥᠭᠵᠢᠭᠦᠯᠵᠦ᠂ ᠲᠡᠬᠡᠳᠦ ᠲᠡᠰ ᠤᠨ ᠲᠠᠷᠢᠶᠠᠴᠢᠨ ᠠᠶᠢᠯ ᠤᠨ ᠵᠤᠭᠠᠴᠠᠯ᠂ ᠮᠠᠯᠴᠢᠨ ᠠᠶᠢᠯ ᠤᠨ | ᠵᠤᠭᠠᠴᠠᠯ ᠪᠣᠯᠤᠨ ᠠᠷᠠᠳ ᠤᠨ ᠣᠷᠣᠨ ᠰᠠᠭᠤᠴᠠ ᠶᠢ ᠰᠢᠨᠡᠳᠬᠡᠨ ᠪᠠᠶᠢᠭᠤᠯᠵᠤ᠂ ᠲᠣᠭᠤᠷᠢᠨ ᠦᠵᠡᠬᠦ᠂ ᠲᠠᠷᠢᠶᠠᠯᠠᠩ ᠤᠨ | ᠶᠠᠪᠤᠳᠠᠯ ᠢ ᠪᠡᠶᠡᠴᠢᠯᠡᠬᠦ᠂ ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ ᠲᠦᠷᠦᠯ ᠵᠦᠢᠯ ᠢ ᠢᠳᠡᠪᠬᠢᠳᠠᠢ ᠠᠬᠢᠭᠤᠯᠤᠨ᠂ | ᠠᠷᠠᠳ ᠤᠯᠠᠨ ᠳᠤ ᠵᠢᠭᠤᠯᠴᠢᠯᠠᠯ ᠤᠨ ᠲᠦᠬᠦᠮ ᠢ ᠡᠳ᠋ᠯᠡᠬᠦᠯᠦᠨ᠂ ᠵᠢᠭᠤᠯᠴᠢᠯᠠᠯ ᠤᠨ ᠤᠷᠤᠯᠭ᠎ᠠ ᠶᠢ ᠨᠡᠮᠡᠭᠳᠡᠬᠦᠯᠦᠨ᠎ᠡ᠃ | ᠨᠠᠭᠠᠳᠤᠮ ᠤᠨ ᠬᠤᠷᠠᠯ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠪᠠᠶᠠᠷ ᠵᠡᠷᠭᠡ ᠵᠣᠬᠢᠬᠤ ᠨᠥᠯᠥᠭᠡᠯᠡᠬᠦ | ᠬᠦᠴᠦᠨ ᠲᠠᠢ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠩ | ᠣᠯᠠᠨ ᠴᠢᠬᠤᠯᠠ ᠬᠤᠷᠠᠯ᠂ ᠤᠷᠤᠯᠳᠤᠭᠠᠨ ᠤ ᠶᠠᠪᠤᠳᠠᠯ ᠪᠠ ᠨᠦᠯᠦᠭᠡ ᠶᠡᠭᠡ ᠬᠦᠳᠡᠯᠭᠡᠭᠡᠨ ᠢ ᠳᠠᠭᠠᠭᠠᠨ ᠡᠷᠭᠢᠯᠡᠬᠦ ᠡᠷᠬᠡ ᠶᠢ | ᠴᠢᠷᠮᠠᠶᠢᠨ ᠣᠯᠵᠤ᠂ ᠦᠢᠯᠡᠴᠢᠯᠡᠭᠡᠨ ᠤ ᠲᠠᠰ ᠳᠡᠪᠰᠢᠬᠦ᠂ ᠵᠠᠮ ᠱᠤᠭᠤᠮ ᠢ ᠰᠢᠯᠢᠳᠡᠭᠵᠢᠭᠦᠯᠬᠦ ᠪᠠ ᠵᠠᠬ᠎ᠠ ᠳᠡᠯᠭᠡᠭᠦᠷ ᠤᠨ | ᠡᠵᠡᠩᠨᠡᠨ ᠪᠣᠷᠣᠯᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠥᠯᠵᠡᠶᠢᠲᠦ ᠲᠠᠯ᠎ᠠ ᠨᠤᠲᠤᠭ · | ᠬᠤᠪᠢᠯᠭᠠᠨ ᠣᠩᠭᠤᠴᠠ ᠶᠢᠨ ᠬᠡᠷ ᠣᠷᠣᠨ︾ ᠤ ᠠᠯᠳᠠᠷᠰᠢᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ | ᠥᠷᠭᠡᠳᠬᠡᠨ᠂ 2024 ᠣᠨ ᠳᠤ ᠵᠢᠭᠤᠯᠴᠢᠯᠠᠯ ᠤᠨ ᠬᠥᠮᠦᠨ ᠤ ᠲᠤᠭ᠎ᠠ ᠶᠢ 15% ᠠᠴᠠ ᠳᠡᠭᠡᠭᠰᠢ ᠨᠡᠮᠡᠭᠳᠡᠭᠦᠯᠵᠦ᠂ | ᠵᠢᠭᠤᠯᠴᠢᠯᠠᠯ ᠤᠨ ᠣᠷᠣᠯᠭ᠎ᠠ ᠶᠢ 35% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠵᠠᠭᠤᠨ ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠴᠢᠷᠮᠠᠶᠢᠨ ᠪᠠᠶᠠᠯᠡᠬᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠪᠡᠷᠲᠡᠭᠡᠨ ᠵᠠᠰᠠᠬᠤ ᠣᠷᠣᠨ ᠤ ︽ | ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠠᠵᠠ ᠲᠣᠬᠢᠶᠠᠯ | ᠪᠣᠯᠭᠠᠵᠤ᠂ ᠭᠠᠳᠠᠭᠰᠢ ᠨᠡᠭᠡᠭᠡᠯᠲᠡ ᠬᠢᠬᠦ ᠴᠢᠳᠠᠮᠵᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠦᠸᠧ | ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠤᠯᠤᠰ | ᠪᠠ ᠡᠯ᠎ᠡ ᠮᠤᠵᠢ ᠶᠢᠨ ᠭᠤᠤᠯ ᠵᠠᠮ ᠱᠤᠭᠤᠮ ᠤᠨ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠢᠶᠠᠨ | ᠬᠤᠲᠠ ᠶᠢ ᠪᠠᠶᠢᠭᠤᠯᠵᠤ᠂ ᠳᠥᠷᠪᠡᠳ ᠬᠤᠰᠢᠭᠤ ᠶᠢ ᠰᠢᠨᠵᠢᠶᠠᠩ∣ᠬᠠᠷᠠᠮᠥ᠋ᠷᠡᠨ ᠢ ᠬᠤᠯᠪᠤᠯᠳᠠᠭᠤᠯᠬᠤ ᠠᠷᠠᠯᠵᠢᠶ᠎ᠠ | ᠭᠦᠢᠯᠭᠡᠭᠡᠨ ᠤ ᠲᠦᠪᠯᠡᠷᠡᠭᠦᠯᠵᠤ ᠲᠠᠷᠬᠠᠭᠠᠬᠤ ᠲᠦᠪ ᠪᠤᠯᠭᠠᠨ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠱᠧᠨ ᠵᠧᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠤᠨ᠂ ᠥᠨᠳᠥᠷ ᠪᠦᠲᠦᠮᠵᠢᠲᠡᠶ᠂ ᠥᠪᠡᠷ ᠤᠨ | ᠥᠷᠲᠡᠭ ᠢᠶᠠᠷ ᠳᠣᠤᠷ᠎ᠠ ᠡᠷᠬᠢᠯᠳᠡᠳᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠤᠷ ᠰᠦᠯᠵᠢᠶ᠎ᠡ ᠶᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢᠯᠡᠬᠦ ᠬᠥᠳᠡᠯᠭᠡᠬᠦ | ᠬᠦᠴᠦᠨ ᠵᠢᠴᠢ ᠠᠵᠤ ᠦᠢᠯᠡᠰ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠬᠡᠷᠡᠭᠯᠡᠭᠡ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ | ᠢᠳᠡᠪᠬᠢᠲᠡᠶ ᠬᠥᠲᠥᠯᠥᠨ ᠵᠢᠯᠣᠭᠤᠳᠴᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠦᠷᠨᠢᠭᠦᠯᠦᠨ᠂ ᠪᠠᠯᠭᠠᠰᠤᠨ ᠤ | ᠳᠣᠲᠣᠷᠠᠬᠢ ᠡᠯ᠎ᠡ ᠶᠡᠭᠡ ᠲᠠᠯᠠᠪᠠᠶ᠂ ᠠᠮᠲᠠᠲᠤ ᠢᠳᠡᠭᠡᠨ ᠤ ᠵᠡᠭᠡᠯᠢ᠂ ᠬᠤᠨᠢᠨ ᠤ ᠲᠠᠪᠤᠨ ᠴᠤᠯᠤ ᠶᠢᠨ ᠵᠡᠭᠡᠯᠢ᠂ ᠱᠢ ᠵᠢᠩ᠂ | ᠤᠯᠤᠰ ᠤᠨ ᠠᠷᠠᠯᠵᠢᠶ᠎ᠠ᠂ ᠧᠦ ᠢ ᠭᠧᠦ ᠵᠡᠷᠭᠡ ᠬᠤᠳᠠᠯᠳᠤᠭᠠᠨ ᠤ ᠲᠣᠭᠤᠷᠢᠭ ᠲᠤ ᠲᠦᠰᠢᠭᠯᠡᠨ᠂ ᠨᠢᠭᠡ ᠪᠦᠯᠦᠭ ︽ | ᠰᠥᠨᠢ ᠶᠢᠨ ᠠᠵᠤ ᠠᠬᠤᠶ︾ ᠶᠢᠨ ᠭᠠᠵᠠᠷ ᠣᠷᠣᠨ ᠤ ᠲᠡᠮᠳᠡᠭ ᠲᠠᠢ ᠭᠠᠵᠠᠷ ᠢ ᠪᠠᠶᠢᠭᠤᠯᠵᠤ᠂ ᠬᠤᠲᠠ ᠪᠠᠯᠭᠠᠰᠤᠨ ᠤ | ᠠᠷᠠᠯᠵᠢᠶᠠᠨ ᠤ ᠪᠠᠶᠢᠳᠠᠯ ᠢ ᠬᠦᠭᠵᠢᠭᠡᠨ᠎ᠡ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠵᠠᠭᠠᠶᠢᠷᠠᠭᠤᠯᠵᠤ᠂ ᠰᠢᠭᠤᠳ | ᠨᠡᠪᠲᠡᠷᠡᠭᠦᠯᠬᠦ ᠡᠯᠧᠺᠲᠷᠤᠨ ᠬᠤᠳᠠᠯᠳᠤᠭ᠎ᠠ᠂ ᠰᠦᠯᠵᠢᠶᠡᠨ ᠴᠤᠤᠳᠠᠨ ᠤ ᠠᠵᠤ ᠠᠬᠤᠢ ᠶᠢ ᠬᠦᠴᠦᠯᠡᠨ ᠬᠥᠭᠵᠢᠭᠦᠯᠵᠦ᠂ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠶᠢᠨ ᠰᠦᠪᠡᠭᠴᠢᠯᠡᠨ᠎ᠡ᠃ ᠬᠥᠳᠡᠭᠡ | ᠲᠣᠰᠬᠤᠨ ᠤ ᠡᠯᠧᠺᠲᠷᠤᠨ ᠬᠤᠳᠠᠯᠳᠤᠭᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ | ᠪᠦᠲᠦᠭᠡᠭᠳᠡᠬᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ᠂ ᠡᠯᠧᠺᠲᠷᠤᠨ | ᠬᠤᠳᠠᠯᠳᠤᠭᠠᠨ ᠤ ᠲᠦᠷᠭᠡᠨ ᠬᠦᠷᠭᠡᠯᠲᠡ ᠶᠢ ᠬᠠᠮᠵᠢᠯᠴᠠᠭᠤᠯᠤᠨ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠬᠤᠲᠠ | ᠬᠥᠳᠡᠭᠡ ᠶᠢᠨ ᠦᠢᠯᠡᠳᠪᠦᠷᠢᠯᠡᠯ ᠪᠠ ᠬᠡᠷᠡᠭᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ 5 ᠡᠯᠧᠺᠲᠷᠤᠨ | ᠬᠤᠳᠠᠯᠳᠤᠭᠠᠨ ᠤ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ 10 ᠵᠢᠱᠢᠶ᠎ᠡ ᠦᠵᠡᠭᠦᠯᠬᠦ ᠲᠣᠰᠬᠤᠨ᠂ 100 ᠵᠢᠱᠢᠶ᠎ᠡ | ᠦᠵᠡᠭᠦᠯᠬᠦ ᠡᠷᠦᠬᠡ ᠶᠢ ᠪᠣᠶ ᠪᠣᠯᠭᠠᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠲᠡᠭᠡᠷ᠎ᠡ ᠵᠢᠵᠢᠭᠯᠡᠨ | ᠬᠤᠳᠠᠯᠳᠤᠬᠤ ᠬᠡᠮᠵᠢᠶ᠎ᠡ ᠶᠢ 1 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠡᠯᠧᠺᠲᠷᠤᠨ | ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 10 ᠳ᠋ᠦᠩᠰᠢᠭᠤᠷ ᠲᠥᠭᠦᠷᠢᠭ ᠲᠠᠪᠠᠭᠤᠯᠤᠨ᠂ ᠪᠦᠬᠦ ᠬᠤᠰᠢᠭᠤ ᠪᠠᠷ ᠢᠶᠠᠨ | ᠢᠳᠡᠪᠬᠢᠳᠠᠢ ᠬᠦᠳᠡᠯᠦᠯᠴᠡᠵᠦ᠂ ᠵᠠᠬ᠎ᠠ ᠳᠡᠯᠭᠡᠭᠦᠷ ᠢ ᠠᠮᠢᠳᠤᠯᠢᠭ ᠪᠤᠯᠭᠠᠨ᠂ ᠬᠡᠷᠡᠭᠯᠡᠭᠡ ᠶᠢ ᠬᠥᠭᠵᠢᠶᠡᠨᠲᠡᠶ ᠪᠤᠯᠭᠠᠨ᠎ᠠ᠃ | ︵ᠭᠤᠷᠪᠠ︶ ᠤᠷᠲᠤ ᠬᠤᠭᠤᠴᠠᠭ᠎ᠠ ᠪᠠᠷ ᠪᠦᠲᠦᠮᠵᠢᠲᠡᠢ ᠰᠡᠷᠭᠡᠶᠢᠯᠡᠨ ᠵᠠᠰᠠᠬᠤ ᠶᠢ ᠪᠠᠶᠢᠩᠭᠤᠵᠢᠭᠤᠯᠵᠤ᠂ ᠴᠢᠳᠠᠮᠵᠢ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠤᠯᠭᠠᠨ | ᠬᠤᠪᠢᠷᠠᠭᠤᠯᠬᠤ ᠪᠠᠷ ᠴᠢᠷᠮᠠᠶᠢᠨ᠎ᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠨᠤᠯᠬᠤᠨ ᠢ ᠪᠠᠷᠢᠮᠲᠠᠯᠠᠨ | ᠂ ᠨᠡᠭᠦᠷᠡᠰᠦᠲᠥ᠋ᠷᠥᠭᠴᠢ ᠶᠢ ᠪᠠᠭᠠᠰᠬᠠᠵᠤ᠂ ᠪᠣᠬᠢᠷᠲᠤᠯ ᠢ ᠲᠤᠷᠤᠭᠰᠢᠯᠠᠭᠤᠯᠤᠨ᠂ ᠨᠣᠭᠤᠭᠠᠷᠠᠭᠤᠯᠤᠯᠲᠠ ᠶᠢ ᠦᠷᠭᠡᠳᠭᠡᠵᠤ᠂ | ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ | ᠶᠠᠰᠤ ᠴᠢᠨᠠᠷ ᠤᠨ ᠬᠤᠷᠢᠭ᠎ᠠ ᠱᠤᠭᠤᠮ ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠡᠷᠡᠰ ᠰᠠᠬᠢᠵᠤ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ᠂ ᠦᠪᠡᠷᠳᠡᠭᠡᠨ ᠵᠰᠠᠬᠤ ᠤᠷᠤᠨ ᠤ ᠤᠷᠴᠢᠨ ᠠᠬᠤᠢ | ᠶᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠠᠵᠢᠯ ᠢ ᠰᠠᠶᠢᠳᠤᠷ ᠬᠢᠨ᠎ᠡ᠃ ᠭᠤᠤᠯ ᠮᠦᠷᠡᠨ ᠨᠠᠭᠤᠷ ᠤᠨ ᠠᠮᠢ ᠠᠬᠤᠢ ᠶᠢᠨ | ᠤᠷᠴᠢᠨ ᠤ ᠶᠡᠷᠦᠩᠭᠡᠢ ᠵᠠᠰᠠᠯᠳᠠ ᠶᠢ ᠢᠳᠡᠪᠬᠢᠳᠠᠢ ᠵᠠᠰᠠᠵᠤ᠂ ᠲᠠᠪᠤᠨ ᠬᠠᠨ ᠭᠤᠤᠯ ᠤᠨ ᠤᠷᠤᠰᠬᠠᠯ ᠤᠨ ᠵᠠᠰᠠᠯᠳᠠ ᠶᠢᠨ | ᠲᠦᠷᠦᠯ ᠵᠦᠢᠯ ᠢ ᠪᠠᠶᠢᠭᠤᠯᠤᠨ᠎ᠠ᠃ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠢ | ᠬᠤᠷᠢᠵᠤ ᠰᠡᠷᠭᠦᠭᠡᠬᠦ ᠲᠦᠷᠢᠮ᠂ ᠪᠡᠯᠴᠢᠭᠡᠷ ᠤᠨ ᠲᠠᠭᠠᠭᠠᠯᠳᠠ ᠶᠢᠨ ᠬᠡᠮᠵᠢᠶ᠎ᠡ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠦᠨ᠎ᠡ | ᠃ ︽ᠭᠤᠷᠪᠠᠨ ᠤᠮᠠᠷᠠᠳᠤ︾ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠨ᠂ ᠬᠠᠳᠤᠨ ᠭᠤᠤᠯ ᠤᠨ ︽几 ᠦᠰᠦᠭᠳᠦ︾ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠳᠤᠷ ᠴᠤᠬᠢᠵᠤ᠂ ᠪᠠᠶᠢᠭᠠᠯᠢᠯᠢᠭ ᠤᠢ ᠪᠠ ᠬᠦᠮᠦᠨ ᠤ | ᠬᠦᠴᠦ ᠪᠠᠷ ᠤᠶᠢᠵᠢᠭᠤᠯᠤᠭᠰᠠᠨ ᠤᠢ ᠶᠢ 8.9 ᠲᠦᠮᠡᠨ ᠮᠦ ᠨᠡᠮᠡᠭᠳᠡᠭᠦᠯᠦᠨ᠂ ᠲᠠᠯ᠎ᠠ ᠨᠤᠳᠤᠭ ᠤᠨ ᠠᠮᠢ ᠠᠬᠤᠢ ᠶᠢᠨ | ᠰᠡᠷᠭᠦᠭᠡᠯᠳᠡ ᠶᠢᠨ ᠡᠭᠦᠷᠭᠡ ᠶᠢ 12 ᠲᠦᠮᠡᠨ ᠮᠦ ᠶᠠᠪᠤᠭᠳᠠᠭᠤᠯᠵᠤ᠂ ᠬᠠᠷᠭᠠᠨ᠎ᠠ ᠶᠢᠨ ᠡᠪᠡᠰᠦᠨ ᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠠᠶᠢᠭᠤᠯᠤᠨ᠎ᠠ᠃ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠪᠠ ᠬᠡᠷᠡᠯ ᠴᠠᠬᠢᠯᠭᠠᠨ ᠢ ᠨᠢᠭᠡ | ᠴᠤᠭᠴᠠᠵᠢᠭᠤᠯᠬᠤ ᠲᠦᠷᠦᠯ ᠵᠦᠢᠯ ᠢ ᠢᠳᠡᠪᠬᠢᠳᠠᠢ ᠠᠬᠢᠭᠤᠯᠵᠦ᠂ ᠡᠯᠡᠰᠦᠷᠬᠡᠭᠵᠢᠯ ᠬᠦᠨᠳᠦ ᠨᠤᠴᠢᠳᠠᠢ ᠭᠠᠵᠠᠷ ᠲᠤ ᠬᠡᠷᠡᠯ | ᠴᠠᠬᠢᠯᠭᠠᠨ ᠤ ᠲᠦᠷᠦᠯ ᠵᠤᠶᠢᠯ ᠢ ᠢᠳᠠᠪᠬᠢᠳᠠᠢ ᠰᠦᠪᠡᠭᠴᠢᠯᠡᠨ ᠡᠷᠢᠯᠬᠢᠯᠠᠵᠦ᠂ ᠠᠮᠢ ᠠᠬᠤᠢ ᠶᠢ ᠬᠤᠪᠢᠷᠠᠭᠤᠯᠬᠤ ᠵᠠᠮ ᠢ ᠪᠦᠬᠦ | ᠲᠠᠯ᠎ᠠ ᠪᠠᠷ ᠦᠷᠭᠡᠳᠬᠡᠵᠤ᠂ ᠤᠯᠤᠰ ᠤᠨ ᠲᠡᠰ ᠤᠨ ︽ ᠬᠤᠶᠠᠷ ᠠᠭᠤᠯᠠ︾ ᠦᠢᠯᠡᠳᠦᠯᠭᠡᠵᠢᠭᠦᠯᠦᠨ ᠰᠢᠨᠡᠳᠬᠡᠬᠦ ᠰᠢᠨ᠎ᠡ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠦ᠂ ᠠᠮᠢ ᠠᠬᠤᠢ ᠶᠢᠨ ᠰᠠᠭᠤᠷᠢ ᠶᠢ ᠪᠠᠬᠢᠵᠢᠬᠦᠯᠦᠨ᠂ ᠦᠵᠡᠰᠬᠦᠯᠡᠩᠳᠦ ᠰᠠᠶᠢᠬᠠᠨ | ᠬᠠᠭᠤᠳᠠᠰᠦ ᠶᠢ ᠵᠢᠷᠤᠭᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠨᠡᠭᠦᠷᠡᠰᠦ ᠶᠢ ᠪᠠᠭᠠᠰᠬᠠᠬᠤ᠂ ᠲᠣᠭᠤᠰᠣ ᠶᠢ | ᠲᠠᠷᠤᠬᠤ᠂ ᠡᠬᠢ ᠰᠤᠷᠪᠤᠯᠵᠢ ᠶᠢ ᠡᠵᠡᠮᠳᠡᠬᠦ᠂ ᠲᠡᠷᠭᠡ ᠬᠠᠮᠢᠶᠠᠷᠬᠤ᠂ ᠰᠢᠲᠠᠭᠠᠬᠤ ᠶᠢ ᠴᠠᠭᠠᠵᠠᠯᠠᠬᠤ︾ ᠪᠠᠷ ᠭᠤᠤᠯ | ᠪᠣᠯᠭᠠᠭᠰᠠᠨ ᠨᠠᠷᠢᠯᠢᠭ ᠬᠠᠮᠢᠶᠠᠷᠤᠯᠳᠠ ᠶᠢ ᠦᠷᠭᠦᠯᠵᠢᠯᠡᠨ ᠥᠷᠨᠢᠭᠦᠯᠵᠦ᠂ ᠠᠭᠠᠷ ᠤᠨ ᠴᠢᠨᠠᠷ ᠴᠢᠨᠰᠠᠭ᠎ᠠ ᠶᠢ ᠪᠥᠬᠦ | ᠬᠤᠲᠠ ᠶᠢᠨ ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ︽ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ︽ᠳᠥᠷᠪᠡᠨ ᠡᠮᠬᠢ ᠲᠢᠭᠯᠢᠮ ᠦᠭᠡᠢ︾ ᠶᠢ ᠰᠢᠢᠳᠪᠦᠷᠢᠯᠡᠬᠦ | ᠠᠵᠢᠯᠯᠠᠭ᠎ᠠ ᠶᠢ ᠪᠠᠶᠢᠩᠭᠤᠵᠢᠭᠤᠯᠤᠨ ᠶᠠᠪᠤᠭᠳᠠᠭᠤᠯᠤᠨ᠎ᠠ᠃ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠣᠣ | ᠪᠦᠷᠬᠦᠪᠴᠢ ᠶᠢ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ | ᠨᠣᠪᠰᠢ᠂ ᠲᠠᠷᠢᠶᠠᠯᠠᠩ ᠬᠥᠳᠡᠭᠡ ᠲᠣᠰᠬᠤᠨ ᠤ ᠬᠠᠶᠠᠭᠳᠠᠮᠠᠯ ᠪᠣᠳᠠᠰ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ | ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠪᠠ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠠᠭᠤᠷᠬᠠᠢ ᠶᠢᠨ | ᠵᠠᠰᠠᠯᠳᠠ ᠪᠠ ᠠᠮᠢ ᠠᠬᠤᠢ ᠶᠢᠨ ᠰᠡᠷᠬᠦᠬᠡᠯᠳᠠ ᠶᠢ ᠰᠠᠶᠢᠲᠤᠷ ᠬᠢᠨ᠎ᠡ᠃ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ | ᠭᠠᠳᠠᠭᠰᠢᠯᠠᠭᠤᠯᠬᠤ᠂ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ ᠠᠭᠤᠷᠬᠠᠶ ᠮᠠᠯᠲᠠᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ︽ᠬᠥᠬᠡ ᠣᠭᠲᠠᠷᠭᠤᠶ ᠳᠤ ᠣᠳᠣᠨ | ᠮᠡᠴᠢᠳ ᠭᠢᠯᠠᠯᠵᠠᠬᠤ︾ ᠪᠠᠶᠢᠳᠠᠯ ᠢ ᠪᠠᠶᠢᠩᠭᠤ ᠢᠯᠡᠷᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠠᠷ ᠠᠶᠠᠨ ᠤ | ᠰᠢᠪᠠᠭᠤᠳ ᠨᠡᠬᠦᠳᠡᠯᠯᠡᠬᠦ︾ ᠪᠠᠶᠢᠳᠠᠯ ᠢ ᠦᠷᠭᠦᠯᠵᠢ ᠬᠠᠷᠠᠬᠤ ᠪᠤᠯᠤᠨ᠎ᠠ᠃ | ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠶᠢᠨ ᠴᠢᠳᠠᠮᠵᠢ ᠶᠢᠨ ᠣᠷᠣᠨ ᠤ ᠲᠦᠷᠦ ᠶᠢᠨ | ᠪᠤᠳᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠦᠷᠳᠡᠭ ᠢ | ᠢᠯᠡᠷᠡᠭᠦᠯᠦᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠬᠦᠯᠵᠤ᠂ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠶᠢ ᠰᠦᠪᠡᠭᠴᠢᠯᠡᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ | ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠬᠦ ᠡᠷᠴᠢᠮ ᠢ ᠨᠡᠮᠡᠭᠳᠡᠭᠦᠯᠦᠨ᠂ ᠠᠷᠢᠭᠤᠨ ᠴᠡᠪᠡᠷ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ | ᠤᠯᠠᠭᠠᠨᠬᠤᠸᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠣᠷᠣᠨ ᠪᠦᠰᠡ ᠶᠢᠨ ᠡᠷᠭᠢᠯᠳᠦᠭᠦᠯᠦᠨ ᠠᠰᠢᠭᠯᠠᠬᠤ | ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠡᠪᠡᠷᠰᠢᠭᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠤᠰᠤ ᠠᠷᠪᠢᠯᠠᠵᠤ ᠬᠡᠷᠡᠭᠯᠡᠬᠦ ᠶᠢ ᠠᠬᠢᠭᠤᠯᠤᠨ᠎ᠠ᠃ | ᠪᠣᠬᠢᠷᠲᠤᠯ ᠥᠬᠡᠶ ᠶᠠᠪᠤᠵᠤ ᠰᠠᠭᠤᠬᠤ ᠶᠢ ᠰᠤᠷᠲᠠᠯᠴᠢᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠲᠥᠪᠯᠡᠷᠡᠩᠭᠦᠶ ᠮᠠᠶ᠋ᠢᠭ ᠤᠨ ᠨᠡᠶᠢᠲᠡ ᠶᠢᠨ | ᠬᠡᠷᠡᠭᠯᠡᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠣᠬᠢᠷᠲᠤᠯ ᠥᠬᠡᠶ | ᠶᠠᠪᠤᠵᠤ ᠰᠠᠭᠤᠬᠤ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠠᠷᠠᠳ ᠢᠷᠭᠡᠳ ᠤᠨ ᠣᠷᠴᠢᠨ ᠲᠣᠭᠤᠷᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠷᠪᠢᠲᠠᠶ᠂ | ᠪᠣᠬᠢᠷᠲᠤᠯ ᠥᠬᠡᠶ᠂ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠠᠬᠢᠭᠤᠯᠵᠤ᠂ ᠨᠡᠶᠢᠭᠡᠮ ᠤᠨ | ᠰᠠᠶᠢᠨ ᠰᠠᠶᠢᠬᠠᠨ ᠬᠡᠪ ᠰᠤᠷᠲᠠᠯ ᠢ ᠬᠠᠮᠲᠤ ᠪᠠᠷ ᠪᠣᠶ ᠪᠣᠯᠭᠠᠨ᠎ᠠ᠃ | ︵ᠲᠦᠷᠪᠡ︶ ᠰᠠᠭᠤᠷᠢ ᠶᠢ ᠪᠠᠲᠤᠳᠬᠠᠬᠤ ᠶᠢ ᠴᠦᠬᠦᠷᠡᠰᠢ ᠦᠭᠡᠢ ᠪᠠᠷᠢᠮᠲᠠᠯᠠᠨ᠂ ᠶᠠᠰᠤ ᠴᠢᠨᠠᠷ ᠢ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠪᠠᠷ ᠴᠢᠷᠮᠠᠶᠢᠨ᠎ᠠ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ | ᠴᠢᠬᠤᠯᠠᠴᠢᠯᠠᠬᠤ᠂ ᠭᠠᠳᠠᠨ᠎ᠠ ᠲᠤᠳᠤᠨᠠᠬᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠤᠳᠠ ᠶᠢᠨ | ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠠᠳᠬᠤᠵᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠳᠠ ᠬᠥᠳᠡᠭᠡ ᠶᠢ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠵᠦ᠂ ᠵᠣᠯ ᠵᠢᠷᠭᠠᠯᠲᠤ ᠭᠡᠷ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ | ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠠᠰᠤᠷᠠᠯᠲᠠ ᠦᠭᠡᠢ ᠲᠦᠷᠬᠡᠳᠬᠡᠨ᠂ 4.1 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠤᠯᠠᠭᠠᠨᠬᠤᠸᠠ ᠪᠠᠯᠭᠠᠰᠤᠨ ᠤ ᠶᠢᠨ ᠱᠢ ᠭᠤᠳᠤᠮᠵᠢ ᠶᠢᠨ ᠬᠡᠰᠡᠭ ᠲᠣᠭᠤᠷᠢᠭ ᠵᠡᠷᠭᠡ 9 ᠬᠤᠳᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ 140 ᠭᠠᠷᠤᠢ ᠺᠢᠯᠦᠮᠧᠲᠷ ᠤᠨ ᠪᠣᠷᠣᠭᠠᠨ ᠤ ᠤᠰᠤᠨ ᠤ ᠬᠤᠭᠤᠯᠠᠢ ᠰᠤᠪᠠᠭ ᠢ | ᠰᠢᠨ᠎ᠡ ᠪᠠᠷ ᠪᠠᠶᠢᠭᠤᠯᠤᠨ ᠵᠠᠰᠠᠨ᠎ᠠ᠃ ᠤᠰᠤᠨ ᠰᠤᠷᠪᠤᠯᠵᠢ ᠶᠢ ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤ | ᠬᠠᠩᠭᠠᠨ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠭᠠᠨᠬᠤᠸᠠ ᠪᠠᠯᠭᠠᠰᠤᠨ ᠤ ᠤᠰᠤ ᠬᠠᠩᠭᠠᠬᠤ | ᠬᠤᠭᠤᠯᠠᠶ ᠶᠢᠨ ᠲᠣᠤᠷ ᠢ ᠵᠠᠰᠠᠨ ᠦᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠰᠠᠭᠤᠭᠠᠯᠢ | ᠠᠷᠠᠳ ᠤᠨ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ | ᠃ ᠬᠤᠲᠠ ᠪᠠᠯᠭᠠᠰᠤᠨ ᠤ ᠣᠷᠴᠢᠨ ᠲᠣᠭᠤᠷᠢᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠤᠭ ᠨᠣᠪᠰᠢ ᠶᠢ ᠵᠠᠳᠠᠷᠠᠭᠤᠯᠤᠨ ᠬᠡᠶᠢᠵᠢᠭᠦᠯᠬᠦ ᠦᠢᠯᠡᠳᠪᠦᠷᠢ ᠪᠣᠯᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ︽ | ᠲᠤᠯᠠᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠤᠯᠤᠰ ᠤᠨ ᠬᠤᠲᠠ ᠶᠢᠨ ᠬᠤᠭᠤᠯᠠᠶ ᠶᠢᠨ ᠲᠣᠤᠷ ᠢ | ᠥᠭᠡᠷᠡᠴᠢᠯᠡᠬᠦ ᠲᠣᠬᠢᠶᠠᠯ ᠢ ᠡᠵᠡᠮᠳᠡᠨ᠂ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ | ᠢᠳᠡᠪᠬᠢᠲᠡᠶ ᠪᠠᠷ ᠲᠡᠮᠡᠴᠡᠨ ᠣᠯᠵᠤ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ᠂ ᠨᠥᠬᠦᠪᠥᠷᠢ | ᠥᠭᠬᠦ᠂ ᠪᠤᠴᠠᠭᠠᠨ ᠭᠠᠷᠭᠠᠬᠤ ᠵᠡᠷᠭᠡ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠳᠤᠯᠠᠭᠠᠯᠭ᠎ᠠ ᠶᠢᠨ ᠬᠡᠮᠵᠢᠯᠲᠡ ᠶᠢᠨ | ᠰᠦᠢᠳᠭᠡᠯ ᠬᠤᠷᠢᠶᠠᠬᠤ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠪᠠᠷ ᠳᠤᠯᠠᠭᠠᠯᠭ᠎ᠠ ᠬᠠᠩᠭᠠᠬᠤ ᠶᠢ ᠰᠦᠪᠡᠭᠴᠢᠯᠡᠨ | ᠬᠡᠷᠡᠭᠵᠢᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ᠃ ᠬᠤᠲᠠ | ᠪᠠᠯᠭᠠᠰᠤᠨ ᠤ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ | ᠠᠩᠬᠠᠷᠤᠯ ᠢᠶᠠᠨ ᠲᠦᠪᠯᠡᠷᠡᠭᠦᠯᠦᠨ᠂ ᠵᠠᠮ ᠢ ᠬᠡᠰᠡᠭᠯᠡᠨ ᠬᠤᠪᠢᠶᠠᠵᠤ ︽ᠴᠢᠩᠭ᠎ᠠ ᠬᠠᠮᠢᠶᠠᠷᠤᠯᠲᠠ ᠶᠢᠨ ᠵᠡᠭᠡᠯᠢ︾ ᠶᠢᠨ ᠵᠠᠭᠪᠤᠷ ᠢ | ᠬᠡᠷᠡᠭᠵᠢᠭᠦᠯᠵᠦ᠂ ᠬᠤᠲᠠ ᠶᠢᠨ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠡᠮᠬᠢ ᠵᠢᠷᠤᠮ᠂ ᠵᠠᠮ ᠡᠵᠡᠯᠡᠨ ᠡᠵᠡᠩᠨᠡᠬᠦ᠂ | ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠶᠢ ᠲᠤᠰᠬᠠᠶ ᠴᠡᠭᠴᠡᠯᠡᠨ ᠵᠠᠰᠠᠬᠤ ᠶᠢ ᠬᠦᠨᠵᠡᠭᠡᠶᠢᠷᠡᠭᠦᠯᠦᠨ᠂ ᠬᠠᠭᠤᠴᠢᠨ ᠠᠷᠬᠠᠭ | ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠨ᠎ᠠ᠃ ᠠᠳᠠᠯ ᠠᠬᠤᠶ ᠶᠢᠨ ᠦᠢᠯᠡᠴᠢᠯᠡᠭᠡᠨ ᠤ ᠭᠤᠷᠪᠠᠨ ᠵᠢᠯ ᠤᠨ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠵᠠᠰᠠᠯᠲᠠ ᠶᠢᠨ ᠲᠤᠭᠠᠴᠢᠯᠠᠭᠰᠠᠨ ᠬᠤᠪᠢᠷᠠᠭᠤᠯᠤᠯᠳᠠ ᠶᠢ | ᠠᠬᠢᠭᠤᠯᠤᠨ᠂ ᠬᠤᠲᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠦᠨ᠂ 1 - 2 ᠪᠢᠴᠢᠯ ᠴᠡᠴᠡᠷᠯᠢᠭ ᠢ | ᠪᠦᠲᠦᠭᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ | ᠬᠤᠲᠠ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠪᠠᠯᠭᠠᠰᠤ ᠶᠢ | ᠨᠠᠩ ᠠᠷᠢᠭᠤᠨ ᠴᠡᠪᠡᠷ᠂ ᠡᠮᠬᠢ ᠵᠢᠷᠤᠮ ᠲᠠᠢ᠂ ᠪᠣᠯᠪᠠᠰᠤᠨ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ | ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠮᠢᠩᠭᠠᠨ ᠲᠤᠰᠬᠤᠨ ᠢ ᠵᠢᠱᠢᠶ᠎ᠡ ᠦᠵᠡᠭᠦᠯᠦᠨ᠂ ᠲᠦᠮᠡᠨ | ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ | ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠴᠡᠭᠴᠡᠯᠡᠯᠲᠡ ᠶᠢᠨ | ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ | ᠤ ᠵᠢᠱᠢᠶ᠎ᠡ ᠦᠵᠡᠭᠦᠯᠬᠦ ᠰᠢᠶᠠᠩ 1᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 11 ᠶᠢ ᠪᠦᠳᠤᠮᠵᠢᠲᠠᠢ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ᠂ ᠪᠣᠬᠢᠷ ᠤᠰᠤ᠂ ᠵᠣᠷᠯᠣᠩ ᠤᠨ ︽ᠭᠤᠷᠪᠠᠨ ᠶᠡᠭᠡ | ᠬᠤᠪᠢᠰᠬᠠᠯ︾ ᠢ ᠯᠠᠪᠳᠠᠭᠤᠨ ᠪᠠᠲᠤᠲᠠᠢ ᠠᠬᠢᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠰᠤᠷᠲᠠᠯ | ᠲᠥᠪ ᠰᠤᠷᠲᠠᠯ ᠢ ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠂ ᠬᠥᠳᠡᠭᠡ ᠲᠣᠰᠬᠤᠨ ᠤ ᠪᠣᠯᠪᠠᠰᠤᠨ᠂ | ᠲᠣᠰᠬᠤᠨ ᠤ ᠳᠦᠷᠰᠦ ᠪᠠᠶᠢᠳᠠᠯ ᠴᠡᠪᠡᠷ ᠴᠡᠮᠴᠡᠭᠡᠷ᠂ ᠬᠠᠮᠢᠶᠠᠷᠤᠯᠲᠠ ᠶᠢᠨ ᠠᠷᠠᠳᠴᠢᠯᠠᠯ ᠢ ᠪᠡᠶᠡᠯᠡᠭᠦᠯᠦᠨ᠎ᠡ᠃ ᠠᠵᠤ | ᠦᠢᠯᠡᠰ ᠤᠨ ᠬᠠᠮᠲᠤᠷᠠᠯᠴᠠᠭ᠎ᠠ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠡᠭᠡᠵᠢᠩ ᠳᠤ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠮ ᠡᠮᠨᠡᠯᠭᠡ᠂ ᠰᠤᠷᠭᠠᠨ | ᠬᠥᠮᠦᠵᠢᠯ᠂ ᠵᠢᠭᠤᠯᠴᠢᠯᠠᠯ ᠵᠡᠷᠭᠡ ᠬᠦᠷᠢᠶ᠎ᠡ ᠬᠡᠪᠴᠢᠶᠡᠨ ᠳᠤ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ︽ | ᠲᠠᠬᠢᠨ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠶᠢᠷᠡᠭᠦᠯᠵᠦ᠂ ᠠᠵᠢᠯ ᠲᠦᠷᠦᠯ ᠢᠶᠠᠷ ᠢᠶᠠᠨ ᠵᠥᠪᠳᠡᠯᠴᠡᠨ | ᠬᠠᠮᠲᠤᠷᠠᠯᠴᠠᠬᠤ ᠶᠢ ᠭᠦᠨᠵᠡᠭᠡᠢ ᠠᠬᠢᠭᠤᠯᠤᠨ᠂ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠵᠦ᠂ ᠬᠠᠮᠲᠤ ᠪᠠᠷ ᠠᠰᠢᠭ | ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢ ᠨᠡᠮᠡᠭᠳᠡᠭᠦᠯᠦᠨ᠎ᠡ᠃ ᠵᠠᠮ ᠬᠠᠷᠢᠯᠴᠠᠭᠠᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠨᠬᠤᠸᠠ ᠪᠠᠯᠭᠠᠰᠤᠨ ᠤ ᠡᠮᠦᠨ᠎ᠡ ᠲᠠᠯ᠎ᠠ᠂ ᠪᠠᠷᠠᠭᠤᠨ ᠲᠠᠯ᠎ᠠ ᠪᠠᠷ ᠢᠶᠠᠨ ᠬᠠᠷᠢᠯᠴᠠᠨ | ᠨᠡᠪᠲᠡᠷᠡᠯᠴᠡᠬᠦ᠂ ᠨᠤᠮᠤᠭᠠᠨ ᠠᠭᠤᠯᠠ ᠶᠢᠨ ᠵᠢᠭᠤᠯᠴᠢᠯᠠᠯ ᠤᠨ ᠵᠠᠰᠠᠮᠠᠯ ᠵᠠᠮ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠪᠠᠶᠢᠷᠢᠰᠢᠯ ᠨᠢ ᠵᠣᠬᠢᠰᠲᠠᠶ᠂ ᠠᠵᠢᠯᠯᠠᠭ᠎ᠠ ᠨᠢ ᠪᠦᠲᠦᠮᠵᠢᠲᠡᠶ᠂ ᠠᠮᠤᠷ | ᠲᠦᠪᠰᠢᠨ ᠪᠥᠭᠡᠳ ᠲᠣᠭᠲᠠᠭᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ ᠬᠤᠩᠭᠤᠷ ᠤᠰᠤᠨ ᠴᠥᠭᠦᠷᠥᠮ ᠤᠨ ᠪᠠᠷᠢᠯᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ︽ | ᠬᠤᠩᠭᠤᠷ ᠠᠴᠠ ᠤᠯᠠᠭᠠᠨᠬᠤᠸᠠ ᠳᠤ ᠲᠠᠲᠠᠬᠤ︾ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠤᠰᠤᠨ ᠤ ᠡᠬᠢ | ᠪᠠᠶᠠᠯᠢᠭ ᠢ ᠲᠣᠬᠢᠷᠠᠭᠤᠯᠤᠨ ᠡᠵᠡᠮᠳᠡᠬᠦ ᠪᠠ ᠬᠠᠩᠭᠠᠬᠤ ᠴᠢᠳᠠᠮᠵᠢ ᠶᠢ ᠨᠡᠮᠡᠭᠳᠡᠭᠦᠯᠦᠨ᠎ᠡ᠃ ᠰᠢᠨ᠎ᠡ ᠪᠠᠷ 73 ᠮᠠᠰᠢᠨ | ᠬᠤᠳᠳᠤᠭ ᠮᠠᠯᠳᠠᠵᠤ ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠮᠵᠢ ᠶᠢ ᠳᠡᠭᠡᠭᠰᠢᠯᠡᠭᠦᠯᠬᠦ | ᠢᠨᠵᠧᠨᠧᠷᠢᠩ ᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ 20 ᠺᠢᠯᠣᠮᠧᠲᠷ ᠤᠨ ᠬᠤᠲᠠ ᠶᠢᠨ ᠦᠶᠡᠷ ᠢ ᠰᠡᠷᠭᠡᠶᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠦᠨ᠎ᠡ᠃ ᠴᠠᠬᠢᠯᠭᠠᠨ ᠲᠣᠤᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠤᠲᠠ ᠶᠢᠨ ᠵᠡᠭᠦᠨ ᠬᠡᠰᠡᠭ ᠤᠨ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ | ᠢᠨᠵᠧᠨᠧᠷᠢᠩ ᠢ ᠬᠡᠷᠡᠭᠵᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠦᠯᠬᠦ | ᠴᠠᠬᠢᠯᠭᠠᠨ ᠤ ᠲᠣᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠴᠠᠬᠢᠯᠭᠠᠨ ᠬᠦᠴᠦᠨ ᠤ ᠨᠠᠶᠢᠳᠠᠪᠤᠷᠢᠳᠠᠢ | ᠬᠠᠩᠭᠠᠯᠭ᠎ᠠ ᠶᠢ ᠦᠨᠡᠨᠬᠦ ᠪᠠᠲᠤᠯᠠᠨ᠎ᠠ᠃ ᠰᠦᠯᠵᠢᠶᠡᠨ ᠳᠣᠬᠢᠶᠠᠨ ᠤ ᠪᠦᠷᠬᠦᠴᠡ ᠶᠢ ᠴᠢᠩᠭᠠᠳᠬᠠᠵᠤ᠂ ᠰᠦᠯᠵᠢᠶᠡᠨ | ᠳᠣᠬᠢᠶᠠᠨ ᠤ ᠪᠦᠷᠬᠦᠴᠡ ᠶᠢᠨ ᠪᠠᠯᠠᠶ ᠴᠡᠭ᠂ ᠪᠠᠯᠠᠶ ᠭᠠᠵᠠᠷ ᠪᠠ ᠪᠠᠭᠤᠷᠠᠶ ᠪᠦᠷᠬᠦᠴᠡ ᠣᠷᠣᠨ ᠪᠦᠰᠡ ᠶᠢ ᠲᠥᠪᠯᠡᠷᠡᠭᠦᠯᠦᠨ | ᠵᠢᠭᠰᠠᠭᠠᠬᠤ ᠪᠠ ᠪᠠᠶᠢᠴᠠᠭᠠᠨ ᠠᠷᠢᠯᠭᠠᠵᠤ᠂ ᠪᠥᠬᠦ ᠬᠤᠰᠢᠭᠤᠨ ᠤ ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ | ᠪᠥᠬᠦ ᠲᠠᠯ᠎ᠠ ᠪᠠᠷ ᠲᠡᠬᠡᠭᠰᠢᠯᠡᠬᠦᠯᠦᠨ᠎ᠡ᠃ | ︵ᠲᠠᠪᠤ︶ ᠬᠤᠷᠢᠭ᠎ᠠ ᠱᠤᠭᠤᠮ ᠢᠶᠠᠨ ᠪᠠᠲᠤ ᠰᠠᠬᠢᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠷᠠᠳ ᠤᠨ | ᠠᠮᠢᠳᠤᠷᠠᠯ ᠤᠨ ᠬᠦᠰᠡᠯ ᠡᠷᠡᠮᠡᠯᠵᠡᠯ ᠤᠨ ᠵᠣᠯ ᠵᠢᠷᠭᠠᠯᠲᠤ ᠪᠣᠳᠠᠲᠤ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ | ᠲᠣᠭᠤᠷᠢᠨ ᠳᠤ᠂ ᠨᠡᠩ ᠤᠯᠠᠨ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ᠂ | ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠢᠷᠭᠡᠨ ᠤ ᠠᠮᠢᠳᠤᠷᠠᠯ ᠤᠨ ᠬᠤᠷᠢᠭ᠎ᠠ | ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠲᠠᠰᠤᠷᠠᠯᠲᠠ ᠦᠭᠡᠢ ᠪᠡᠶᠡᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠳᠠᠯ ᠦᠢᠯᠡᠰ ᠴᠣᠭᠴᠠᠯᠠᠨ ᠠᠵᠢᠯ ᠣᠯᠭᠤᠬᠤ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠬᠤᠪᠴᠠᠰᠤᠨ ᠤ ᠦᠢᠯᠡᠳᠪᠦᠷᠢ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠤᠯᠭᠤᠬᠤ | ᠡᠷᠴᠢᠮ ᠢ ᠴᠢᠩᠭᠠᠳᠬᠠᠨ᠂ ᠵᠡᠮᠳᠡᠭᠴᠦᠳ᠂ ᠠᠵᠢᠯ ᠦᠭᠡᠶ ᠭᠡᠷ ᠪᠦᠯᠢ ᠶᠢᠨ ᠪᠦᠷᠢᠯᠳᠦᠬᠦᠨ ᠳᠤ ᠠᠵᠢᠯ ᠣᠯᠭᠤᠬᠤ ᠶᠢ | ᠬᠠᠪᠰᠤᠷᠤᠨ ᠲᠡᠳᠬᠦᠵᠦ᠂ ᠬᠤᠲᠠ ᠪᠠᠯᠭᠠᠰᠤᠨ ᠤ 3000 ᠠᠴᠠ ᠲᠡᠭᠡᠭᠰᠢᠬᠢ ᠬᠦᠮᠦᠨ ᠳᠤ ᠲᠠᠬᠢᠨ ᠠᠵᠢᠯ ᠤᠯᠭᠤᠵᠦ᠂ | ᠬᠥᠳᠡᠭᠡ ᠲᠣᠰᠬᠤᠨ ᠤ ᠬᠥᠳᠡᠯᠮᠦᠷᠢ ᠬᠦᠴᠦ ᠶᠢ 3 ᠲᠦᠮᠡᠨ ᠬᠦᠮᠦᠨ ᠤᠳᠠᠭ᠎ᠠ ᠰᠢᠯᠵᠢᠬᠦᠯᠬᠦ ᠪᠠᠷ ᠴᠢᠷᠮᠠᠶᠢᠨ᠎ᠠ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠬᠤᠲᠠ ᠪᠠᠯᠭᠠᠰᠤᠨ ᠤ | ᠣᠯᠠᠨ ᠲᠦᠮᠡᠨ ᠤ ᠬᠦᠴᠢᠷᠳᠡᠯ ᠲᠠᠢ ᠠᠰᠠᠭᠤᠳᠠᠯ ᠢ ᠰᠢᠢᠳᠪᠤᠷᠢᠯᠡᠬᠦ ᠶᠢ ᠦᠷᠭᠦᠯᠵᠢᠯᠡᠨ ᠥᠷᠨᠢᠭᠦᠯᠵᠦ᠂ ᠣᠯᠠᠨ ᠳᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠰᠤᠲᠠᠨ ᠢ ᠠᠰᠠᠷᠠᠵᠤ | ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ | ᠬᠦᠭᠵᠢᠯᠳᠠ ᠶᠢ ᠠᠬᠢᠭᠤᠯᠤᠨ᠂ ᠨᠠᠰᠤᠲᠠᠶᠢᠴᠤᠳ ᠤᠨ ᠬᠦᠷᠢᠶᠡᠯᠡᠩ ᠢ ᠰᠢᠨᠡᠳᠬᠡᠬᠦ 2 ᠢᠨᠵᠧᠨᠧᠷᠢᠩ ᠢ ᠪᠡᠶᠡᠯᠡᠭᠦᠯᠦᠨ᠎ᠡ︔ | ᠭᠤᠷᠪᠠᠨ ᠬᠡᠦᠬᠡᠳ ᠠᠪᠬᠤ ᠲᠦᠷᠦ ᠶᠢᠨ ᠪᠤᠳᠤᠯᠭ᠎ᠠ ᠶᠢᠨ ᠢᠵᠢ ᠪᠦᠷᠢᠳᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠵᠦ᠂ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠦᠷᠭᠡᠳᠬᠡᠨ᠂ ︽ᠨᠠᠰᠤᠲᠠᠶᠢᠴᠤᠳ ᠪᠠ ᠨᠢᠯᠬᠠᠰ | ︾ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠨ ᠰᠤᠷᠭᠠᠨ ᠬᠥᠮᠦᠵᠢᠯ ᠢ ᠬᠥᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠤᠨ᠎ᠠ᠃ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠣᠷᠣᠨ | ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠥᠪᠥᠷ | ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠤᠨ ᠰᠢᠰᠲ᠋ᠧᠮ ᠢᠶᠠᠷ ᠵᠤᠯᠭᠠᠯᠳᠤᠨ ᠬᠠᠮᠵᠢᠯᠴᠠᠬᠤ ᠲᠠᠪᠴᠠᠩ ᠢ | ᠰᠠᠶᠢᠲᠤᠷ ᠬᠡᠷᠡᠭᠯᠡᠨ᠂ ᠪᠡᠭᠡᠵᠢᠩ ᠤᠨ ᠬᠤᠸᠠᠢ ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠲᠠᠢ ᠭᠦᠨᠵᠡᠭᠡᠶ | ᠬᠠᠮᠲᠤᠷᠠᠯᠴᠠᠵᠤ᠂ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠠᠩᠭᠢ ᠶᠢ ᠵᠣᠬᠢᠶᠠᠨ ᠪᠠᠶᠢᠭᠤᠯᠵᠤ᠂ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠡᠶᠢᠳᠡᠮ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠤᠯᠠᠮ | ᠨᠢᠭᠡ ᠠᠯᠬᠤᠮ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠴᠢᠷᠮᠠᠶᠢᠨ ᠳᠡᠭᠡᠭᠰᠢᠯᠡᠭᠦᠯᠦᠨ᠎ᠡ᠃ | ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠪᠠᠭᠰᠢ ᠡᠯᠰᠡᠬᠦ | ᠠᠷᠭ᠎ᠠ ᠵᠠᠮ ᠢ ᠦᠷᠭᠡᠳᠭᠡᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠵᠦ᠂ ᠵᠢᠭᠠᠨ ᠰᠤᠷᠭᠠᠯᠲᠠ ᠶᠢᠨ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠭᠰᠢ ᠨᠠᠷ ᠤᠨ ᠦᠷ᠎ᠡ ᠪᠦᠲᠦᠮᠵᠢ ᠶᠢᠨ ᠴᠠᠯᠢᠩ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠠᠭᠰᠢ ᠶᠢᠨ ᠠᠵᠢᠯ ᠬᠢᠵᠦ ᠦᠢᠯᠡᠰ ᠴᠣᠭᠴᠠᠯᠠᠬᠤ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠳᠡᠯᠭᠡᠷᠡᠭᠦᠯᠵᠦ᠂ ᠡᠯ᠎ᠡ ᠲᠥᠷᠥᠯ ᠤᠨ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ | ᠴᠤᠮᠬᠤᠳᠬᠠᠨ᠂ ᠰᠤᠷᠤᠭᠴᠢᠳ ᠤᠨ ᠰᠡᠳᠬᠢᠴᠡ ᠶᠢᠨ ᠬᠠᠯᠠᠮᠵᠢᠯᠠᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠳᠤ | ᠬᠤᠯᠪᠣᠭᠳᠠᠬᠤ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠨ᠎ᠠ᠃ | ᠡᠷᠡᠭᠦᠯ ᠡᠩᠬᠡ ᠳᠥᠷᠪᠡᠳ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠠᠷᠠᠳ ᠲᠦᠮᠡᠨ ᠳᠤ | ᠲᠠᠭᠠᠰᠢᠶᠠᠭᠳᠠᠭᠰᠠᠨ ᠡᠮᠴᠢᠯᠡᠭᠡ︾ ᠶᠢ ᠰᠠᠶᠢᠲᠤᠷ ᠡᠷᠭᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ | ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠵᠤᠯᠠᠭᠠᠯᠳᠤᠨ ᠬᠠᠮᠵᠢᠯᠴᠠᠬᠤ ᠪᠠ ︽ᠪᠦᠯᠬᠦᠮ ᠪᠠᠶᠢᠭᠤᠯᠬᠤ ᠬᠡᠯᠪᠡᠷᠢ︾ | ᠶᠢᠨ ᠬᠠᠪᠰᠤᠷᠤᠨ ᠲᠡᠳᠬᠦᠬᠦ ᠲᠤᠭᠳᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠡᠮᠴᠢᠯᠡᠭᠡ᠂ ᠬᠦᠨᠳᠦ ᠡᠪᠡᠳᠴᠢᠨ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠰᠢᠨᠵᠢᠯᠡᠭᠡᠨ ᠤ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠲᠦᠮᠡᠨ ᠢ ᠬᠡᠷ ᠤᠨ ᠢᠶᠠᠨ ᠡᠬᠦᠳᠡᠨ ᠳᠤ ᠨᠡᠩ ᠰᠢᠯᠢᠳᠡᠭ ᠡᠮᠴᠢᠯᠡᠬᠡᠨ ᠤ ᠦᠢᠯᠡᠴᠢᠯᠡᠭᠡ | ᠡᠳ᠋ᠯᠡᠬᠦᠯᠦᠨ᠎ᠡ᠃ ᠰᠢᠶᠠᠨ ᠤ ᠬᠡᠪᠴᠢᠶᠠᠨ ᠤ ᠡᠮᠴᠢᠯᠠᠬᠡᠨ ᠤ ᠬᠠᠮᠳᠦ ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠤᠨ᠂ | ᠡᠮᠴᠢᠯᠡᠬᠡᠨ ᠤ ᠬᠠᠮᠳᠦ ᠶᠢᠨ ᠴᠤᠭᠴᠠ ᠶᠢᠨ ᠮᠡᠳᠡᠭᠡ ᠵᠠᠩᠭᠢ ᠶᠢᠨ ᠪᠠᠶᠢᠭᠤᠯᠤᠯᠳᠠ ᠶᠢᠨ ᠲᠦᠷᠦᠯ ᠵᠤᠶᠢᠯ ᠢ ᠲᠠᠭᠤᠰᠬᠠᠵᠦ᠂ | ᠶᠡᠷᠦᠩᠭᠡᠢ ᠡᠮᠨᠡᠯᠬᠡ ᠶᠢᠨ ᠬᠤᠷᠢᠶᠠᠨ ᠤ ᠡᠯ᠎ᠡ ᠡᠮᠴᠢᠯᠡᠭᠡ ᠶᠢᠨ ᠪᠠᠶᠢᠭᠤᠯᠤᠮᠵᠢ ᠶᠢᠨ ᠪᠠᠶᠢᠴᠠᠭᠠᠯᠳᠠ ᠶᠢᠨ ᠦᠷ᠎ᠡ ᠳ᠋ᠦᠩ ᠢ | ᠬᠠᠷᠢᠯᠴᠠᠨ ᠮᠡᠳᠡᠷᠡᠬᠦ ᠶᠢ ᠪᠠᠶᠠᠯᠡᠬᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ | ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠭᠠᠵᠠᠷ | ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠣᠩᠭᠤᠯ ᠡᠮᠨᠡᠯᠭᠡ ᠶᠢᠨ ᠡᠯᠡᠰᠦᠨ ᠵᠠᠰᠠᠯ ᠡᠮᠲᠦ ᠤᠬᠢᠶᠠᠯᠭ᠎ᠠ ᠶᠢᠨ | ᠲᠥᠷᠥᠯ ᠵᠦᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠡᠮᠨᠡᠯᠭᠡ ᠶᠢᠨ | ᠠᠵᠢᠯᠳᠠᠳ ᠢ ᠡᠯᠰᠡᠵᠦ᠂ ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠰᠢ ᠰᠢᠯᠵᠢᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠵᠢᠴᠢ | ᠵᠠᠷᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠣᠯᠠᠨ ᠲᠦᠮᠡᠨ ᠤ ᠡᠪᠡᠳᠴᠢᠨ ᠦᠵᠡᠭᠦᠯᠬᠦ ︽ᠵᠣᠭᠤᠰᠣᠨ ᠤᠭᠤᠲᠠ︾ ᠶᠢ ᠪᠠᠲᠤ ᠰᠠᠬᠢᠨ᠎ᠠ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠦᠷᠨᠢᠭᠦᠯᠦᠨ᠂ ᠡᠷᠡᠭᠦᠯ ᠰᠠᠷᠠᠭᠤᠯ | ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ︵ᠵᠢᠷᠭᠤᠭ᠎ᠠ︶ ᠢᠮᠠᠭᠲᠠ ᠰᠢᠯᠢᠳᠡᠭ ᠴᠡᠭᠴᠡᠯᠡᠯᠲᠡ ᠶᠢ ᠲᠤᠭᠤᠰᠢᠯᠠᠭᠤᠯᠵᠤ᠂ ᠪᠦᠯᠬᠦᠮᠳᠡᠯ ᠢ ᠪᠠᠬᠢᠵᠢᠭᠦᠯᠦᠨ᠂ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠴᠢᠷᠮᠠᠶᠢᠨ᠎ᠠ | ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠬᠢᠵᠢᠭᠦᠯᠦᠨ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠬᠤᠰᠢᠭᠤᠨ ᠤ ᠬᠡᠪᠴᠢᠶᠡᠨ ᠤ ᠨᠡᠶᠢᠭᠡᠮ ᠤᠨ ᠴᠡᠭᠴᠡᠯᠡᠯᠲᠡ ᠶᠢᠨ ᠣᠳᠣᠬᠢᠴᠢᠯᠠᠯᠲᠠ ᠶᠢ | ᠭᠦᠨᠵᠡᠭᠡᠶᠢᠷᠡᠭᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠰᠠᠬᠢᠨ | ᠬᠠᠮᠠᠭᠠᠯᠠᠨ᠎ᠠ᠃ | ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠪᠠ ᠴᠡᠭᠴᠡᠯᠡᠨ | ᠵᠠᠰᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠤᠭ ᠴᠡᠭᠴᠡᠯᠡᠯᠲᠡ ᠶᠢᠨ | ᠪᠠᠶᠢᠭᠤᠯᠤᠯᠲᠠ ᠶᠢ ᠠᠬᠢᠭᠤᠯᠤᠨ᠂ ᠪᠤᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ | ᠰᠠᠬᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠭᠠᠮᠰᠢᠭ ᠢ | ᠪᠠᠭᠠᠰᠬᠠᠨ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠢᠳᠡᠭᠡᠨ ᠪᠠ ᠡᠮ ᠤᠨ | ᠵᠦᠢᠯ ᠤᠨ ᠬᠢᠨᠠᠨ ᠬᠠᠮᠢᠶᠠᠷᠤᠯᠲᠠ ᠶᠢ ︽ᠲᠦᠷᠪᠡᠨ ᠬᠠᠮᠤᠭ ᠴᠢᠩᠭ᠎ᠠ︾ ᠪᠠᠷ ᠴᠢᠩᠭᠠᠳᠬᠠᠵᠤ᠂ ᠠᠷᠠᠳ ᠣᠯᠠᠨ ᠤ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠡᠷᠡᠰ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ | ᠂ ᠵᠤᠷᠢᠭᠤᠳᠠ ︽ᠥᠷᠢ ᠠᠴᠠ ᠵᠠᠶᠢᠯᠠᠬᠤ︾ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ | ᠭᠦᠢᠯᠭᠡᠭᠡᠨ ᠤ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ ᠪᠠ | ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠬᠤ ᠶᠢ ᠵᠡᠷᠭᠡᠪᠡᠷ ᠬᠡᠷᠡᠭᠵᠢᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ | ᠨᠡᠶᠢᠭᠡᠮ ᠤᠨ ᠴᠡᠭᠴᠡᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠡᠩ | ᠴᠢᠶᠤᠥ ᠶᠢᠨ ᠲᠤᠷᠰᠢᠯᠭ᠎ᠠ︾᠂ ︽ᠫᠦ᠋ ᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠳᠠᠷᠤᠭᠳᠠᠮᠠᠯ ᠬᠡᠷᠡᠭ ᠢ ᠠᠷᠢᠯᠭᠠᠬᠤ᠂ ᠬᠦᠨᠳᠦ ᠬᠡᠴᠡᠭᠦᠦ | ᠰᠤᠷᠪᠤᠯᠵᠢᠯᠠᠭ᠎ᠠ ᠶᠢ ᠰᠢᠢᠳᠪᠤᠷᠢᠯᠡᠬᠦ᠂ ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ | ᠪᠠᠲᠤᠲᠠᠢ ᠦᠷᠨᠢᠭᠦᠯᠦᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠠᠷᠢᠨ ᠪᠣᠳᠠᠲᠠᠢ ᠬᠢᠨ᠎ᠡ᠃ ᠳᠣᠲᠣᠭᠠᠳᠤ ᠶᠢ ᠬᠠᠮᠠᠭᠠᠯᠠᠬᠤ | ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠠᠭᠳᠠᠭ᠎ᠠ ᠪᠠ ᠲᠤᠰᠠᠯᠠᠬᠤ ᠴᠠᠭᠳᠠᠭ᠎ᠠ ᠶᠢᠨ | ᠲᠣᠬᠢᠷᠠᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ | ᠰᠦᠯᠵᠢᠶᠡᠨ ᠤ ᠶᠠᠯᠠᠲᠤ ᠠᠵᠢᠯᠯᠠᠭ᠎ᠠ ᠶᠢ ᠴᠠᠭᠠᠵᠠᠯᠠᠬᠤ ᠡᠷᠴᠢᠮ ᠢᠶᠠᠨ ᠴᠢᠩᠭᠠᠳᠬᠠᠨ᠂ ᠪᠦᠬᠦ ᠣᠷᠣᠨ ᠪᠦᠰᠡ ᠶᠢᠨ ᠬᠢᠨᠠᠨ | ᠴᠠᠭᠲᠠᠬᠤ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠣᠬᠢᠯᠲᠠ ᠥᠭᠴᠦ | ᠰᠡᠷᠭᠡᠶᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠭᠦᠯᠦᠨ᠂ ︽ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ | ᠡᠳ᠋ ᠫᠠᠨᠽᠠᠯᠠᠬᠤ︾᠂ ︽ ᠬᠤᠯᠠᠭᠠᠶᠢᠯᠠᠵᠤ ᠳᠡᠭᠡᠷᠡᠮᠲᠡᠨ ᠮᠡᠬᠡᠯᠡᠬᠦ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠠᠩ ᠥᠨᠳᠥᠷ ᠬᠢᠷᠢ ᠲᠦᠪᠰᠢᠨ ᠪᠦᠬᠦᠢ ︽ᠠᠮᠤᠷ ᠠᠮᠤᠭᠤᠯᠠᠩ | ᠳᠥᠷᠪᠡᠳ ᠬᠤᠰᠢᠭᠤ︾ ᠶᠢ ᠴᠢᠷᠮᠠᠶᠢᠨ ᠪᠠᠶᠢᠭᠤᠯᠤᠨ᠎ᠠ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ︽ᠲᠤᠯᠤᠭᠠᠨ ᠵᠢᠱᠢᠶᠡᠴᠢ ᠪᠣᠯᠬᠤ︾ ᠬᠠᠷᠢᠭᠤᠴᠠᠯᠭ᠎ᠠ | ᠶᠢ ᠡᠭᠦᠷᠭᠡᠯᠡᠨ᠂ ᠵᠢᠳᠬᠦᠯ ᠴᠢᠷᠮᠠᠶᠢᠯᠭ᠎ᠠ ᠭᠠᠷᠭᠠᠨ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ | ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠶᠢᠭᠤᠯᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠦᠨᠳᠦᠰᠦᠳᠡᠨ ᠤ ᠠᠭᠤᠰᠤᠯᠴᠠᠨ ᠬᠠᠷᠢᠯᠴᠠᠬᠤ ᠶᠢ ᠠᠬᠢᠭᠤᠯᠤᠨ᠎ᠠ᠃ ᠰᠢᠮ᠎ᠡ | ᠶᠢᠨ ᠭᠤᠤᠯ ᠰᠣᠶᠣᠯ ᠤᠨ ᠬᠦᠷᠢᠶᠡᠯᠡᠩ᠂ ᠲᠦᠬᠡᠶᠢᠮᠡ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠦᠵᠡᠭᠦᠯᠦᠯᠭᠡ ᠶᠢᠨ | ᠲᠢᠩᠬᠢᠮ᠂ ︽ᠲᠠᠯ᠎ᠠ ᠨᠤᠲᠤᠭ ᠤᠨ ᠡᠵᠢ︾ ᠶᠢᠨ ᠰᠡᠳᠬᠢᠯ ᠬᠥᠳᠡᠯᠭᠡᠮ᠎ᠡ ᠥᠯᠢᠭᠡᠷ ᠢ ᠤᠯᠠᠮᠵᠢᠯᠠᠨ ᠶᠠᠷᠢᠵᠤ᠂ ᠡᠯ᠎ᠡ | ᠦᠨᠳᠦᠰᠦᠳᠡᠨ ᠤ ᠠᠷᠠᠳ ᠲᠦᠮᠡᠨ ᠢ ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠵᠤ | ᠶᠠᠪᠤᠬᠤ ᠶᠢ ᠵᠢᠯᠤᠭᠤᠳᠤᠨ ᠰᠤᠷᠭᠠᠵᠤ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠴᠢᠷᠮᠠᠶᠢᠨ ᠴᠣᠭᠴᠠᠯᠠᠨ᠎ᠠ᠃ | ᠴᠡᠷᠢᠭ ᠵᠠᠰᠠᠭ ᠪᠠ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠴᠢᠩᠭᠠᠳᠬᠠᠨ᠎ᠠ᠃ ᠴᠡᠷᠢᠭ ᠢ | ᠬᠦᠴᠦᠷᠬᠡᠭᠵᠢᠭᠦᠯᠬᠦ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠶᠠᠪᠤᠳᠠᠯ ᠤᠨ | ᠲᠦᠬᠦᠭᠡᠷᠦᠮᠵᠢ ᠶᠢᠨ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ᠂ | ᠭᠤᠣᠯᠳᠠᠯᠭ᠎ᠠ ᠲᠠᠢ ᠡᠭᠦᠷᠭᠡ ᠶᠢᠨ ᠬᠡᠷᠡᠭᠵᠢᠭᠦᠯᠦᠯᠲᠡ ᠶᠢ ᠪᠠᠲᠤᠯᠠᠬᠤ᠂ ᠨᠡᠶᠢᠭᠡᠮ ᠤᠨ ᠡᠭᠦᠷᠭᠡ ᠴᠢᠳᠠᠪᠤᠷᠢ ᠶᠢ ᠵᠠᠯᠭᠠᠭᠤᠯᠬᠤ᠂ | ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ | ᠬᠤᠰᠢᠭᠤ︾ ᠶᠢᠨ ᠡᠷᠬᠢᠮ ᠳᠡᠭᠡᠳᠦ ᠢᠷᠠᠭᠤ ᠠᠯᠳᠠᠷ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠴᠡᠷᠢᠭ ᠵᠠᠰᠠᠭ | ᠴᠡᠷᠢᠭ ᠠᠷᠠᠳ ᠤᠨ ᠪᠦᠯᠬᠦᠮᠳᠡᠯ ᠢ ᠪᠠᠲᠤ ᠪᠠᠬᠢ ᠪᠣᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠳᠠᠷᠳᠠᠩ ᠵᠠᠮ ᠳᠡᠭᠡᠷ᠎ᠡ ᠠᠰ ᠶᠠᠪᠤᠵᠤ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠨ᠎ᠠ᠃ ᠪᠢᠳᠠ ᠬᠤᠰᠢᠭᠤ | ᠵᠠᠰᠠᠭ ᠤᠨ ᠣᠷᠳᠣᠨ ᠤ ︽ᠭᠤᠷᠪᠠᠨ ᠡᠷᠬᠡᠪᠰᠢ︾ ᠶᠢ ᠪᠠᠲᠤ ᠬᠡᠷᠡᠭᠵᠢᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠨ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ | ᠪᠠᠬᠢᠵᠢᠭᠦᠯᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠲᠠᠰᠤᠷᠠᠯᠲᠠ ᠥᠬᠡᠶ ᠲᠡᠭᠡᠭᠰᠢᠯᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠥᠬᠦ | ᠬᠦᠴᠦᠨ ᠢᠶᠠᠷ ᠢᠶᠠᠨ ᠪᠠᠶᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠎ᠠ᠃ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠬᠦᠰᠡᠯ ᠨᠠᠶᠢᠳᠠᠯᠭ᠎ᠠ ᠶᠢ | ᠢᠮᠠᠭᠲᠠ ᠪᠠᠲᠤ ᠴᠡᠭᠡᠵᠢᠯᠡᠵᠦ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠎ᠠ᠃ ᠴᠢᠨᠠᠷ ᠰᠠᠶᠢᠲᠠᠶ ᠬᠥᠭᠵᠢᠯᠲᠡ ᠶᠢ ᠪᠠᠷᠢᠮᠳᠠᠯᠠᠨ᠂ ᠪᠣᠳᠠᠲᠠᠶ ᠠᠷᠭ᠎ᠠ ᠬᠡᠮᠵᠢᠶ᠎ᠡ | ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠤ᠂ ᠠᠯᠤᠰ ᠬᠡᠲᠦ ᠳᠤ ᠠᠰᠢᠭ ᠬᠦᠷᠳᠡᠭᠡᠬᠦ ᠳᠤ ᠰᠠᠭᠤᠷᠢ ᠲᠠᠯᠪᠢᠨ᠂ ︽ | ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠨᠠᠷᠢᠨ ᠵᠦᠢᠯᠡᠰ ᠢ | ᠠᠳᠬᠤᠨ᠂ ᠠᠰᠠᠭᠤᠳᠠᠯ ᠢ ᠡᠷᠢᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠯ᠎ᠡ ᠵᠦᠢᠯ ᠤᠨ ᠰᠢᠢᠳᠪᠦᠷᠢᠲᠦ | ᠪᠤᠳᠤᠯᠭ᠎ᠠ ᠪᠠ ᠡᠯ᠎ᠡ ᠲᠠᠯ᠎ᠠ ᠶᠢᠨ ᠠᠵᠢᠯ ᠢ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠪᠤᠰᠤᠳᠴᠢ ᠵᠢᠮ᠎ᠡ ᠶᠣᠰᠣ ᠲᠠᠢ | ᠤᠶᠠᠯᠳᠤᠭᠤᠯᠤᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠬᠦ᠂ ᠳᠥᠷᠪᠡᠳ ᠬᠤᠰᠢᠭᠤᠨ ᠤ ᠠᠯᠤᠰ ᠬᠡᠳᠦ ᠶᠢᠨ | ᠬᠥᠭᠵᠢᠯᠲᠡ ᠳᠤ ᠵᠤᠬᠢᠴᠠᠬᠤ ᠶᠢ ᠦᠨᠡᠨᠬᠦ ᠪᠠᠳᠤᠯᠠᠨ᠎ᠠ᠃ | ᠦᠷ᠎ᠡ ᠪᠦᠲᠤᠮᠵᠢᠲᠤ ᠪᠠᠶᠢᠭᠤᠯᠤᠯᠲᠠ ᠶᠢ ᠴᠢᠩᠭᠠᠳᠬᠠᠨ᠎ᠠ᠃ ︽ ᠪᠤᠲᠠᠲᠤ ᠠᠵᠢᠯᠯᠠᠭ᠎ᠠ ᠪᠠᠷ ᠭᠤᠣᠯ ᠪᠣᠯᠭᠠᠬᠤ︾᠂ ︽ | ᠪᠣᠳᠠᠲᠤ ᠠᠮᠵᠢᠯᠲᠠ ᠶᠢ ᠦᠨᠡᠯᠡᠬᠦ︾ ᠶᠢ ᠪᠠᠷᠢᠮᠲᠠᠯᠠᠵᠤ᠂ ︽ᠰᠤᠳᠤᠯᠤᠨ ᠪᠠᠶᠢᠴᠠᠭᠠᠬᠤ ᠰᠤᠷᠲᠠᠯ ᠢ ᠶᠡᠬᠡᠪᠡᠷ ᠪᠠᠳᠠᠷᠠᠭᠤᠯᠬᠤ︾ | ᠪᠠᠷ ᠵᠢᠯᠤᠭᠤᠳᠤᠯᠭ᠎ᠠ ᠪᠣᠯᠭᠠᠵᠤ᠂ ᠵᠠᠰᠠᠭ ᠤᠨ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠂ ︽ | ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠨᠢᠭᠡ ᠶᠢ ᠬᠡᠯᠡᠪᠡᠯ ᠨᠢᠭᠡ ᠶᠢ | ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠦᠨᠡᠨᠬᠦ ᠪᠠᠳᠤᠯᠠᠨ᠎ᠠ᠃ ︽ᠰᠢᠨ᠎ᠡ ᠳᠠᠷᠤᠭ᠎ᠠ ᠬᠠᠭᠤᠴᠢᠨ ᠳᠠᠩᠰᠠ ᠶᠢ | ᠬᠠᠮᠢᠶᠠᠷᠬᠤ︾ ᠶᠢ ᠪᠠᠷᠢᠮᠲᠠᠯᠠᠵᠤ᠂ ︽ᠳᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠦᠨ᠂ ︽ᠭᠤᠷᠪᠠᠨ ᠢᠯᠡᠬᠦᠦ | ᠭᠤᠷᠪᠠᠨ ᠴᠦᠬᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠵᠦ᠂ ᠠᠷᠬᠠᠭ ᠭᠡᠮ ᠳᠤ ᠵᠣᠷᠢᠭᠲᠠᠢ ᠪᠠᠷ ︽ᠮᠡᠰᠡ | ᠵᠠᠰᠠᠯ︾ ᠬᠢᠵᠦ᠂ ᠵᠥᠷᠢᠴᠡᠯ ᠢ ᠳᠡᠭᠡᠭᠰᠢ ᠲᠤᠰᠢᠶᠠᠬᠤ ᠶᠢ ᠡᠷᠡᠰ ᠬᠤᠷᠢᠭᠯᠠᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ | ᠶᠢ ᠰᠠᠶᠢᠲᠤᠷ ᠠᠳᠬᠤᠵᠤ᠂ ︽ᠰᠢᠨ᠎ᠡ ᠲᠦᠷᠢ ᠲᠦᠷᠬᠦ ᠶᠢᠨ ᠢᠨᠵᠧᠨᠧᠷᠢᠩ︾ ᠢ ᠡᠷᠡᠰ ᠴᠢᠩᠭ᠎ᠠ ᠰᠡᠷᠬᠡᠶᠢᠯᠡᠨ ᠵᠠᠰᠠᠵᠦ᠂ | ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠲᠤᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠲᠦᠷᠢᠮᠵᠢᠬᠦᠯᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ | ᠣᠷᠳᠣᠨ ᠤ ᠴᠡᠭᠴᠡᠯᠡᠯᠲᠡ ᠶᠢᠨ ᠰᠢᠰᠲ᠋ᠧᠮ ᠪᠠ ᠴᠡᠭᠴᠡᠯᠡᠯᠲᠡ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ | ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ ᠠᠬᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠲᠥᠪ | ᠭᠤᠣᠯᠴᠢ ᠪᠠᠷ ᠬᠠᠤᠯᠢ ᠪᠠᠷᠢᠵᠤ᠂ ᠬᠠᠤᠯᠢ ᠪᠠᠷ ᠵᠠᠰᠠᠬᠤ ᠳᠥᠷᠪᠡᠳ ᠬᠤᠰᠢᠭᠤᠨ ᠤ ᠪᠠᠶᠢᠭᠤᠯᠤᠯᠲᠠ ᠶᠢ ᠲᠦᠷᠭᠡᠳᠬᠡᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ | ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ | ᠬᠢᠨᠠᠯᠲᠠ ᠶᠢ ᠴᠢᠩᠭᠠᠳᠬᠠᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠰᠠᠶᠢᠲᠤᠷ ᠰᠢᠢᠳᠪᠦᠷᠢᠯᠡᠨ᠎ᠡ᠃ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ | ᠪᠤᠳᠤᠯᠭ᠎ᠠ ᠨᠢ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠯᠲᠡ ᠨᠢ ᠪᠦᠲᠦᠮᠵᠢᠲᠡᠢ᠂ ᠬᠢᠨᠠᠯᠲᠠ ᠨᠢ ᠬᠦᠴᠦᠲᠡᠢ ᠡᠷᠬᠡ ᠶᠢᠨ | ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ᠃ | ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠭᠤᠷᠪᠠᠨ | ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ︽ᠴᠠᠭ | ᠢᠮᠠᠭᠲᠠ ᠰᠡᠳᠬᠢᠯ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠢ ᠴᠢᠩᠭ᠎ᠠ ᠠᠳᠬᠤᠬᠤ︾ | ᠤᠬᠠᠮᠰᠠᠷ ᠪᠠ ᠯᠠᠪᠳᠠᠭᠤᠨ ᠪᠠᠲᠤᠲᠠᠢ ᠦᠢᠯᠡ ᠠᠵᠢᠯᠯᠠᠭ᠎ᠠ ᠪᠠᠷ ᠢᠶᠠᠨ ᠨᠠᠮ ᠪᠠ ᠠᠷᠠᠳ ᠲᠦᠮᠡᠨ ᠳᠤ ᠬᠠᠷᠢᠭᠤᠴᠠᠯᠭ᠎ᠠ | ᠡᠬᠦᠷᠬᠡᠯᠡᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ | ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠢᠩᠭ᠎ᠠ ᠲᠤᠭᠤᠰᠢᠯᠠᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ᠂ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠨ᠎ᠠ᠃ ᠵᠠᠰᠠᠭ ᠤᠨ ᠣᠷᠳᠣᠨ ᠠᠴᠠ ᠠᠷᠪᠢᠯᠠᠨ ᠭᠠᠮᠨᠠᠬᠤ ᠶᠢ | ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠵᠤ᠂ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠡᠳ᠋ ᠤᠨ | ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠳᠤ ᠨᠥᠭᠡᠴᠡ ᠨᠡᠮᠡᠷᠢᠯᠡᠵᠦ᠂ ᠤᠯᠠᠨ ᠲᠦᠮᠡᠨ ᠳᠤ ᠠᠰᠠᠷᠠᠮᠵᠢ ᠤᠯᠭᠤᠨ᠎ᠠ᠃ | ᠲᠥᠯᠥᠭᠡᠯᠡᠭᠴᠢᠳ ᠡ᠂ ᠪᠢᠳᠡ ᠤᠯᠠᠨ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠭᠦᠷᠢᠳᠡ | ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠡᠷᠡᠯᠬᠡᠭᠯᠡᠨ ᠲᠡᠮᠡᠴᠡᠵᠦ᠂ ᠳᠥᠷᠪᠡᠳ ᠬᠤᠰᠢᠭᠤᠨ ᠤ ᠴᠢᠨᠠᠷ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ | ᠪᠡᠯᠡᠭ ᠬᠦᠷᠭᠡᠶ᠎ᠡ︕ | | | ᠳᠡᠪᠰᠢᠭᠦᠯᠦᠭᠴᠢ ᠄ ᠲᠡᠷᠭᠡᠯ |