ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠦᠨ ᠱᠦᠸᠧᠷᠼᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/18
      ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠦᠨ ᠱᠦᠸᠧᠷᠼᠢ ᠲᠠᠢ ᠠᠭᠤᠯᠵᠠᠪᠠ           ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ   4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ  ᠰᠠᠶᠢᠦᠨ ᠱᠦᠸᠧᠷᠼᠢ ᠲᠠᠢ ᠠᠭᠤᠯᠵᠠᠪᠠ᠃
4.17.jpg
           4  ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ  ᠰᠠᠶᠢᠦᠨ ᠱᠦᠸᠧᠷᠼᠢ  ᠲᠠᠢ ᠠᠭᠤᠯᠵᠠᠪᠠ       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ  ᠪᠠᠶᠢᠭᠤᠯᠤᠯᠭᠰᠠᠨ 10 ᠵᠢᠯ ᠤᠨ ᠤᠢ ᠪᠣᠯᠣᠨ᠎ᠠ᠃ 10 ᠵᠢᠯ ᠤᠨ ᠲᠤᠷᠰᠢ  ᠬᠡᠳᠦᠶᠢᠪᠡᠷ ᠳᠡᠯᠡᠬᠡᠢ ᠶᠢᠨ  ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠭᠧᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ ᠳᠡᠯᠡᠬᠡᠢ ᠵᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠠᠬᠢᠵᠤ᠂ ᠬᠥᠮᠥᠨ ᠲᠥᠷᠥᠯᠬᠢᠲᠡᠨ ᠤ  ᠨᠡᠶᠢᠭᠡᠮ ᠳᠤ ᠲᠤᠯᠭᠠᠷᠠᠵᠤ  ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ  ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠠᠴᠢ ᠬᠤᠯᠪᠣᠭᠳᠠᠯ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ ᠬᠡᠪᠴᠢᠶᠡᠨ ᠠᠴᠠ ᠳᠠᠪᠠᠵᠤ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ᠃ ᠬᠤᠶᠠᠷ ᠤᠯᠤᠰ ᠢᠶᠠᠷ ᠢᠶᠠᠨ ᠠᠯᠤᠰ ᠭᠡᠳᠦ ᠶᠢᠨ ᠪᠠ ᠪᠠᠶ᠋ᠢᠯᠳᠤᠬᠤ ᠪᠣᠳᠣᠯᠭ᠎ᠠ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ ᠳᠡᠯᠡᠬᠡᠢ ᠳᠤ ᠠᠰᠢᠭᠲᠠᠢ ᠶᠤᠮ᠃ ᠳᠡᠯᠡᠬᠡᠢ ᠵᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ ᠪᠣᠯᠣᠨ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ  ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ  ᠪᠠᠶᠢᠷᠢ ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠢ ᠴᠢᠨᠠᠷ ᠲᠠᠢ  ᠪᠠᠶᠢᠬᠤ ᠶᠢ ᠪᠠᠲᠤᠯᠠᠵᠤ  ᠪᠠᠶᠢᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ ᠶᠠᠪᠤᠯᠴᠠᠭ᠎ᠠ ᠪᠠᠨ  ᠨᠢᠭᠲᠠᠷᠠᠭᠤᠯᠵᠤ᠂  ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃       ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠬᠤᠶᠠᠷ ᠤᠯᠤᠰ ᠤᠨ ᠵᠠᠬ᠎ᠠ ᠳᠡᠯᠭᠡᠭᠦᠷ ᠳᠡᠭᠡᠳᠦ ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ︽ᠠᠶᠤᠯ ᠲᠦᠭᠰᠢᠭᠦᠷᠢ︾ ᠲᠠᠢ ᠪᠢᠰᠢ᠂ ᠬᠠᠷᠢᠨ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠪᠤᠷᠢᠲᠠᠢ  ᠪᠠᠶᠢᠬᠤ ᠶᠢᠨ ᠪᠠᠲᠤᠯᠠᠭ᠎ᠠ᠂ ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ᠃ ᠮᠠᠰᠢᠨ ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ  ᠴᠣ᠋ ᠲᠡᠷᠡ᠂ ᠪᠣᠬᠢᠷᠳᠤᠯ ᠦᠭᠡᠢ  ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ  ᠴᠣ᠋ ᠲᠡᠷᠡ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ ᠶᠡᠭᠡ ᠲᠠᠯᠳᠠ ᠬᠦᠴᠦᠨ ᠢ ᠠᠭᠤᠳᠠᠯᠵᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠯᠡ ᠲᠣᠳᠣ ᠣᠨᠴᠠᠯᠢᠭ ᠢ ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ ᠭᠠᠷᠭᠠᠭᠰᠠᠨ ᠪᠦᠭᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ  ᠲᠠᠶᠢᠰᠢ ᠭᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ  ᠪᠠᠶᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ ᠦᠢᠯᠡᠰ ᠢᠶᠠᠷ ᠤᠯᠤᠰ ᠢᠶᠠᠨ  ᠪᠠᠶᠢᠭᠤᠯᠵᠤ᠂ ᠴᠥᠮ ᠴᠢᠯᠦᠭᠡᠲᠦ ᠠᠷᠠᠯᠵᠢᠶ᠎ᠠ ᠪᠣᠯᠣᠨ ᠠᠵᠤ ᠠᠬᠤᠢ ᠶᠢᠨ  ᠳᠡᠯᠡᠬᠡᠶᠢᠵᠢᠯᠲᠡ ᠶᠢ ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ  ᠦᠨᠳᠡᠶᠢᠬᠦ ᠶᠢ ᠰᠡᠷᠡᠮᠵᠢᠯᠡᠵᠦ᠂ ᠵᠠᠬ᠎ᠠ ᠳᠡᠯᠭᠡᠭᠦᠷ ᠤᠨ ᠬᠠᠷᠠᠴᠠ ᠪᠣᠯᠣᠨ ᠪᠦᠭᠦ ᠪᠥᠮᠪᠥᠷᠴᠡᠭ ᠤᠨ ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠵᠤ  ᠠᠬᠤᠶᠢᠯᠠᠯ ᠤᠨ ᠭᠧᠷᠮᠠᠨ ᠳᠤ ᠬᠦᠷᠴᠦ ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠤ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠭᠧᠷᠮᠠᠨ ᠤ  ᠳᠤ ᠬᠦᠰᠡᠵᠦ  ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ  ᠲᠤᠶᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ ᠲᠠᠢ ᠶᠤᠮ᠃ ᠤᠯᠠᠨ  ᠲᠤᠶᠢᠯᠰᠢᠷᠠᠯᠲᠠ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ  ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ ᠬᠤᠭᠤᠷᠣᠨᠳᠤ ᠬᠠᠷᠢᠯᠴᠠᠨ ᠭᠦᠨᠳᠦᠳᠬᠡᠵᠦ᠂  ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ  ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ ᠦᠭᠡᠢ  ᠪᠠᠶᠢᠳᠠᠯ ᠭᠠᠵᠠᠷ ᠣᠷᠣᠨ ᠤ ᠮᠥᠷᠭᠦᠯᠳᠦᠭᠡᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ  ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃       ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠦ ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠶᠠᠪᠤᠯᠴᠠᠭ᠎ᠠ  ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ  ᠪᠠᠶᠢᠯᠳᠤᠬᠤ ᠪᠣᠳᠣᠯᠭ᠎ᠠ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ ᠠᠭᠤᠷ ᠠᠮᠢᠰᠬᠤᠯ ᠤᠨ ᠬᠤᠪᠢᠷᠠᠯᠲᠠ ᠪᠣᠯᠣᠨ ᠪᠣᠬᠢᠷᠳᠤᠯ ᠦᠭᠡᠢ  ᠲᠠᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ  ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ  ᠤᠶᠢᠷ᠎ᠠ ᠶᠢᠨ ᠵᠢᠯ ᠳᠤ ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ  ᠤᠶᠢᠯᠭᠠᠵᠦ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ  ᠠᠬᠤᠶᠢᠯᠠᠯ ᠤᠨ ᠡᠲᠡᠭᠡᠳ ᠤᠨ  ᠨᠢᠭᠲᠠ ᠰᠠᠶᠢᠨ ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ ᠭᠧᠷᠮᠠᠨ ᠤ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ  ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠂ ᠡᠨᠡ ᠭᠧᠷᠮᠠᠨ ᠳᠤᠮᠳᠠᠳᠤ ᠬᠤᠶᠠᠷ ᠤᠯᠤᠰ ᠵᠢᠴᠢ ᠳᠡᠯᠡᠬᠡᠢ ᠳ᠋ᠠᠬᠢᠨ ᠳᠤ ᠴᠥᠮ  ᠲᠤᠶᠢᠯ ᠤᠨ ᠴᠢᠬᠤᠯᠠ ᠶᠤᠮ ᠃ ᠭᠧᠷᠮᠠᠨ ᠤ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠪᠠᠷ  ᠴᠢᠷᠮᠠᠶᠢᠵᠤ᠂ ᠳᠡᠯᠡᠬᠡᠢ ᠶᠢᠨ ᠡᠩᠬᠡ  ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ ᠭᠧᠷᠮᠠᠨ ᠤ ᠲᠠᠯ᠎ᠠ ᠶᠢᠨ ᠬᠠᠮᠠᠭᠠᠯᠠᠬᠤ ᠦᠵᠡᠯ ᠢ ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠶᠢ ᠳᠠᠮᠵᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ᠂ ᠭᠧᠷᠮᠠᠨ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ  ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃       ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶ᠋ᠢᠨ ᠤ ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠭᠧᠷᠮᠠᠨ ᠴᠥᠮ ᠣᠯᠠᠨ ᠤᠯᠤᠰ ᠤᠨ ᠬᠤᠯᠪᠣᠭᠠᠲᠤ ᠪᠠᠶᠢᠭᠤᠯᠤᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ  ᠴᠢᠷᠮᠠᠶᠢᠵᠦ᠂ ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ  ᠲᠠᠶᠢᠪᠤᠩ ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ ᠢᠯᠡᠳᠬᠡᠪᠡ᠃       ᠰᠢ ᠶᠢᠨ ᠫᠢᠩ᠂ ᠣᠳᠣᠬᠠᠨ ᠤ  ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ  ᠰᠠᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠡᠩᠬᠡ  ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ  ᠴᠢᠷᠮᠠᠶᠢᠪᠠᠯ ᠵᠣᠬᠢᠨ᠎ᠠ᠃  ᠡᠶᠢᠮᠦ ᠠᠴᠠ ᠳᠣᠣᠷᠠᠬᠢ ᠬᠡᠳᠦᠨ ᠵᠠᠷᠴᠢᠮ ᠢ ᠪᠠᠷᠢᠮᠲᠠᠯᠠᠪᠠᠯ ᠵᠣᠬᠢᠨ᠎ᠠ᠄ ᠨᠢᠭᠡ ᠳᠤ ᠡᠩᠬᠡ  ᠲᠠᠶᠢᠪᠤᠩ ᠲᠣᠭᠲᠠᠭᠤᠨ  ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ᠂ ᠬᠤᠪᠢ ᠶᠢᠨ ᠠᠰᠢᠭ ᠲᠤᠰᠠ ᠪᠠᠨ ᠬᠥᠭᠡᠭᠡᠴᠡᠯᠳᠦᠬᠦ ᠦᠭᠡᠢ  ᠪᠠᠶᠢᠬᠤ ᠬᠡᠷᠡᠭᠲᠡᠢ᠃ ᠬᠤᠶᠠᠷ ᠲᠤ ᠴᠠᠭ ᠤᠨ  ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂ ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ  ᠪᠠᠶᠢᠬᠤ ᠬᠡᠷᠡᠭᠲᠡᠢ᠃ ᠭᠤᠷᠪᠠ ᠳᠤ ᠡᠩᠬᠡ  ᠲᠠᠶᠢᠪᠤᠩ  ᠢ ᠰᠡᠷᠭᠦᠭᠡᠬᠦ ᠳᠤ ᠨᠥᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ ᠬᠤᠷᠴᠠᠳᠬᠠᠬᠤ ᠦᠭᠡᠢ  ᠪᠠᠶᠢᠬᠤ ᠬᠡᠷᠡᠭᠲᠡᠢ᠃ ᠳᠥᠷᠪᠡ ᠳᠤ ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ  ᠪᠠᠶᠢᠬᠤ ᠬᠡᠷᠡᠭᠲᠡᠢ᠃ ᠳᠤᠮᠳᠠᠳᠤ ᠤᠯᠤᠰ ᠪᠣᠯ ᠦᠺᠷᠠᠶ᠋ᠢᠨ ᠤ ᠬᠢᠮᠤᠷᠠᠯ ᠤᠨ ᠬᠤᠯᠪᠤᠭ᠎ᠠ ᠲᠠᠢ ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ ᠬᠢᠮᠤᠷᠠᠯ ᠢ  ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ  ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶ᠋ᠢᠨ ᠬᠤᠶᠠᠷ ᠲᠠᠯ᠎ᠠ ᠶᠢᠨ ᠪᠦᠷ ᠮᠡᠳᠡᠷᠡᠬᠦ᠂ ᠡᠯ᠎ᠡ ᠲᠠᠯ᠎ᠠ ᠶᠢᠨ ᠡᠷᠬᠡ ᠲᠡᠭᠰᠢ ᠪᠠᠷ ᠣᠷᠤᠯᠴᠠᠬᠤ᠂ ᠪᠤᠢ ᠪᠦᠬᠦᠢ  ᠨᠠᠶᠢᠷᠠᠮᠳᠠᠯ ᠤᠨ ᠲᠥᠰᠥᠯ ᠢ ᠡᠷᠬᠡ ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ  ᠲᠠᠶᠢᠪᠤᠩ ᠤᠨ ᠬᠤᠷᠠᠯ ᠢ ᠴᠠᠭ ᠲᠠᠭᠠᠨ ᠲᠣᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠬᠤᠯᠪᠣᠭᠳᠠᠯ ᠪᠦᠬᠦᠢ ᠲᠠᠯ᠎ᠠ ᠶᠢᠨ  ᠲᠠᠢ  ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃       ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶ᠋ᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠤᠯᠠᠨ ᠤᠯᠤᠰ ᠤᠨ ᠬᠤᠯᠪᠣᠭᠠᠲᠤ  ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ  ᠨᠠᠶᠢᠳᠠᠪᠤᠷᠢᠵᠢᠭᠤᠯᠵᠤ ᠬᠡᠷᠡᠭ ᠶᠡᠬᠡᠳᠬᠦ ᠶᠢ  ᠰᠡᠷᠭᠡᠶᠢᠯᠡᠵᠦ᠂  ᠪᠠᠶᠢᠳᠠᠯ ᠴᠢᠨᠠᠭᠰᠢᠳᠠ ᠮᠠᠭᠤᠳᠠᠬᠤ ᠠᠴᠠ  ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ ᠪᠠᠲᠤᠯᠠᠵᠤ᠂ ᠫᠠᠯᠧᠰᠲ᠋ᠠᠶ᠋ᠢᠨ ᠤ ᠠᠰᠠᠭᠤᠳᠠᠯ ᠢ ︽ᠬᠤᠶᠠᠷ ᠤᠯᠤᠰ ᠤᠨ ᠲᠥᠰᠥᠯ︾ ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ ᠬᠢᠬᠦ ᠪᠠᠷ ᠳᠠᠮᠵᠢᠨ ᠰᠢᠢᠳᠪᠦᠷᠢᠯᠡᠬᠦ ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠤᠯᠤᠰ ᠢ ᠭᠠᠵᠠᠷ ᠣᠷᠣᠨ ᠤ ᠡᠩᠬᠡ  ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠤᠷᠢᠶᠠᠯᠠᠵᠤ᠂ ᠫᠠᠯᠧᠰᠲ᠋ᠠᠶ᠋ᠢᠨ ᠤ ᠠᠰᠠᠭᠤᠳᠠᠯ ᠤᠨ ᠡᠷᠲᠡᠬᠡᠨ ᠪᠦᠭᠦ ᠲᠠᠯ᠎ᠠ ᠶᠢᠨ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ ᠵᠣᠬᠢᠨ᠎ᠠ ᠭᠡᠵᠦ ᠦᠵᠡᠪᠡ᠃      ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ ᠵᠣᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃        ᠸᠠᠩ ᠢ ᠠᠭᠤᠯᠵᠠᠯᠲᠠ ᠳᠤ ᠣᠷᠣᠯᠴᠠᠵᠠᠢ᠃ᠳᠡᠪᠰᠢᠭᠦᠯᠦᠭᠴᠢ ᠄  ᠲᠡᠷᠭᠡᠯ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2