ᠪᠠᠶᠠᠨᠴᠣᠭᠲᠤ ᠪᠠᠯᠭᠠᠰᠤ ᠳᠥᠷᠪᠡᠨ ᠰᠠᠷ᠎ᠠ ᠳᠤ ᠪᠦᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/4/19
      ᠪᠠᠶᠠᠨᠴᠣᠭᠲᠤ ᠪᠠᠯᠭᠠᠰᠤ ᠳᠥᠷᠪᠡᠨ ᠰᠠᠷ᠎ᠠ ᠳᠤ ᠪᠦᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ           ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠠᠨᠠᠭᠠᠴᠢᠯᠠᠭ᠎ᠠ ᠲᠠᠢ ᠪᠠᠷ ᠤᠩᠰᠢᠯᠭ᠎ᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠠᠴᠠ ᠨᠡᠰᠢ᠂ ᠪᠠᠶᠠᠨᠴᠣᠭᠲᠤ ᠪᠠᠯᠭᠠᠰᠤ  ᠨᠢ ᠲᠠᠯ᠎ᠠ ᠨᠤᠲᠤᠭ ᠤᠨ ᠨᠣᠮ ᠤᠨ ᠥᠷᠥᠭᠡ ᠯᠦᠭᠡ ᠲᠦᠰᠢᠭᠯᠡᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠶᠠᠨᠴᠣᠭᠲᠤ ᠪᠠᠯᠭᠠᠰᠤᠨ ᠳᠤ ᠪᠦᠬᠦ ᠠᠷᠠᠳ ᠤᠨ ᠤᠩᠰᠢᠯᠭ᠎ᠠ ᠶᠢᠨ ᠥᠷᠨᠢᠯᠲᠡ ᠶᠢ ᠪᠣᠢ ᠪᠣᠯᠭᠠᠵᠠᠢ᠃       ᠪᠠᠶᠠᠨᠴᠣᠭᠲᠤ ᠪᠠᠯᠭᠠᠰᠤ ᠶᠢᠨ ᠠᠵᠢᠯᠲᠠᠨ ᠤ ᠨᠣᠮ ᠤᠨ ᠲᠠᠰᠤᠭ ᠲᠤ ᠺᠠᠳ᠋ᠷ ᠠᠵᠢᠯᠲᠠᠨ ᠥᠪᠡᠷ ᠤᠨ ᠳᠤᠷ᠎ᠠ ᠰᠣᠨᠢᠷᠬᠠᠯ ᠲᠠᠢ ᠨᠣᠮ ᠢᠶᠠᠨ ᠰᠣᠩᠭᠤᠵᠤ᠂ ᠨᠠᠷᠢᠨ ᠨᠢᠭᠲᠡ ᠤᠩᠰᠢᠵᠤ᠂ ᠥᠪᠡᠷ ᠤᠨ ᠮᠡᠳᠡᠯᠭᠡ ᠶᠢᠨ ᠨᠥᠭᠡᠴᠡ ᠪᠠᠨ ᠨᠡᠮᠡᠭᠳᠡᠭᠦᠯᠬᠦ ᠬᠡᠷᠡᠭᠲᠡᠢ᠃ᠨᠣᠮ ᠤᠩᠰᠢᠬᠤ ᠤᠷᠮ᠎ᠠ ᠰᠡᠳᠬᠢᠯᠭᠡ ᠶᠢ ᠬᠤᠪᠢᠶᠠᠯᠴᠠᠨ ᠬᠦᠷᠲᠡᠬᠦ ᠪᠠᠷ ᠳᠠᠮᠵᠢᠭᠠᠳ᠂ ᠣᠯᠠᠨ ᠢᠶᠠᠷ ᠢᠶᠠᠨ ᠰᠤᠷᠤᠯᠴᠠᠬᠤ ᠠᠭᠤᠯᠭ᠎ᠠ ᠶᠢᠨ ᠲᠤᠬᠠᠢ ᠨᠡᠩ ᠭᠦᠨᠵᠡᠭᠡᠢ ᠰᠠᠭᠤᠭᠳᠠᠯ ᠲᠠᠢ ᠪᠣᠯᠵᠤ᠂ ᠨᠡᠩ ᠣᠨᠣᠪᠴᠢᠲᠠᠢ ᠲᠠᠨᠢᠯᠲᠠ ᠲᠠᠢ ᠪᠣᠯᠵᠤ᠂ ᠰᠤᠷᠤᠯᠴᠠᠬᠤ ᠬᠠᠯᠠᠭᠤᠨ ᠰᠡᠳᠬᠢᠯᠭᠡ ᠨᠡᠩ ᠪᠠᠳᠠᠷᠠᠭᠤᠨ ᠪᠣᠯᠤᠭᠰᠠᠨ ᠪᠠᠶᠢᠨ᠎ᠠ       ᠡᠯ᠎ᠡ ᠭᠠᠴᠠᠭᠠᠨ ᠤ  ᠲᠠᠯ᠎ᠠ ᠨᠤᠲᠤᠭ ᠤᠨ ᠨᠣᠮ ᠤᠨ ᠥᠷᠥᠭᠡᠨ ᠳᠤ ᠣᠯᠠᠨ ᠲᠦᠮᠡᠨ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠮᠡᠳᠡᠯᠭᠡ ᠭᠦᠨ ᠳᠠᠯᠠᠢ ᠶᠢ ᠲᠣᠭᠤᠷᠢᠨ ᠠᠶᠠᠯᠠᠵᠤ ᠪᠠᠶᠢᠨ᠎ᠠ᠃ᠲᠡᠵᠢᠭᠡᠨ ᠦᠷᠡᠵᠢᠭᠦᠯᠬᠦ ᠠᠷᠭ᠎ᠠ ᠂ ᠮᠠᠯ ᠡᠮᠨᠡᠯᠭᠡ ᠶᠢᠨ ᠮᠡᠳᠡᠯᠭᠡ᠂ ᠡᠵᠡᠩᠨᠡᠬᠦ ᠦᠵᠡᠯᠲᠡ᠂ ᠬᠠᠤᠯᠢ ᠲᠦᠭᠡᠮᠡᠯᠵᠢᠭᠦᠯᠬᠦ ᠮᠡᠳᠡᠯᠭᠡ ᠵᠡᠷᠭᠡ ᠭᠤᠣᠯ ᠰᠡᠳᠦᠪᠲᠦ ᠨᠣᠮ ᠪᠢᠴᠢᠭ ᠣᠯᠠᠨ ᠤ ᠪᠠᠭ᠋ᠠᠷᠬᠠᠯ ᠢ ᠶᠡᠭᠡ ᠪᠠᠷ ᠲᠠᠲᠠᠵᠠᠢ᠃ ᠣᠯᠠᠨ ᠲᠦᠮᠡᠨ ᠨᠢᠭᠡ ᠨᠣᠮ ᠪᠢᠴᠢᠭ ᠢ ᠨᠢᠮᠪᠠᠢ ᠤᠩᠰᠢᠵᠤ᠂ ᠦᠢᠯᠡᠳᠪᠦᠷᠢᠯᠡᠯ ᠤᠨ ᠠᠵᠢᠯᠯᠠᠭ᠎ᠠ ᠥᠷᠨᠢᠭᠦᠯᠬᠦ ᠳᠤ ᠴᠠᠬᠢᠯᠭᠠᠨ ᠨᠥᠬᠦᠪᠥᠷᠢᠯᠡᠪᠡ᠃    《 ᠪᠢ᠂ ᠮᠠᠯ ᠠᠵᠤ ᠠᠬᠤᠢ ᠶᠢᠨ ᠲᠤᠬᠠᠢ ᠮᠡᠳᠡᠯᠭᠡ ᠳᠤ ᠶᠡᠭᠡ ᠰᠣᠨᠢᠷᠬᠠᠯ ᠲᠠᠢ᠃ᠥᠨᠥᠳᠥᠷ ᠡᠨᠡ ᠬᠦ᠋ ᠲᠡᠵᠢᠭᠡᠨ ᠦᠷᠡᠵᠢᠭᠦᠯᠬᠦ ᠲᠤᠬᠠᠢ ᠨᠣᠮ ᠢ ᠰᠤᠷᠤᠯᠴᠠᠭᠰᠠᠨ ᠤ ᠳᠠᠷᠠᠭ᠎ᠠ ᠪᠢ ᠲᠤᠩ ᠶᠡᠭᠡ ᠰᠡᠩᠬᠡᠷᠡᠭᠦᠯᠦᠯ ᠣᠯᠵᠤ᠂ ᠥᠪᠡᠷ ᠤᠨ ᠮᠠᠯᠵᠢᠯ ᠤᠨ ᠲᠠᠯᠠᠪᠠᠢ ᠶᠢᠨ ᠡᠵᠡᠩᠨᠡᠯᠲᠡ ᠶᠢᠨ ᠰᠡᠳᠬᠢᠴᠡ ᠳᠤ ᠰᠢᠨ᠎ᠡ ᠪᠣᠳᠣᠯ ᠲᠠᠢ ᠪᠣᠯᠪᠠ᠃ ᠡᠶᠢᠮᠦᠷᠬᠦ ᠠᠵᠢᠯᠯᠠᠭ᠎ᠠ ᠳᠤ  ᠮᠠᠰᠢ ᠤᠳᠬ᠎ᠠ ᠠᠭᠤᠯᠭ᠎ᠠ ᠲᠠᠢ ᠭᠡᠵᠦ ᠦᠵᠡᠵᠦ ᠪᠠᠶᠢᠨ᠎ᠠ᠂ ᠬᠤᠶᠢᠰᠢᠳᠠ  ᠦᠷᠭᠦᠯᠵᠢᠯᠡᠨ ᠣᠷᠣᠯᠴᠠᠨ᠎ᠠ ᠭᠡᠵᠦ  ᠣᠯᠠᠨ ᠲᠦᠮᠡᠨ ᠬᠡᠯᠡᠪᠡ᠃       ᠪᠠᠶᠠᠨᠴᠣᠭᠲᠤ ᠪᠠᠯᠭᠠᠰᠤ ᠨᠢ ᠨᠣᠮ ᠤᠨ ᠥᠷᠥᠭᠡ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠡᠯ᠎ᠡ ᠲᠥᠷᠥᠯ ᠤᠨ ᠨᠣᠮ ᠤᠩᠰᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠨᠣᠮ ᠤᠩᠰᠢᠬᠤ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠬᠠᠷᠢᠶ᠎ᠠ ᠲᠣᠭᠤᠷᠢᠭ ᠤᠨ ᠰᠢᠨ᠎ᠡ ᠬᠡᠪ ᠰᠤᠷᠲᠠᠯ ᠪᠣᠯᠭᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2