ᠳᠥᠷᠪᠡᠳ ᠬᠤᠰᠢᠭᠤ 2024 ᠣᠨ ᠤ 《 ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ 》 ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/19
      ᠳᠥᠷᠪᠡᠳ ᠬᠤᠰᠢᠭᠤ 2024 ᠣᠨ ᠤ 《 ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ 》 ᠶᠢᠨ ᠠᠵᠢᠯᠯᠠᠭ᠎ᠠ ᠥᠷᠨᠢᠭᠦᠯᠪᠡ           ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠨᠡᠩ ᠬᠥᠮᠦᠵᠢᠭᠦᠯᠵᠦ ᠬᠥᠲᠥᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠱᠤᠭᠤᠵᠤ᠂ ᠬᠢᠯᠢ ᠬᠢᠵᠠᠭᠠᠷ ᠢ ᠬᠠᠮᠠᠭᠠᠯᠠᠬᠤ ᠢᠷᠠᠭᠤ ᠠᠯᠳᠠᠷᠲᠠᠢ᠂ ᠨᠤᠲᠤᠭ ᠳᠡᠪᠢᠰᠬᠡᠷ ᠢᠶᠠᠨ ᠬᠠᠮᠠᠭᠠᠯᠠᠬᠤ ᠳᠤ ᠬᠠᠷᠢᠭᠤᠴᠠᠯᠭ᠎ᠠ ᠲᠠᠢ ᠬᠢᠯᠢ ᠬᠢᠵᠠᠭᠠᠷ ᠢ ᠬᠦᠴᠦᠷᠬᠡᠭᠵᠢᠭᠦᠯᠦᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠨᠢᠭᠡᠳᠦᠮᠡᠯ ᠹᠷᠣᠨᠲ ᠤᠨ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠠᠤᠯᠢ ᠴᠠᠭᠠᠵᠠ ᠶᠢᠨ ᠲᠣᠪᠴᠢᠶ᠎ᠠ ᠵᠢᠴᠢ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠦᠨᠳᠦᠰᠦᠨ ᠱᠠᠲᠤᠨ ᠳᠤ ᠭᠦᠨᠵᠡᠭᠡᠶᠢᠷᠡᠨ 2024 ᠣᠨ ᠤ 《 ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ 》 ᠶᠢᠨ ᠠᠵᠢᠯᠯᠠᠭ᠎ᠠ ᠶᠢ ᠥᠷᠨᠢᠭᠦᠯᠪᠡ᠃
4.18+1.jpg     
      ᠠᠵᠢᠯᠯᠠᠭ᠎ᠠ ᠨᠢ ᠠᠰᠠᠭᠤᠨ ᠯᠠᠪᠯᠠᠬᠤ ᠲᠠᠶᠢᠰᠠ ᠪᠠᠶᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠮᠡᠳᠡᠯᠭᠡ ᠶᠢᠨ ᠲᠠᠶᠢᠯᠤᠮᠵᠢ ᠬᠢᠬᠦ᠂ ᠠᠯᠪᠠᠨ ᠵᠢᠷᠤᠮ ᠤᠨ ᠡᠮᠴᠢᠯᠡᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠤᠬᠠᠭᠤᠯᠵᠤ᠂ ᠮᠠᠯᠴᠢᠨ ᠣᠯᠠᠨ ᠲᠦᠮᠡᠨ᠂ ᠬᠢᠯᠢ ᠬᠠᠮᠠᠭᠠᠯᠠᠭᠴᠢ ᠪᠣᠯᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠢᠳᠡᠪᠬᠢᠲᠡᠢ ᠲᠤᠰᠬᠠᠯ ᠪᠣᠯᠤᠨ ᠳᠡᠮᠵᠢᠯᠭᠡ ᠶᠢ ᠣᠯᠵᠤ᠂ ᠬᠢᠯᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠬᠠᠤᠯᠢ ᠳᠦᠷᠢᠮ ᠬᠥᠮᠦᠰ ᠤᠨ ᠰᠡᠳᠬᠢᠯ ᠳᠤ ᠬᠠᠳᠠᠩᠰᠢᠨ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠠᠢ᠃
4.18+2.jpg    
      ᠵᠠᠩᠭᠠᠨ ᠰᠤᠮᠤᠨ ᠤ ᠬᠢᠯᠢ ᠬᠢᠵᠠᠭᠠᠷ ᠤᠨ ᠭᠠᠴᠠᠭᠠᠨ ᠤ ᠨᠢᠭᠡᠳᠦᠭᠡᠷ ᠹᠷᠣᠨᠲ ᠤᠨ ᠬᠢᠯᠢ ᠶᠢᠨ ᠬᠠᠮᠠᠭᠠᠯᠠᠯᠲᠠ ᠶᠢᠨ ᠠᠵᠢᠯᠲᠠᠨ ᠴᠠᠭᠠᠨ ᠵᠠᠨᠠ᠄ 《 ᠥᠨᠥᠳᠥᠷ᠂ ᠠᠵᠢᠯᠲᠠᠳ ᠪᠢᠳᠡᠨ ᠳᠤ ᠬᠢᠯᠢ ᠶᠢᠨ ᠬᠠᠤᠯᠢ ᠲᠣᠭᠲᠠᠭᠠᠮᠵᠢ ᠶᠢ ᠰᠤᠷᠲᠠᠯᠴᠢᠯᠠᠨ ᠥᠭᠴᠦ᠂ ᠠᠳᠠᠯᠢ ᠪᠤᠰᠤ ᠠᠷᠭ᠎ᠠ ᠪᠠᠷ ᠬᠢᠯᠢ ᠶᠢᠨ ᠬᠠᠮᠠᠭᠠᠯᠠᠯᠲᠠ ᠶᠢᠨ ᠲᠤᠬᠠᠢ ᠮᠡᠳᠡᠯᠭᠡ ᠶᠢ ᠪᠢᠳᠡᠨ ᠳᠤ ᠣᠶᠢᠯᠠᠭᠠᠭᠤᠯᠵᠠᠢ᠃ ᠬᠢᠯᠢ ᠶᠢᠨ ᠬᠠᠮᠠᠭᠠᠯᠠᠯᠲᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠢ ᠰᠤᠷᠤᠭᠰᠠᠨ ᠮᠡᠳᠡᠯᠭᠡ ᠪᠠᠨ ᠳᠡᠷᠭᠡᠳᠡᠬᠢ ᠣᠯᠠᠨ ᠲᠦᠮᠡᠨ ᠳᠤ ᠤᠬᠠᠭᠤᠯᠵᠤ᠂ ᠣᠯᠠᠨ ᠢᠶᠠᠷ ᠢᠶᠠᠨ ᠬᠠᠮᠲᠤ ᠪᠠᠷ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃
4.18+3.jpg     
      ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ᠂ ᠬᠢᠯᠢ ᠶᠢᠨ ᠬᠠᠮᠠᠭᠠᠯᠠᠯᠲᠠ ᠶᠢᠨ ᠠᠯᠪᠠᠨ ᠭᠡᠷ ᠤᠨ ᠡᠷᠬᠢᠯᠡᠭᠴᠢ ᠭᠦᠸᠧ ᠯᠢᠶᠠᠨ ᠭᠧᠨ ᠢᠯᠡᠷᠬᠡᠶᠢᠯᠡᠭᠰᠡᠨ ᠨᠢ᠄ ᠲᠤᠰ ᠤᠳᠠᠭ᠎ᠠ 《 ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ 》 ᠪᠠᠷ ᠲᠣᠬᠢᠶᠠᠯ ᠪᠣᠯᠭᠠᠨ᠂ ᠬᠢᠯᠢ ᠶᠢᠨ ᠬᠠᠷᠢᠶ᠎ᠠ ᠣᠷᠣᠨ ᠤ ᠨᠡᠭᠡᠭᠡᠨ ᠬᠥᠭᠵᠢᠭᠦᠯᠬᠦ᠂ ᠦᠢᠯᠡᠳᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠳᠤ ᠤᠬᠠᠭᠤᠯᠭ᠎ᠠ ᠬᠥᠮᠦᠵᠢᠯ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠢᠯᠢ ᠪᠠᠨ ᠬᠠᠶᠢᠷᠠᠯᠠᠬᠤ᠂ ᠬᠢᠯᠢ ᠬᠢᠵᠠᠭᠠᠷ ᠢ ᠰᠠᠬᠢᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢ ᠨᠢ ᠨᠡᠮᠡᠭᠳᠡᠭᠦᠯᠦᠨ᠂ ᠬᠢᠯᠢ ᠶᠢᠨ ᠣᠷᠣᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠬᠦ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
4.18+4.jpg     
      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠲᠤ ᠶᠢᠨ ᠬᠦᠴᠦ ᠪᠠᠷ ᠬᠢᠯᠢ ᠶᠢᠨ ᠰᠡᠷᠭᠡᠶᠢᠯᠡᠯᠲᠡ ᠶᠢ ᠴᠢᠩᠭᠠᠳᠬᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ᠂ ᠬᠢᠯᠢ ᠶᠢᠨ ᠬᠠᠮᠢᠶᠠᠷᠤᠯᠲᠠ ᠶᠢᠨ ᠠᠵᠢᠯ ᠳᠤ ᠬᠠᠮᠵᠢᠯᠴᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠲᠤᠪᠠᠷ ᠪᠠᠶᠢᠭᠤᠯᠬᠤ ᠡᠷᠡᠰ ᠪᠠᠲᠤ ᠵᠣᠷᠢᠭ ᠪᠠ ᠢᠲᠡᠭᠡᠯ ᠢ ᠪᠣᠢ ᠪᠣᠯᠭᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2