ᠬᠤᠰᠢᠭᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
      ᠬᠤᠰᠢᠭᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ           4 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠬᠤᠷᠠᠯ ᠪᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠬᠤᠰᠢᠭᠤᠨ ᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
4..17+1.jpeg     
      ᠢᠦᠢ ᠳ᠋ᠠᠢ ᠴᠢᠩ ᠬᠡᠯᠡᠬᠦ ᠳᠡᠭᠡᠨ᠂ 《 ᠮᠢᠩᠭᠠᠨ ᠲᠦᠮᠡᠨ ᠢᠨᠵᠧᠨᠧᠷᠢᠩ 》 ᠪᠣᠯ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠮᠣᠵᠢ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ 《 ᠮᠢᠩᠭᠠᠨ ᠲᠦᠮᠡᠨ ᠢᠨᠵᠧᠨᠧᠷᠢᠩ 》 ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠳᠤ 5 ᠵᠢᠱᠢᠶ᠎ᠡ ᠦᠵᠡᠭᠦᠯᠬᠦ ᠰᠢᠶᠠᠩ ᠪᠠᠯᠭᠠᠰᠤ᠂ 35 ᠵᠢᠱᠢᠶ᠎ᠡ ᠦᠵᠡᠭᠦᠯᠬᠦ ᠲᠣᠰᠬᠤᠨ ᠢ ᠪᠣᠢ ᠪᠣᠯᠭᠠᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠦ᠂ ᠠᠷᠠᠭ᠎ᠠ ᠰᠢᠳᠦ ᠨᠤᠬᠤᠯᠬᠤ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠤᠰᠤᠨ ᠤ ᠦᠨ᠎ᠡ ᠬᠠᠩᠰᠢ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ ᠲᠠᠷᠢᠶᠠᠯᠠᠩ ᠢ ᠬᠤᠯᠪᠣᠬᠤ ᠲᠠᠷᠢᠶᠠᠯᠠᠬᠤ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠦᠬᠦ ᠤᠯᠤᠰ ᠤᠨ ᠬᠤᠨᠢ ᠢᠮᠠᠭᠠᠨ ᠳᠣᠲᠣᠷ ᠡᠯᠳᠡᠪ ᠢᠳᠡᠭᠡᠨ ᠤ ᠨᠠᠶᠢᠷ ᠡᠷᠬᠢᠯᠡᠬᠦ ᠪᠠᠷ ᠢᠳᠡᠪᠬᠢᠲᠡᠢ ᠴᠢᠷᠮᠠᠶᠢᠵᠤ᠂ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠪᠣᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠯᠢᠳᠡᠭ ᠴᠢᠨᠠᠷ ᠰᠠᠶᠢᠲᠠᠢ ᠦᠨ᠎ᠡ ᠬᠠᠩᠰᠢ ᠶᠢ ᠪᠡᠶᠡᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ 《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠬᠠᠷᠢᠴᠠᠭᠤᠯᠵᠤ᠂ ᠪᠦᠬᠦ ᠬᠤᠰᠢᠭᠤ ᠳᠠᠶᠠᠭᠠᠷ ᠬᠠᠷᠠᠯᠲᠠ ᠪᠠᠨ ᠲᠣᠭᠲᠠᠭᠠᠨ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ᠂ ᠣᠯᠠᠨ ᠲᠦᠮᠡᠨ ᠤ ᠰᠡᠷᠡᠵᠦ ᠮᠡᠳᠡᠬᠦ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠪᠣᠳᠠᠲᠤ ᠠᠬᠢᠴᠠ ᠲᠠᠢ ᠪᠣᠯᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠩ ᠣᠯᠠᠨ ᠳᠥᠷᠪᠡᠳ ᠬᠤᠪᠢ ᠨᠡᠮᠡᠷᠢ ᠦᠵᠡᠭᠦᠯᠬᠦ ᠬᠡᠷᠡᠭᠲᠡᠢ᠃
4.17+2.jpeg     
      ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ  ᠂ ᠰᠤᠮᠤ᠂ ᠰᠢᠶᠠᠩ᠂ ᠬᠤᠰᠢᠭᠤᠨ ᠤ ᠰᠢᠭᠤᠳ ᠬᠠᠷᠢᠶ᠎ᠠ ᠪᠦᠬᠦᠢ ᠰᠠᠯᠪᠤᠷᠢ ᠪᠣᠯᠤᠨ ᠠᠷᠠᠳ ᠤᠨ ᠪᠦᠯᠬᠦᠮ ᠤᠳ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2