ᠰᠠᠨᠰᠠᠷ ᠤᠨ ᠠᠶᠠᠯᠠᠯ ᠤᠨ ᠬᠥᠮᠦᠨ ᠤ ᠵᠢᠰᠦᠳᠦᠭᠡᠷ ᠬᠤᠭᠤᠴᠠᠭᠠᠨ ᠤ ᠴᠠᠴᠠᠷᠭᠠᠨ᠎ᠠ ᠮᠣᠳᠣ ᠲᠠᠷᠢᠬᠤ  ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/23
      ᠰᠠᠨᠰᠠᠷ ᠤᠨ ᠠᠶᠠᠯᠠᠯ ᠤᠨ ᠬᠥᠮᠦᠨ ᠤ ᠵᠢᠰᠦᠳᠦᠭᠡᠷ ᠬᠤᠭᠤᠴᠠᠭᠠᠨ ᠤ ᠴᠠᠴᠠᠷᠭᠠᠨ᠎ᠠ ᠮᠣᠳᠣ ᠲᠠᠷᠢᠬᠤ  ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ            4 ᠰᠠᠷ᠎ᠠ ᠶᠢᠨ 22 ᠤ ᠡᠳᠦᠷ᠂ 《 ᠨᠢᠭᠡ ᠴᠠᠴᠠᠷᠭᠠᠨ᠎ᠠ ᠲᠠᠷᠢᠵᠤ᠂ ᠨᠢᠭᠡ ᠬᠡᠰᠡᠭ ᠴᠦᠯ ᠨᠣᠭᠤᠭᠠᠷᠠᠨ᠎ᠠ 》 ᠭᠡᠰᠡᠨ ᠭᠤᠣᠯ ᠰᠡᠳᠦᠪᠲᠦ ᠰᠠᠨᠰᠠᠷᠴᠢᠳ ᠤᠨ ᠵᠢᠰᠦᠳᠦᠭᠡᠷ ᠬᠤᠭᠤᠴᠠᠭᠠᠨ ᠤ ᠴᠠᠴᠠᠷᠭᠠᠨ᠎ᠠ ᠲᠠᠷᠢᠬᠤ ᠠᠵᠢᠯᠯᠠᠭ᠎ᠠ ᠳᠥᠷᠪᠡᠳ ᠬᠤᠰᠢᠭᠤᠨ ᠤ  ᠵᠢᠢ ᠱᠧᠩ ᠲᠠᠢ ᠪᠠᠯᠭᠠᠰᠤᠨ ᠤ  ᠲᠠᠩ ᠹᠠᠩ ᠫᠦ᠋ ᠽᠢ ᠲᠣᠰᠬᠤᠨ ᠳᠤ ᠡᠬᠢᠯᠡᠪᠡ᠃ ᠲᠤᠰ ᠡᠳᠦᠷ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 5000 ᠭᠠᠷᠤᠢ ᠠᠮᠢ ᠠᠬᠤᠢ ᠶᠢᠨ ᠰᠠᠶᠢᠨ ᠳᠤᠷᠠᠴᠤᠳ 1.3 ᠲᠦᠮᠡᠨ ᠴᠠᠴᠠᠷᠭᠠᠨ᠎ᠠ ᠲᠠᠷᠢᠵᠤ᠂ ᠪᠣᠬᠢᠷᠲᠤᠯ ᠥᠬᠡᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠡᠬᠡ ᠤᠯᠤᠰ ᠤᠨ ᠤᠮᠠᠷᠠᠲᠤ ᠣᠷᠣᠨ ᠳᠤ ᠨᠣᠭᠤᠭᠠᠨ ᠥᠩᠭᠡ ᠨᠡᠮᠡᠷᠢᠯᠡᠵᠡᠢ᠃ 
4.23+1.jpeg      
      ᠠᠵᠢᠯᠯᠠᠭ᠎ᠠ ᠶᠢᠨ ᠠᠬᠤᠢ ᠲᠠᠯᠠᠪᠠᠢ ᠳᠤ᠂ ᠨᠣᠭᠤᠭᠠᠨ ᠪᠠ ᠵᠦᠷᠵᠢ ᠶᠢᠨ ᠥᠩᠭᠡ ᠶᠢᠨ ᠬᠢᠮᠤᠰᠤ ᠶᠢ ᠨᠢᠳᠦᠨ ᠤᠬᠤᠷᠢᠭᠤᠯᠤᠨ᠂ ᠰᠠᠶᠢᠨ ᠳᠤᠷᠠᠴᠤᠳ ᠮᠣᠳᠣᠨ ᠤ ᠴᠢᠬᠢ ᠶᠢ ᠲᠤᠯᠵᠤ᠂ ᠬᠦᠷᠵᠡ ᠡᠷᠭᠢᠭᠦᠯᠦᠨ ᠰᠢᠷᠣᠢ ᠰᠠᠴᠤᠵᠤ᠂ ᠬᠠᠰᠢᠯᠭ᠎ᠠ ᠶᠢᠨ ᠬᠠᠰᠢᠯᠭ᠎ᠠ ᠶᠢ ᠲᠡᠭᠰᠢᠯᠡᠭᠰᠡᠨ ᠨᠢᠭᠡ ᠰᠠᠭᠤᠷᠢ ᠰᠡᠷᠪᠡᠭᠡ ᠲᠠᠢ ᠰᠠᠯᠬᠢ ᠰᠥᠷᠦᠨ ᠵᠣᠭᠰᠣᠵᠤ᠂ ᠣᠯᠠᠨ ᠢᠶᠠᠷ ᠢᠶᠠᠨ ᠮᠣᠳᠣᠨ ᠤ ᠴᠢᠬᠢ ᠶᠢᠨ ᠳᠡᠭᠡᠷ᠎ᠡ 《 ᠬᠦᠰᠡᠯ ᠤᠨ ᠺᠠᠷᠲ 》 ᠡᠯᠭᠦᠵᠦ᠂ ᠰᠡᠭᠦᠳᠡᠷ ᠲᠡᠳᠡᠨ ᠳᠤᠷᠠᠰᠬᠠᠯ ᠦᠯᠡᠳᠡᠭᠡᠪᠡ᠃ 
4.23+2.jpeg       
      2015 ᠤᠨ ᠠᠴᠠ ᠡᠬᠢᠯᠡᠨ᠂ ᠲᠤᠰ ᠲᠥᠷᠥᠯ ᠤᠨ ᠠᠵᠢᠯᠯᠠᠭ᠎ᠠ ᠶᠢ 8 ᠬᠤᠭᠤᠴᠠᠭ᠎ᠠ ᠦᠷᠭᠦᠯᠵᠢᠯᠡᠨ ᠶᠠᠪᠤᠭᠳᠠᠭᠤᠯᠵᠤ᠂ ᠣᠷᠣᠯᠴᠠᠭᠰᠠᠨ ᠬᠥᠮᠦᠨ ᠤ ᠲᠤᠭ᠎ᠠ 2 ᠲᠦᠮᠡᠨ ᠬᠥᠮᠦᠨ ᠤᠳᠠᠭ᠎ᠠ ᠶᠢ ᠳᠠᠪᠠᠵᠤ᠂ ᠣᠷᠣᠯᠴᠠᠭᠰᠠᠨ ᠬᠥᠮᠦᠰ ᠪᠣᠳᠠᠲᠤ ᠠᠵᠢᠯᠯᠠᠭ᠎ᠠ ᠪᠠᠷ ᠢᠶᠠᠨ 《 ᠨᠢᠭᠡ ᠰᠠᠭᠤᠷᠢ ᠴᠠᠴᠠᠷᠭᠠᠨ᠎ᠠ᠂ ᠨᠢᠭᠡ ᠬᠡᠰᠡᠭ ᠡᠯᠡᠰᠦ ᠮᠠᠩᠬ᠎ᠠ ᠶᠢ ᠨᠣᠭᠤᠭᠠᠷᠠᠭᠤᠯᠬᠤ 》 ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠵᠢᠯ ᠪᠦᠷᠢ ᠡᠯᠡᠰᠦᠨ ᠴᠦᠯ ᠤᠨ ᠬᠥᠪᠡᠭᠡ ᠵᠠᠬ᠎ᠠ ᠪᠠᠷ ᠲᠦᠮᠡ ᠮᠢᠩᠭᠠᠨ ᠥᠷᠭᠡᠰᠦ ᠲᠠᠢ ᠮᠣᠳᠣ ᠲᠠᠷᠢᠵᠤ᠂ ᠡᠳᠡᠭᠡᠷ ᠮᠣᠳᠣ ᠨᠢ ᠡᠯᠡᠰᠦᠨ ᠴᠦᠯ ᠤᠨ ᠥᠷᠭᠡᠵᠢᠨ ᠳᠡᠯᠭᠡᠷᠡᠬᠦ ᠶᠢ ᠪᠦᠲᠦᠮᠵᠢᠲᠡᠢ ᠪᠠᠷ ᠬᠤᠷᠢᠭᠯᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠷ᠎ᠡ ᠬᠤᠶᠢᠴᠢᠰ ᠲᠠᠭᠠᠨ ᠨᠢᠭᠡ ᠬᠡᠰᠡᠭ ᠨᠣᠭᠤᠭᠠᠨ ᠪᠦᠷᠢᠳᠦ ᠦᠯᠡᠳᠡᠭᠡᠵᠦ ᠥᠭᠴᠡᠢ᠃       ᠲᠤᠰ ᠬᠤᠭᠤᠴᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠯᠡᠰᠦ ᠶᠢ ᠵᠠᠰᠠᠬᠤ ᠵᠢᠴᠢ ᠡᠯᠡᠰᠦᠨ ᠤ ᠦᠢᠯᠡᠰ ᠤᠨ ᠨᠡᠶᠢᠭᠡᠮᠯᠢᠭ ᠤᠨ ᠴᠠᠴᠠᠷᠭᠠᠨ᠎ᠠ ᠶᠢᠨ ᠠᠵᠤ ᠦᠢᠯᠡᠰ ᠤᠨ ᠲᠤᠰᠬᠠᠢ ᠵᠥᠪᠯᠡᠯ᠂ ᠥᠪᠥᠷ ᠮᠣᠩᠭᠤᠯ ᠤᠨ ᠷᠠᠳᠢᠣ ᠲᠧᠯᠸᠢᠰ ᠬᠤᠷᠢᠶ᠎ᠠ᠂ ᠵᠢᠢ ᠱᠧᠩ ᠲᠠᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠢᠦ᠋ᠢ ᠬᠠᠩ ᠷᠧᠨ ᠺᠣᠮᠫᠠᠨᠢ᠂ ᠥᠪᠥᠷ ᠮᠣᠩᠭᠤᠯ ᠤᠨ ᠴᠠᠩ ᠶᠤᠸᠠᠨ ᠲᠠᠷᠢᠶᠠᠯᠠᠩ ᠣᠢ ᠰᠢᠭᠤᠢ ᠶᠢᠨ ᠬᠥᠭᠵᠢᠯᠲᠡ ᠶᠢᠨ ᠬᠢᠵᠠᠭᠠᠷᠲᠤ  ᠺᠤᠮᠫᠠᠨᠢ ᠠᠴᠠ ᠭᠤᠣᠯᠯᠠᠨ ᠡᠷᠬᠢᠯᠡᠵᠦ᠂ ᠣᠯᠠᠨ ᠤ ᠮᠣᠳᠣ ᠲᠠᠷᠢᠵᠤ ᠣᠶᠢᠵᠢᠭᠤᠯᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠥᠮᠦᠰ ᠤᠨ ᠠᠮᠢ ᠠᠬᠤᠢ ᠶᠢᠨ ᠲᠡᠩᠴᠡᠭᠦᠷᠢ ᠶᠢ ᠴᠢᠬᠤᠯᠠᠴᠢᠯᠠᠬᠤ ᠶᠢᠨ ᠬᠠᠮᠲᠤ᠂ ᠪᠣᠬᠢᠷᠲᠤᠯ ᠦᠭᠡᠢ᠂ ᠳᠣᠣᠷ᠎ᠠ ᠨᠡᠭᠦᠷᠡᠰᠦᠲᠥ᠋ᠷᠦᠭᠴᠢᠲᠦ᠂ ᠦᠷᠭᠦᠯᠵᠢᠯᠡᠨ ᠠᠮᠢᠳᠤᠷᠠᠬᠤ ᠠᠷᠭ᠎ᠠ ᠮᠠᠶ᠋ᠢᠭ ᠢ ᠰᠤᠷᠲᠠᠯᠴᠢᠯᠠᠵᠠᠢ᠃ 
4.23+3.jpeg     
     《 ᠪᠢ ᠠᠩᠬ᠎ᠠ ᠤᠳᠠᠭ᠎ᠠ ᠡᠨᠡ ᠮᠣᠳᠣ ᠲᠠᠷᠢᠬᠤ ᠨᠠᠶᠢᠷ ᠤᠨ ᠬᠥᠳᠡᠯᠭᠡᠭᠡᠨ ᠳᠤ ᠣᠷᠣᠯᠴᠠᠵᠤ ᠪᠠᠶᠢᠨ᠎ᠠ᠂ ᠲᠠᠷᠢᠭᠰᠠᠨ ᠡᠨᠡ ᠬᠣ ᠴᠢᠴᠠᠷᠭᠠᠨ᠎ᠠ ᠮᠣᠳᠣ ᠠᠳᠡᠬᠢ ᠡᠯᠡᠰᠦ ᠮᠠᠩᠬ᠎ᠠ ᠶᠢ ᠨᠣᠭᠤᠭᠠᠷᠠᠭᠤᠯᠵᠤ ᠴᠢᠳᠠᠬᠤ ᠶᠢ ᠬᠦᠰᠡᠵᠦ ᠪᠠᠶᠢᠨ᠎ᠠ᠂ ᠲᠡᠭᠡᠪᠡᠯ ᠬᠤᠵᠢᠮ ᠨᠡᠩ ᠣᠯᠠᠨ ᠬᠥᠮᠦᠨ ᠳᠠᠭᠠᠭᠤᠯᠵᠤ᠂ ᠨᠡᠩ ᠣᠯᠠᠨ ᠴᠠᠴᠠᠷᠭᠠᠨ᠎ᠠ ᠮᠣᠳᠣ ᠲᠠᠷᠢᠬᠤ ᠶᠢ ᠬᠦᠰᠡᠵᠦ ᠪᠠᠶᠢᠨ᠎ᠠ 》ᠭᠡᠵᠦ ᠭᠤᠸᠠᠩᠳᠦ᠋ᠩ ᠮᠣᠵᠢ ᠶᠢᠨ ᠱᠧᠨᠵᠧᠨ ᠬᠤᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠸᠧᠢ ᠴᠢ ᠸᠧᠢ ᠰᠡᠳᠬᠢᠯ ᠬᠥᠳᠡᠯᠦᠨ ᠬᠡᠯᠡᠵᠡᠢ᠃        ᠴᠠᠴᠠᠷᠭᠠᠨ᠎ᠠ ᠰᠢᠷ᠎ᠠ ᠬᠥᠷᠥᠰᠥ ᠳᠤ ᠬᠥᠷᠥᠰᠥ ᠬᠠᠮᠠᠭᠠᠯᠠᠬᠤ ᠠᠵᠢᠯ ᠳᠤ ᠴᠢᠬᠤᠯᠠ ᠡᠭᠦᠷᠭᠡ ᠲᠠᠢ᠂ ᠮᠠᠰᠢ ᠰᠠᠶᠢᠨ ᠤᠰᠤᠨ ᠤ ᠣᠷᠴᠢᠨ ᠲᠣᠭᠤᠷᠢᠨ ᠤᠨ ᠵᠣᠬᠢᠴᠠᠬᠤ ᠴᠢᠳᠠᠪᠤᠷᠢ ᠲᠠᠢ᠂ ᠬᠥᠭᠵᠢᠭᠰᠡᠨ ᠦᠨᠳᠦᠰᠦ ᠲᠠᠢ᠂ ᠭᠦᠨ ᠬᠥᠷᠥᠰᠥᠨ ᠤ ᠤᠰᠤ ᠶᠢ ᠰᠢᠩᠭᠡᠭᠡᠵᠦ᠂ ᠨᠢᠭᠡ ᠴᠠᠴᠠᠷᠭᠠᠨ᠎ᠠ ᠲᠠᠷᠢᠵᠤ᠂ ᠬᠡᠳᠦᠨ ᠵᠢᠯ ᠤᠨ ᠳᠠᠷᠠᠭ᠎ᠠ ᠣᠢ ᠪᠣᠯᠵᠤ᠂ ᠤᠰᠤ ᠬᠥᠷᠥᠰᠥ ᠬᠠᠮᠠᠭᠠᠯᠠᠬᠤ ᠡᠭᠦᠷᠭᠡ ᠲᠠᠢ ᠪᠠᠶᠢᠳᠠᠭ᠃ ᠴᠠᠴᠠᠷᠭᠠᠨ᠎ᠠ ᠨᠢ ᠪᠠᠰᠠ ᠬᠤᠣᠷᠲᠤ ᠪᠡᠲᠡᠭᠢ ᠶᠢᠨ ᠪᠠᠺᠲ᠋ᠧᠷᠢ ᠤᠷᠭᠤᠵᠤ᠂ ᠲᠥᠮᠥᠰᠥ ᠲᠠᠢ ᠠᠳᠠᠯᠢ ᠶᠡᠭᠡ ᠪᠠᠭ᠎ᠠ ᠨᠢ ᠡᠯᠡᠰᠦ ᠲᠣᠭᠲᠠᠪᠤᠷᠢᠵᠢᠭᠤᠯᠬᠤ ᠦᠢᠯᠡᠳᠦᠯ ᠦᠵᠡᠭᠦᠯᠵᠦ ᠴᠢᠳᠠᠬᠤ ᠪᠠᠷ ᠪᠠᠷᠠᠬᠤ ᠦᠭᠡᠢ ᠪᠠᠰᠠ ᠴᠠᠴᠠᠷᠭᠠᠨ᠎ᠠ ᠲᠠᠷᠢᠵᠤ ᠥᠩᠭᠡᠷᠡᠭᠰᠡᠨ ᠭᠠᠵᠠᠷ ᠲᠤ ᠬᠥᠷᠥᠰᠥ ᠰᠢᠷᠣᠢ ᠨᠢ ᠴᠦ ᠮᠠᠰᠢ ᠶᠡᠭᠡ ᠰᠠᠶᠢᠵᠢᠷᠠᠳᠠᠭ᠂ ᠴᠠᠴᠠᠷᠭᠠᠨ᠎ᠠ ᠠᠵᠤ ᠦᠢᠯᠡᠳᠪᠦᠷᠢ ᠨᠢ ᠣᠷᠴᠢᠨ ᠲᠣᠭᠤᠷᠢᠨ ᠤᠨ ᠭᠤᠸ᠎ᠠ᠂ ᠢᠷᠭᠡᠳ ᠤᠨ ᠪᠠᠶᠠ ᠶᠢ ᠨᠡᠮᠡᠭᠳᠡᠭᠦᠯᠬᠦ ᠪᠣᠬᠢᠷᠳᠠᠯ ᠦᠭᠡᠢ ᠠᠵᠤ ᠦᠢᠯᠡᠳᠪᠦᠷᠢ ᠶᠦ᠋ᠮ᠃        ᠣᠶᠢᠷ᠎ᠠ ᠶᠢᠨ ᠵᠢᠯ ᠠᠴᠠ᠂ ᠴᠠᠴᠠᠷᠭᠠᠨ᠎ᠠ ᠶᠢᠨ ᠠᠵᠤ ᠦᠢᠯᠡᠰ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ 《 ᠭᠤᠷᠪᠠᠨ ᠤᠮᠠᠷᠠᠲᠤ 》 ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠦᠢᠯᠡᠳᠦᠯ ᠦᠵᠡᠭᠦᠯᠵᠦ᠂ ᠶᠡᠭᠡ ᠬᠡᠪᠴᠢᠶ᠎ᠡ ᠪᠠᠷ ᠴᠠᠴᠠᠷᠭᠠᠨ᠎ᠠ ᠲᠠᠷᠢᠬᠤ ᠪᠠᠷ ᠳᠠᠮᠵᠢᠨ᠂ ᠴᠦᠯᠯᠡᠷᠬᠡᠭᠵᠢᠭᠰᠡᠨ ᠭᠠᠵᠠᠷ ᠰᠢᠷᠣᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠪᠠᠷᠠᠬᠤ ᠦᠭᠡᠢ ᠂ ᠪᠠᠰᠠ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃       《 ᠪᠢᠳᠡ ᠨᠡᠩ ᠣᠯᠠᠨ ᠰᠠᠶᠢᠨ ᠲᠤᠷᠠᠴᠤᠳ ᠢ ᠳᠠᠭᠠᠭᠤᠯᠵᠤ᠂ ᠵᠢᠯ ᠪᠦᠷᠢ ᠡᠨᠡᠬᠦ ᠮᠣᠳᠣ ᠲᠠᠷᠢᠬᠤ ᠪᠠᠶᠠᠷ ᠢ ᠰᠠᠶᠢᠨ ᠬᠢᠵᠦ᠂ ᠨᠡᠩ ᠣᠯᠠᠨ ᠰᠠᠶᠢᠨ ᠲᠤᠷᠠᠴᠤᠳ ᠠᠴᠠ ᠳᠡᠪᠡᠷᠯᠡᠬᠦ ᠢᠳᠡᠪᠬᠢᠵᠢᠯ ᠢ ᠳᠠᠶᠢᠴᠢᠯᠠᠨ᠂ ᠮᠠᠨ ᠤ ᠨᠤᠲᠤᠭ ᠣᠷᠣᠨ ᠢᠶᠠᠨ ᠨᠡᠩ ᠭᠤᠶᠣ ᠰᠠᠶᠢᠬᠠᠨ ᠪᠣᠯᠭᠠᠵᠤ᠂ ᠮᠠᠨ ᠤ ᠨᠤᠲᠤᠭ ᠪᠡᠯᠴᠢᠭᠡᠷ ᠢᠶᠠᠨ ᠨᠡᠩ ᠰᠠᠶᠢᠨ ᠪᠣᠯᠭᠠᠵᠤ᠂ ᠮᠠᠨ ᠤ ᠥᠪᠥᠷ ᠮᠣᠩᠭᠤᠯ ᠢ ᠨᠡᠩ ᠬᠥᠭᠵᠢᠯ ᠪᠠᠳᠠᠷᠠᠯ ᠲᠠᠢ ᠪᠣᠯᠭᠠᠵᠤ᠂ ᠪᠠᠰᠠ ᠭᠤᠷᠪᠠᠨ ᠤᠮᠠᠷᠠᠲᠤ ᠶᠢᠨ ᠠᠮᠢ ᠠᠬᠤᠢ ᠶᠢᠨ ᠢᠨᠵᠧᠨᠧᠷᠢᠩ ᠢ ᠤᠯᠠᠮ‌‍ᠠ᠋ᠴᠠ ᠤᠯᠠᠮ ᠰᠠᠶᠢᠨ ᠪᠦᠲᠦᠭᠡᠨ ᠪᠠᠶᠢᠭᠤᠯᠵᠤ᠂ ᠣᠷᠣᠯᠴᠠᠬᠤ ᠬᠥᠮᠦᠨ ᠤᠯᠠᠮ ᠠᠴᠠ ᠤᠯᠠᠮ ᠠᠷᠪᠢᠨ ᠪᠣᠯᠭᠠᠵᠤ᠂ ᠮᠠᠨ ᠤ ᠥᠪᠥᠷ ᠮᠣᠩᠭᠤᠯ ᠤᠨ ᠡᠯᠡᠰᠦ ᠶᠢ ᠰᠡᠷᠭᠡᠶᠢᠯᠡᠵᠦ ᠵᠠᠰᠠᠬᠤ ᠢᠨᠵᠧᠨᠧᠷᠢᠩ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ 》᠃ ᠥᠪᠥᠷ ᠮᠣᠩᠭᠤᠯ ᠤᠨ ᠢᠦ᠋ᠢ ᠬᠠᠩ ᠷᠣᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠢᠩ ᠬᠦᠣᠸ᠋ ᠯᠢᠶᠠᠩ 《 ᠥᠪᠥᠷ ᠮᠣᠩᠭᠤᠯ ᠤᠨ ᠲᠡᠭᠷᠢ ᠳᠣᠩᠰᠣᠯᠭᠠᠮ᠎ᠠ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠦᠢᠯᠡᠰ ᠲᠤ ᠨᠡᠩ ᠣᠯᠠᠨ ᠰᠠᠶᠢᠨ ᠲᠤᠷᠠᠴᠤᠳ ᠢ ᠣᠷᠣᠯᠴᠠᠭᠤᠯᠵᠤ᠂ ᠥᠪᠥᠷ ᠮᠣᠩᠭᠤᠯ ᠤᠨ ᠠᠭᠤᠯᠠ ᠤᠰᠤ ᠶᠢ ᠨᠡᠩ ᠲᠤᠩᠭᠠᠯᠠᠭ ᠪᠣᠯᠭᠠᠵᠤ᠂ ᠥᠪᠥᠷ ᠮᠣᠩᠭᠤᠯ ᠤᠨ ᠣᠷᠴᠢᠨ ᠲᠣᠭᠤᠷᠢᠨ ᠢ ᠨᠡᠩ ᠰᠠᠶᠢᠨ ᠰᠠᠶᠢᠬᠠᠨ ᠪᠣᠯᠭᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ 》 ᠭᠡᠵᠦ ᠬᠡᠯᠡᠪᠡ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2