ᠰᠢ ᠶᠢᠨ ᠫᠢᠩ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠶᠡᠭᠡ ᠬᠠᠮᠠᠭᠠᠯᠠᠯᠲᠠ ᠶᠡᠭᠡ ᠨᠡᠭᠡᠭᠡᠯᠲᠡ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | | ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠶᠡᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠳᠤᠷ ᠠᠳᠬᠤᠵᠤ᠂ ᠶᠡᠭᠡ ᠬᠠᠮᠠᠭᠠᠯᠠᠯᠲᠠ | ᠂ ᠶᠡᠭᠡ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ | ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | | | | | 4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ | ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠦᠨ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠦᠨ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ | ᠵᠧᠩ ᠱᠠᠨ ᠵᠢᠶᠧ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠰᠧᠴᠤᠸᠠᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ | ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ | ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ | ᠰᠢᠨ᠎ᠡ ᠪᠠᠶ᠋ᠢᠷᠢᠰᠢᠯ ᠢ ᠪᠦᠷᠢᠯᠳᠦᠭᠦᠯᠬᠦ ᠲᠤᠬᠠᠢ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ | ᠰᠠᠶᠢᠲᠠᠢ ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠦ᠂ | ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ | ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ | ᠬᠥᠭᠵᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ | ᠬᠡᠷᠡᠭᠲᠡᠢ᠂ ᠦᠨᠡᠨ ᠬᠦ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ | ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ | ᠣᠷᠣᠭᠤᠯᠤᠨ ᠠᠪᠴᠢᠷᠠᠵᠤ ᠰᠠᠶᠢᠳᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶ᠋ᠢᠨ | ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠰᠢᠶ᠎ᠡ | ᠦᠵᠡᠭᠦᠯᠭᠦ ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ | ᠵᠢᠰᠢᠶ᠎ᠡ ᠦᠵᠡᠭᠦᠯᠭᠦ ᠣᠷᠣᠨ ᠢ ᠰᠠᠶᠢᠳᠤᠷ ᠪᠦᠲᠦᠭᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠭᠦ | ᠬᠡᠷᠡᠭᠲᠡᠢ᠃ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ | ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ | ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ | ᠰᠢᠨ᠎ᠡ ᠬᠥᠳᠡᠯᠭᠡᠬᠦ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ | ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠳᠤᠷ ᠬᠢᠬᠦ ᠬᠡᠷᠡᠭᠲᠡᠢ᠃ ᠠᠮᠢ ᠠᠬᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ | ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢ ᠪᠠᠷᠢᠮᠲᠠᠯᠠᠵᠤ᠂ | ᠪᠠᠷᠠᠭᠤᠨ ᠣᠷᠣᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ | ᠣᠷᠣᠨ ᠤ ᠡᠬᠡ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭᠠᠤ | ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ | ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ | ᠪᠤᠯᠭᠠᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠲᠡ ᠶᠢᠨ ᠲᠠᠪᠴᠠᠩ ᠤᠨ ᠵᠣᠯᠭᠠᠭᠤᠯᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ ᠵᠡᠭᠦᠨᠰᠢ | ᠬᠦᠷᠭᠡᠬᠦ︾ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ | ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠬᠡᠨ | ᠪᠦᠷᠢᠯᠳᠦᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ | ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ | ᠰᠢᠯᠵᠢᠯᠲᠡ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ | ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ | ᠢᠳᠡᠪᠬᠢᠲᠡᠢ ᠪᠠᠷ ᠪᠤᠶᠢᠵᠢᠭᠤᠯᠤᠨ ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ | ᠪᠤᠵᠠᠭᠠᠶᠢᠷᠠᠭᠤᠯᠵᠤ ᠬᠤᠳᠠ ᠶᠢᠨ ᠬᠤᠭᠤᠷᠣᠨᠳᠣᠭᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ | ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ | ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ | ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ | ᠦᠢᠯᠡᠳᠪᠦᠷᠢ ᠶᠢᠨ ᠲᠣᠮᠣ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠤᠶᠢᠵᠢᠭᠤᠯᠵᠤ᠂ ᠲᠠᠷᠢᠶᠠᠴᠢᠨ ᠲᠦᠮᠡᠨ ᠤ | ᠣᠶ᠋ᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠤᠳᠠ ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠳᠤᠷ | ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ | ᠨᠡᠮᠡᠷᠢ ᠪᠠᠨ ᠦᠵᠡᠭᠦᠯᠭᠦ ᠬᠡᠷᠡᠭᠲᠡᠢ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ | ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠢ ᠪᠤᠯᠭᠠᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ | ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠲᠣᠭᠲᠠᠭᠤᠨ᠂ ᠤᠯᠠᠨ | ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ | ᠬᠠᠮᠠᠭᠠᠯᠠᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ | ᠲᠤᠭᠤᠰᠢᠯᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ | ᠪᠠ ᠨᠡᠶ᠋ᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ | ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ | ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ | ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ | ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠤᠨ ᠠᠷᠠᠳ ᠪᠠᠶᠠᠨ᠂ ᠬᠢᠯᠢ ᠶᠢᠨ | ᠪᠣᠭᠤᠮᠲᠠ ᠦᠵᠡᠰᠬᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ ᠬᠢᠵᠠᠭᠠᠷ ᠪᠠᠲᠤ ᠪᠠᠬᠢ ᠪᠠᠶᠢᠬᠤ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪ᠊ ᠪᠠᠶᠢᠴᠠᠭᠠᠬᠤ ᠪᠠᠨ | ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠨᠳᠤᠯᠭᠠᠲᠤ ᠴᠢᠨᠠᠷᠲᠠᠢ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ | ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠰᠠᠶᠢᠳᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ | ᠬᠤᠯᠪᠣᠭᠳᠠᠬᠤ ᠲᠦᠷᠦ ᠶᠢᠨ ᠪᠣᠳᠣᠯᠭ᠎ᠠ ᠶᠢ ᠨᠡᠶᠢᠳᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ | ᠲᠦᠭᠰᠢᠭᠦᠷᠢ ᠶᠢᠨ ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ | ᠪᠠᠶᠢᠴᠠᠭᠠᠵᠦ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ | ᠰᠢᠯᠭᠠᠵᠤ ᠤᠷᠮᠠᠰᠢᠭᠤᠯᠬᠤ ᠳᠦᠷᠢᠮ ᠢ ᠲᠣᠭᠲᠠᠭᠠᠨ ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ | ᠨᠥᠬᠦᠴᠡᠯ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠦ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ | ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠤᠶᠢᠯᠭᠠᠵᠦ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ | ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ ᠪᠠᠶᠢᠷᠢ | ᠲᠣᠭᠲᠠᠭᠠᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠨᠠᠷᠢᠯᠢᠬ ᠵᠦᠢᠯᠡᠰ ᠠᠴᠠ | ᠭᠠᠷᠳᠠᠵᠤ᠂ ᠡᠯ᠎ᠡ ᠭᠠᠵᠠᠷ ᠤᠨ ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ | ᠵᠡᠷᠭᠡ ᠵᠥᠷᠢᠶ᠎ᠡ ᠶᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ | ᠬᠥᠭᠵᠢᠯᠲᠡ ᠶᠢ ᠳᠠᠶᠢᠴᠢᠯᠠᠬᠤ ᠨᠡᠩ ᠤᠯᠠᠨ ᠨᠡᠮᠡᠭᠳᠡᠯ ᠤᠨ ᠲᠦᠢᠯ ᠨᠡᠮᠡᠭᠳᠡᠯ ᠤᠨ ᠪᠦᠰᠡ ᠶᠢ ᠪᠤᠶᠢᠵᠢᠭᠤᠯᠵᠤ᠂ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ | ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ | ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠳᠤᠷ ᠨᠢᠭᠡᠳᠦᠯᠲᠡᠢ | ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ | ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ | ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ | ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠢᠯᠡᠷᠬᠡᠶ᠋ᠢᠯᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶ᠋ᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠳᠤᠷ ᠡᠭᠦᠷᠭᠡᠯᠡᠵᠦ᠂ ᠠᠮᠢ | ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ | ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠳᠤᠷ ᠬᠢᠵᠦ᠂ ᠣᠨᠣᠴᠠᠲᠠᠢ᠂ | ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠡᠬᠡᠶᠢᠯᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠋ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | ᠳᠡᠪᠰᠢᠭᠦᠯᠦᠭᠴᠢ᠄ ᠲᠡᠷᠭᠡᠯ | |