ᠴᠠᠭᠠᠨᠪᠤᠯᠠᠭ ᠰᠤᠮᠤᠨ ᠤ  ᠭᠡᠷᠡᠯᠲᠤᠶᠠᠭ᠎ᠠ  ᠭᠠᠴᠠᠭᠠᠨ ᠳᠤ 《 ᠳᠤᠮᠳᠠᠳᠤ ᠶᠢᠨ ᠦᠨᠳᠦᠰᠦᠲᠡᠨ ᠡᠯᠢᠭᠡᠰᠡᠭ ᠳᠣᠲᠣᠨᠣ ᠰᠡᠳᠬᠢᠯ ᠢᠶᠠᠨ ᠬᠤᠯᠪᠣᠵᠤ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ》ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/4/30
      ᠴᠠᠭᠠᠨᠪᠤᠯᠠᠭ ᠰᠤᠮᠤᠨ ᠤ  ᠭᠡᠷᠡᠯᠲᠤᠶᠠᠭ᠎ᠠ  ᠭᠠᠴᠠᠭᠠᠨ ᠳᠤ 《 ᠳᠤᠮᠳᠠᠳᠤ ᠶᠢᠨ ᠦᠨᠳᠦᠰᠦᠲᠡᠨ ᠡᠯᠢᠭᠡᠰᠡᠭ ᠳᠣᠲᠣᠨᠣ ᠰᠡᠳᠬᠢᠯ ᠢᠶᠠᠨ ᠬᠤᠯᠪᠣᠵᠤ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ》ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠦᠷᠨᠢᠭᠦᠯᠦᠭᠰᠡᠨ              4 ᠰᠠᠷ᠎ᠠ ᠶᠢᠨ 28 ᠤ ᠡᠳᠦᠷ᠂ ᠴᠠᠭᠠᠨᠪᠤᠯᠠᠭ ᠰᠤᠮᠤᠨ ᠤ ᠭᠡᠷᠡᠯᠲᠤᠶᠠᠭ᠎ᠠ  ᠭᠠᠴᠠᠭᠠᠨ ᠳᠤ《ᠳᠤᠮᠳᠠᠳᠤ ᠶᠢᠨ ᠦᠨᠳᠦᠰᠦᠲᠡᠨ ᠡᠯᠢᠭᠡᠰᠡᠭ ᠳᠣᠲᠣᠨᠣ ᠰᠡᠳᠬᠢᠯ ᠢᠶᠠᠨ ᠬᠤᠯᠪᠣᠵᠤ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ》ᠣᠯᠠᠨ ᠲᠦᠮᠡᠨᠴᠢ ᠰᠣᠶᠣᠯ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ  ᠦᠷᠨᠢᠭᠦᠯᠦᠭᠰᠡᠨ  ᠪᠠᠶᠢᠨ᠎ᠠ  ᠃       ᠠᠵᠢᠯᠯᠠᠭ᠎ᠠ ᠨᠢ᠂  ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ᠂ ᠴᠠᠭᠠᠨᠪᠤᠯᠠᠭ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠋ ᠠᠴᠠ ᠭᠤᠣᠯᠯᠠᠨ ᠡᠷᠬᠢᠯᠡᠵᠦ᠂ ᠠᠵᠢᠯᠯᠠᠭᠠᠨ ᠤ ᠳᠤᠮᠳᠠ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠤᠯᠠᠭᠠᠨᠴᠠᠪ ᠬᠤᠲᠠ ᠶᠢᠨ ᠴᠤᠤ ᠵᠢᠦᠢ ᠨᠢᠳᠦᠨ ᠤ ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡ ᠶᠠᠪᠤᠭᠳᠠᠭᠤᠯᠵᠤ᠂ ᠬᠤᠰᠢᠭᠤ ᠨᠣᠮ ᠤᠨ ᠰᠠᠩ ᠨᠣᠮ ᠪᠢᠴᠢᠭ ᠬᠠᠨᠳᠢᠪᠯᠠᠵᠤ᠂ ᠲᠤᠰ ᠭᠠᠴᠠᠭᠠᠨ ᠤ 《 ᠬᠤᠶᠠᠷ ᠵᠥᠪᠯᠡᠯ 》 ᠤᠨ ᠬᠢᠨ ᠠᠬᠠᠮᠠᠳ ᠨᠠᠮ ᠤᠨ ᠭᠡᠰᠢᠭᠦᠦᠨ ᠢ  ᠳᠤᠬᠤᠨᠢᠭᠤᠯᠤᠭᠰᠠᠨ ᠪᠠᠶᠢᠨ᠎ᠠ᠃         ᠠᠵᠢᠯᠯᠠᠭ᠎ᠠ  ᠶᠢᠨ ᠲᠠᠯᠠᠪᠠᠢ ᠳᠤ ᠮᠠᠯᠴᠢᠳ ᠢ ᠵᠣᠬᠢᠶᠠᠨ ᠪᠠᠶᠢᠭᠤᠯᠵᠤ᠂ ᠤᠯᠠᠮᠵᠢᠯᠠᠯᠲᠤ ᠤᠷ᠎ᠠ ᠮᠡᠷᠭᠡᠵᠢᠯ ᠤᠨ ᠤᠷᠤᠯᠳᠤᠭᠠᠨ ᠶᠠᠪᠤᠭᠳᠠᠭᠤᠯᠵᠤ᠂ ᠪᠦᠯᠬᠦᠮᠳᠡᠯ ᠡᠶ᠎ᠡ ᠵᠣᠬᠢᠴᠠᠩᠭᠤᠢ ᠠᠭᠤᠷ ᠠᠮᠢᠰᠬᠤᠯ ᠪᠢᠯᠬᠠᠵᠤ᠂ ᠭᠠᠴᠠᠭᠠᠨ ᠤ ᠮᠠᠯᠴᠢᠨ ᠲᠦᠮᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠦᠵᠡᠭᠦᠯᠵᠦ᠂ ᠡᠯ᠎ᠡ ᠦᠨᠳᠦᠰᠦᠲᠡᠨ ᠤ ᠬᠤᠭᠤᠷᠣᠨᠳᠣᠬᠢ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠯᠴᠢᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠲᠡᠭᠦᠰ᠂ ᠲᠡᠭᠦᠯᠳᠡᠷ᠂ ᠪᠦᠲᠦᠮᠵᠢ ᠲᠠᠢ ᠪᠤᠯᠭᠠᠭᠰᠠᠨ  ᠪᠠᠶᠢᠨ᠎ᠠ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠰᠣᠷᠣᠨ᠎ᠠ   ᠵᠠᠩ ᠱᠦ ᠶᠠᠨ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2