《ᠦᠵᠡᠰᠬᠦᠯᠡᠩᠲᠦ ᠰᠠᠶᠢᠬᠠᠨ ᠤᠮᠠᠷᠠᠲᠤ ᠬᠢᠯᠢ 》ᠲᠣᠰᠣᠨ ᠵᠢᠷᠤᠭ ᠤᠨ ᠦᠵᠡᠰᠬᠦᠯᠡᠩ ᠡᠷᠬᠢᠯᠡᠭᠰᠡᠨ
ᠨᠡᠶᠢᠲᠡᠯᠡᠭᠰᠡᠨ ᠴᠠᠭ᠄
2024/4/30
      《ᠦᠵᠡᠰᠬᠦᠯᠡᠩᠲᠦ ᠰᠠᠶᠢᠬᠠᠨ ᠤᠮᠠᠷᠠᠲᠤ ᠬᠢᠯᠢ 》ᠲᠣᠰᠣᠨ ᠵᠢᠷᠤᠭ ᠤᠨ ᠦᠵᠡᠰᠬᠦᠯᠡᠩ ᠡᠷᠬᠢᠯᠡᠭᠰᠡᠨ                 4 ᠰᠠᠷ᠎ᠠ ᠶᠢᠨ 28 ᠤ ᠡᠳᠦᠷ᠂《ᠦᠵᠡᠰᠬᠦᠯᠡᠩᠲᠦ ᠰᠠᠶᠢᠬᠠᠨ ᠤᠮᠠᠷᠠᠲᠤ ᠬᠢᠯᠢ》ᠢᠦᠢ ᠶᠦᠩ ᠫᠢᠩ ᠤᠨ ᠲᠣᠰᠣᠨ ᠵᠢᠷᠤᠭ ᠤᠨ ᠦᠵᠡᠰᠬᠦᠯᠡᠩ ᠬᠤᠩᠱᠠᠨ ᠤᠷᠠᠨ ᠵᠢᠷᠤᠭ ᠤᠨ ᠣᠷᠳᠣᠨ ᠳᠤ ᠶᠠᠪᠤᠭᠳᠠᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ ᠦᠵᠡᠭᠦᠯᠦᠯᠭᠡ ᠳᠤ ᠤᠷᠤᠯᠴᠠᠭᠰᠠᠨ ᠪᠠᠶᠢᠨ᠎ᠠ᠃         ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠣᠣ ᠧᠨ᠂ ᠥᠪᠥᠷ ᠮᠣᠩᠭᠤᠯ ᠤᠨ ᠪᠥᠵᠢᠭ ᠤᠨ ᠲᠠᠪᠴᠠᠩ ᠤᠨ ᠤᠷᠠᠨ ᠵᠢᠷᠤᠭ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠰᠡᠷᠭᠦᠯᠡᠩ ᠵᠢᠴᠢ ᠲᠣᠰᠣᠨ ᠪᠣᠳᠤᠭ ᠤᠨ ᠵᠢᠷᠤᠭᠠᠴᠢ ᠸᠠᠩ ᠽᠦᠩ ᠷᠧᠨ᠂ ᠰᠢᠩ ᠱᠤ᠋ ᠰᠧᠨ᠂ ᠮᠠ᠋ ᠳ᠋ᠦᠩ ᠶᠤᠸᠠᠨ ᠪᠣᠯᠤᠨ ᠡᠯ᠎ᠡ ᠭᠠᠵᠠᠷ ᠠᠴᠠ ᠢᠷᠡᠭᠰᠡᠨ ᠤᠷᠠᠨ ᠪᠢᠴᠢᠯᠭᠡᠲᠡᠨ᠂ ᠤᠷᠠᠨ ᠪᠦᠲᠦᠭᠡᠯᠴᠢᠳ ᠦᠵᠡᠭᠦᠯᠦᠯᠭᠡ ᠳᠤ ᠤᠷᠤᠯᠴᠠᠵᠦ ᠬᠠᠮᠲᠤ ᠰᠤᠨᠢᠷᠬᠠᠭᠰᠠᠨ ᠪᠠᠶᠢᠨ᠎ᠠ᠃         ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠤᠷᠠᠨ ᠵᠢᠷᠤᠭ ᠤᠨ ᠦᠵᠡᠭᠦᠯᠦᠯᠭᠡ ᠳᠤ᠂  ᠢᠦᠢ ᠶᠦᠩ ᠫᠢᠩ ᠤᠨ ᠬᠤᠶᠠᠷ ᠵᠠᠭᠤ ᠭᠤᠴᠢᠨ ᠭᠠᠷᠤᠢ ᠬᠤᠪᠢ ᠪᠦᠲᠦᠭᠡᠯ ᠢ ᠳᠡᠯᠭᠡᠨ ᠦᠵᠡᠭᠦᠯᠵᠦ᠂ ᠲᠡᠭᠦᠨ ᠤ ᠲᠠᠯ᠎ᠠ ᠨᠤᠲᠤᠭ ᠢᠶᠠᠷ ᠲᠣᠭᠤᠷᠢᠨ ᠶᠠᠪᠤᠵᠤ᠂ ᠥᠪᠡᠷ ᠤᠨ ᠬᠠᠶᠢᠷᠠᠲᠤ ᠨᠤᠲᠤᠭ ᠤᠨ ᠢᠶᠠᠨ ᠦᠵᠡᠭᠰᠡᠨ ᠵᠦᠢᠯᠡᠰ ᠢᠶᠠᠨ ᠲᠣᠰᠣᠨ ᠪᠣᠳᠤᠭ ᠤᠨ ᠵᠢᠷᠤᠭ ᠲᠠᠭᠠᠨ ᠵᠢᠷᠤᠭᠯᠠᠭᠰᠠᠨ ᠪᠠᠶᠢᠳᠠᠭ᠂ ᠢᠦᠢ ᠶᠦᠩ ᠫᠢᠩ ᠤᠨ ᠤᠷᠠᠨ ᠵᠢᠷᠤᠭ ᠤᠨ ᠦᠵᠡᠰᠬᠦᠯᠡᠩ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠳᠥᠷᠪᠡᠳ ᠬᠤᠰᠢᠭᠤᠨ ᠤ ᠬᠥᠭᠵᠢᠯᠲᠡ ᠬᠤᠪᠢᠷᠠᠯᠲᠠ ᠶᠢᠨ  ᠰᠠᠶᠢᠨ ᠰᠠᠶᠢᠬᠠᠨ ᠪᠣᠯᠤᠨ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠲᠠᠲᠠᠬᠤ ᠬᠦᠴᠦᠨ ᠢ  ᠲᠠᠨᠢᠭᠤᠯᠤᠭᠰᠠᠨ  ᠪᠠᠶᠢᠨ᠎ᠠ ᠃         ᠲᠤᠰ ᠤᠳᠠᠭᠠᠨ ᠤ ᠵᠢᠷᠤᠭ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠭᠰᠡᠨ ᠨᠢ ᠳᠥᠷᠪᠡᠳ ᠬᠤᠰᠢᠭᠤᠨ ᠤ ᠤᠷᠠᠨ ᠵᠢᠷᠤᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃           ᠡᠦ ᠰᠢᠨ ᠢᠦᠢ᠂ ᠯᠢᠶᠠᠩ ᠵᠦᠡᠭ ᠯᠢ ᠵᠢᠴᠢ ᠬᠤᠯᠪᠣᠭᠳᠠᠯ ᠪᠦᠬᠦᠢ ᠬᠥᠮᠦᠰ ᠤᠷᠤᠯᠴᠠᠵᠠᠢ ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠰᠣᠷᠣᠨ᠎ᠠ   ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2