ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠲᠥᠪᠯᠡᠷᠡᠩᠭᠦᠢ ᠢᠯᠴᠢ ᠬᠠᠩᠭᠠᠬᠤ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠭᠡᠷ᠎ᠡ ᠲᠣᠭᠲᠠᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/8
      ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠲᠥᠪᠯᠡᠷᠡᠩᠭᠦᠢ ᠢᠯᠴᠢ ᠬᠠᠩᠭᠠᠬᠤ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠭᠡᠷ᠎ᠡ ᠲᠣᠭᠲᠠᠬᠤ ᠰᠠᠭᠤᠳᠠᠯ ᠤᠨ ᠬᠤᠷᠠᠯ ᠬᠤᠷᠠᠯᠳᠤᠪᠠ                 4 ᠰᠠᠷ᠎ᠠ ᠶᠢᠨ 3 ᠤ ᠡᠳᠦᠷ᠂ ᠱᠠᠨ ᠱᠢ ᠮᠣᠵᠢ ᠶᠢᠨ ᠤᠭᠰᠠᠷᠠᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠯᠢ ᠮᠢᠨ ᠨᠠᠷ ᠮᠠᠨ ᠤ ᠬᠤᠰᠢᠭᠤᠨ ᠳᠤ ᠢᠷᠡᠵᠦ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠥᠷᠥᠯ ᠵᠦᠢᠯ ᠢ ᠬᠦᠯᠢᠶᠡᠨ ᠠᠪᠴᠤ ᠶᠠᠷᠢᠯᠴᠠᠪᠠ᠃ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠰᠦᠯᠳᠡ ᠤᠷᠤᠯᠴᠠᠪᠠ᠃ 
4.7+1.jpg       
      ᠬᠤᠷᠠᠯ ᠠᠴᠠ᠂ ᠱᠠᠨ ᠱᠢ ᠮᠣᠵᠢ ᠶᠢᠨ ᠤᠭᠰᠠᠷᠠᠬᠤ ᠪᠦᠯᠦᠭᠯᠡᠯ ᠪᠣᠬᠢᠷᠲᠤᠯ ᠥᠬᠡᠢ ᠡᠨᠧᠷᠭᠢ ᠶᠢᠨ ᠢᠨᠵᠧᠨᠧᠷᠢᠩ ᠤᠨ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠰᠢᠯᠵᠢᠭᠦᠯᠦᠨ ᠲᠤᠰᠢᠶᠠᠬᠤ ᠵᠡᠷᠭᠡ ᠲᠠᠯ᠎ᠠ ᠪᠠᠷ ᠲᠡᠷᠢᠭᠦᠨ ᠤ ᠡᠵᠡᠩᠨᠡᠯᠲᠡ ᠶᠢᠨ ᠦᠵᠡᠯᠲᠡ ᠲᠠᠢ ᠪᠠᠶᠢᠵᠤ᠂ ᠢᠯᠴᠢ ᠴᠠᠬᠢᠯᠭᠠᠨ ᠤ ᠬᠠᠮᠲᠤᠷᠠᠭᠰᠠᠨ ᠭᠠᠷᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠨᠢ ᠡᠨᠧᠷᠭᠢ ᠠᠷᠪᠢᠯᠠᠨ ᠪᠣᠬᠢᠷᠲᠤᠯ ᠢ ᠪᠠᠭᠠᠰᠬᠠᠬᠤ ᠶᠢ ᠪᠡᠶᠡᠯᠡᠭᠦᠯᠵᠦ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠵᠦ ᠂ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ᠂ ᠦᠷᠭᠦᠯᠵᠢᠯᠡᠨ ᠭᠦᠨᠵᠡᠭᠡᠢ ᠵᠣᠯᠭᠠᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠠᠰᠢᠭ ᠬᠦᠷᠲᠡᠭᠡᠬᠦ᠂ ᠬᠠᠮᠲᠤᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
4.7+2.jpg       
      ᠳᠥᠷᠪᠡᠳ ᠬᠤᠰᠢᠭᠤ ᠴᠤ ᠢᠳᠡᠪᠬᠢᠲᠡᠢ ᠬᠠᠮᠵᠢᠯᠴᠠᠨ᠂ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠥᠷᠨᠢᠭᠦᠯᠵᠦ᠂ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠᠬᠢ ᠲᠦᠪᠡᠭᠲᠡᠢ ᠲᠦᠭᠰᠦᠮᠡᠯ ᠴᠢᠭ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠪᠦᠲᠦᠭᠡᠨ ᠪᠠᠶᠢᠭᠤᠯᠵᠤ ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ᠂ ᠡᠷᠲᠡᠬᠡᠨ ᠦᠷ᠎ᠡ ᠠᠰᠢᠭ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠷᠢᠯᠴᠠᠬᠤ ᠬᠤᠭᠤᠴᠠᠭᠠᠨ ᠳᠤ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠱᠠᠩ ᠰᠢ ᠮᠣᠵᠢ ᠶᠢᠨ ᠤᠭᠰᠠᠷᠠᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠷᠠᠯᠴᠠᠭᠠᠨ ᠤ ᠵᠥᠪᠯᠡᠯᠴᠡ ᠪᠠᠷ ᠲᠣᠬᠢᠷᠠᠯᠴᠠᠪᠠ᠃        ᠶᠠᠩ ᠯᠢᠦ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2