2024 ᠣᠨ ᠤ ᠳᠥᠷᠪᠡᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠡᠬᠢᠯᠡᠭᠰᠡᠨ
ᠨᠡᠶᠢᠲᠡᠯᠡᠭᠰᠡᠨ ᠴᠠᠭ᠄
2024/4/8
      2024 ᠣᠨ ᠤ ᠳᠥᠷᠪᠡᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠡᠬᠢᠯᠡᠭᠰᠡᠨ                 ᠣᠶᠢᠷ᠎ᠠ ᠶᠢᠨ ᠡᠳᠦᠷ᠂ 2024 ᠣᠨ ᠤ ᠳᠥᠷᠪᠡᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠯᠠᠭᠠᠨᠬᠤᠸᠠ ᠪᠠᠯᠭᠠᠰᠤᠨ ᠤ ᠵᠡᠭᠦᠨ ᠰᠤᠪᠠᠭ ᠲᠣᠰᠬᠤᠨ ᠳᠤ ᠡᠬᠢᠯᠡᠯᠲᠡ ᠶᠢᠨ ᠶᠣᠰᠣᠯᠠᠯ  ᠶᠠᠪᠤᠭᠤᠯᠤᠭᠰᠠᠨ  ᠪᠠᠶᠢᠨ᠎ᠠ ᠃        2024 ᠣᠨ ᠤ ᠮᠠᠨ ᠤ ᠬᠤᠰᠢᠭᠤᠨ ᠤ 3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠣᠯ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠪᠣᠯᠤᠨ᠎ᠠ᠃ ᠣᠳᠣᠬᠠᠨ ᠳᠤ ᠲᠥᠰᠦᠯ ᠢ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ ᠵᠡᠷᠭᠡ ᠡᠯ᠎ᠡ ᠵᠦᠢᠯ ᠤᠨ ᠠᠵᠢᠯ ᠨᠢᠭᠡᠨᠲᠡ ᠪᠦᠬᠦᠨ ᠢᠶᠠᠷ ᠢᠶᠠᠨ ᠳᠠᠭᠤᠰᠴᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠲᠥᠷᠥᠯ ᠵᠦᠢᠯ ᠳᠤ 6 ᠰᠢᠶᠠᠩ ᠪᠠᠯᠭᠠᠰᠤ ᠶᠢᠨ 23 ᠲᠣᠰᠬᠤᠨ ᠤ ᠠᠷᠠᠳ ᠤᠨ ᠵᠥᠪᠯᠡᠯ ᠪᠣᠯᠤᠨ 39 ᠪᠠᠶᠢᠭᠠᠯᠢᠭ ᠲᠣᠰᠬᠤᠨ ᠢ ᠬᠠᠮᠤᠷᠤᠭᠰᠠᠨ ᠪᠠᠶᠢᠨ᠎ᠠ ᠃         ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠲᠠᠯᠪᠢᠵᠤ᠂ ᠲᠠᠷᠢᠶᠠᠨ ᠭᠠᠵᠠᠷ ᠢ ᠥᠨᠳᠥᠷ ᠦᠷ᠎ᠡ ᠪᠦᠲᠦᠮᠵᠢᠲᠡᠢ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠵᠢᠴᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠶᠢᠮᠦ ᠠᠴᠠ᠂ ᠪᠠᠶᠢᠭᠤᠯᠤᠯᠲᠠ ᠶᠢᠨ ᠲᠠᠯ᠎ᠠ ᠶᠢᠨ ᠬᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ᠂ ᠳᠠᠭᠠᠭᠠᠴᠢᠯᠠᠨ ᠪᠠᠶᠢᠭᠤᠯᠬᠤ ᠡᠭᠦᠷᠭᠡ ᠶᠢᠨ ᠴᠢᠨᠠᠷ ᠢ ᠪᠠᠲᠤᠯᠠᠨ᠂ ᠲᠤᠭ᠎ᠠ ᠬᠡᠮᠵᠢᠶ᠎ᠡ ᠶᠢ ᠪᠠᠲᠤᠯᠠᠨ᠂ ᠴᠠᠭ ᠲᠤᠬᠠᠢ ᠳᠤᠨᠢ ᠪᠡᠶᠡᠯᠡᠭᠦᠯᠵᠦ᠂ ᠲᠤᠰ ᠵᠢᠯ ᠳᠡᠭᠡᠨ ᠦᠷ᠎ᠡ ᠠᠰᠢᠭ ᠬᠦᠷᠲᠡᠬᠦ ᠶᠢᠨ ᠬᠠᠮᠲᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠵᠤ᠂ ᠮᠠᠨ ᠤ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠬᠡᠪ  ᠵᠢᠱᠢᠶᠡᠴᠢ ᠢᠨᠵᠧᠨᠧᠷᠢᠩ ᠪᠣᠯᠭᠠᠬᠤ ᠪᠠᠷ  ᠬᠦᠴᠦᠯᠡᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠤᠷᠤᠨ᠎ᠠ   ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2