ᠮᠠᠨ ᠤ ᠬᠤᠰᠢᠭᠤᠨ ᠤ ᠤᠯᠠᠭᠠᠨᠬᠤᠸᠠ ᠪᠠᠯᠭᠠᠰᠤᠨ ᠤ ᠢᠯᠴᠢ ᠴᠠᠬᠢᠯᠭᠠᠨ ᠤ ᠬᠠᠮᠲᠤᠷᠠᠨ ᠲᠥᠪᠯᠡᠷᠡᠩᠭᠦᠢ ᠢᠯᠴᠢ ᠬᠠᠩᠭᠠᠬᠤ ᠭᠡᠷ᠎ᠡ ᠲᠣᠭᠲᠠᠬᠤ ᠰᠠᠭᠤᠳᠠᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/4/8
      ᠮᠠᠨ ᠤ ᠬᠤᠰᠢᠭᠤᠨ ᠤ ᠤᠯᠠᠭᠠᠨᠬᠤᠸᠠ ᠪᠠᠯᠭᠠᠰᠤᠨ ᠤ ᠢᠯᠴᠢ ᠴᠠᠬᠢᠯᠭᠠᠨ ᠤ ᠬᠠᠮᠲᠤᠷᠠᠨ ᠲᠥᠪᠯᠡᠷᠡᠩᠭᠦᠢ ᠢᠯᠴᠢ ᠬᠠᠩᠭᠠᠬᠤ ᠭᠡᠷ᠎ᠡ ᠲᠣᠭᠲᠠᠬᠤ ᠰᠠᠭᠤᠳᠠᠯ ᠤᠨ ᠬᠤᠷᠠᠯ ᠬᠤᠷᠠᠯᠳᠤᠭᠰᠠᠨ          ᠣᠶᠢᠷ᠎ᠠ ᠶᠢᠨ ᠡᠳᠦᠷ᠂  ᠱᠠᠨ ᠰᠢ ᠮᠣᠵᠢ ᠶᠢᠨ ᠤᠭᠰᠠᠷᠠᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠯᠢ ᠮᠢᠨ ᠨᠠᠷ ᠮᠠᠨ ᠤ ᠬᠤᠰᠢᠭᠤᠨ ᠳᠤ ᠢᠷᠡᠵᠦ᠂ ᠢᠯᠴᠢ ᠴᠠᠬᠢᠯᠭᠠᠨ ᠤ ᠬᠠᠮᠲᠤᠷᠠᠨ ᠲᠥᠪᠯᠡᠷᠡᠩᠭᠦᠢ ᠢᠯᠴᠢ  ᠬᠠᠩᠭᠠᠬᠤ  ᠲᠥᠷᠥᠯ ᠵᠦᠢᠯ ᠤᠨ ᠲᠤᠬᠠᠢ ᠶᠠᠷᠢᠯᠴᠠᠭ᠎ᠠ ᠬᠢᠵᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠰᠦᠯᠳᠡ ᠤᠷᠤᠯᠴᠠᠭᠰᠠᠨ ᠪᠠᠶᠢᠨ᠎ᠠ ᠃        ᠬᠤᠷᠠᠯ ᠠᠴᠠ᠂ ᠢᠯᠴᠢ ᠴᠠᠬᠢᠯᠭᠠᠨ ᠤ ᠬᠠᠮᠲᠤᠷᠠᠭᠰᠠᠨ ᠭᠠᠷᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ  ᠨᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠵᠦ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠠᠷᠠᠳ ᠲᠦᠮᠡᠨ ᠤ ᠬᠦᠷᠲᠡᠭᠡᠮᠵᠢ ᠶᠢ  ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ  ᠲᠠᠢ ᠪᠠᠶᠢᠵᠦ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ᠂ ᠦᠷᠭᠦᠯᠵᠢᠯᠡᠨ ᠭᠦᠨᠵᠡᠭᠡᠢ ᠵᠣᠯᠭᠠᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠠᠰᠢᠭ ᠬᠦᠷᠲᠡᠭᠡᠬᠦ᠂ ᠬᠠᠮᠲᠤᠪᠠᠷ ᠠᠰᠢᠭ ᠬᠦᠷᠲᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠭᠰᠠᠨ ᠪᠠᠶᠢᠨ᠎ᠠ᠃        ᠬᠤᠷᠠᠯ ᠳᠤ᠂ ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠤᠨ ᠱᠠᠨ ᠰᠢ ᠮᠣᠵᠢ ᠶᠢᠨ ᠤᠭᠰᠠᠷᠠᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ  ᠵᠦᠪᠯᠡᠯᠴᠡᠭᠡᠷ ᠬᠢᠬᠦ ᠪᠠᠷ ᠲᠤᠬᠢᠷᠠᠯᠴᠠᠭᠰᠠᠨ ᠪᠠᠶᠢᠨ᠎ᠠ ᠃        ᠬᠤᠰᠢᠭᠤ ᠤᠳᠤᠷᠢᠳᠤᠯᠭ᠎ᠠ ᠶᠠᠩ ᠯᠢᠦ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠠᠨ᠎ᠠ  ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2