ᠬᠤᠰᠢᠭᠤ ᠨᠠᠮ ᠤᠨ ᠬᠤᠷᠢᠶ᠎ᠠ ᠠᠴᠠ ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ | ᠰᠤᠷᠤᠯᠴᠠᠯᠭ᠎ᠠ ᠵᠢᠴᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠭᠰᠡᠨ | | ᠤᠶᠢᠷ᠎ᠠ ᠳᠤ᠂ ᠬᠤᠰᠢᠭᠤ ᠨᠠᠮ ᠤᠨ ᠬᠤᠷᠢᠶ᠎ᠠ ᠠᠴᠠ ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠣᠯ | ᠳᠤᠭᠤᠶᠢᠯᠠᠩ ᠤᠨ ᠰᠤᠷᠤᠯᠴᠠᠯᠭ᠎ᠠ ᠵᠢᠴᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠭᠰᠡᠨ ᠪᠠᠶᠢᠨ᠎ᠠ ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠤ ᠮᠠᠨ ᠤ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠥᠪᠥᠷ ᠮᠣᠩᠭᠤᠯ ᠤᠨ ᠨᠡᠶᠢᠭᠡᠮ ᠵᠢᠷᠤᠮᠲᠤ ᠳᠡᠭᠡᠳᠦ ᠰᠤᠷᠭᠠᠭᠤᠯᠢ ᠶᠢᠨ ᠵᠣᠣ ᠵᠢᠩ ᠬᠤᠸᠠ | ᠫᠷᠣᠹᠧᠰᠰᠣᠷ᠂ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠵᠠᠩ ᠵᠢᠶᠠᠨ ᠴᠧᠩ ᠫᠷᠣᠹᠧᠰᠰᠣᠷ ᠢ ᠤᠷᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠥᠪᠥᠷ ᠮᠣᠩᠭᠤᠯ ᠤᠨ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠪᠠᠷ ᠲᠤᠰᠬᠠᠢ ᠰᠡᠳᠦᠪ ᠪᠣᠯᠭᠠᠨ ᠵᠢᠯᠣᠭᠤᠳᠴᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ | ᠪᠣᠯᠤᠨ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠬᠡᠷᠬᠢᠨ ᠵᠠᠪᠳᠤᠨ ᠠᠳᠬᠤᠵᠤ | ᠰᠤᠳᠤᠯᠤᠨ ᠶᠠᠷᠢᠯᠴᠠᠵᠤ᠂ ᠰᠠᠨᠠᠯ ᠢᠶᠠᠨ ᠰᠣᠯᠢᠯᠴᠠᠬᠤ ᠶᠢᠨ ᠬᠠᠮᠲᠤ᠂ ᠬᠢᠮᠢ ᠶᠢᠨ ᠠᠵᠤ ᠦᠢᠯᠡᠳᠪᠦᠷᠢ ᠶᠢᠨ | ᠲᠣᠭᠤᠷᠢᠭ ᠵᠡᠷᠭᠡ ᠭᠠᠵᠠᠷ ᠲᠤ ᠬᠦᠷᠴᠦ ᠠᠬᠤᠢ ᠲᠠᠯᠠᠪᠠᠢ ᠶᠢᠨ ᠵᠢᠭᠠᠨ ᠰᠤᠷᠭᠠᠯᠲᠠ ᠬᠢᠭᠰᠡᠨ ᠪᠠᠶᠢᠨ᠎ᠠ ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ᠂ ᠡᠯ᠎ᠡ ᠰᠤᠮᠤ ᠰᠢᠶᠠᠩ | ᠪᠠᠯᠭᠠᠰᠤ᠂ ᠬᠤᠰᠢᠭᠤ ᠡᠯ᠎ᠡ ᠰᠠᠯᠠᠭ᠎ᠠ ᠮᠥᠴᠢᠷ ᠪᠠ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠳ | ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |