ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/8
      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ               3 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ ᠨᠠᠷ ᠥᠪᠥᠷ ᠮᠣᠩᠭᠤᠯ ᠤᠨ ᠰᠠᠶᠢᠢᠨᠣ ᠬᠤᠨᠢᠨ ᠤ  ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ ᠢᠳᠡᠰᠢᠨ ᠬᠤᠨᠢᠨ ᠤ ᠦᠷ᠎ᠡ ᠶᠢᠨ ᠦᠢᠯᠡᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ  ᠢᠦᠢ ᠬᠠᠢ ᠴᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠪᠠᠷ᠎ᠠ ᠪᠣᠯᠤᠭᠰᠠᠨ ᠪᠠᠶᠢᠨ᠎ᠠ ᠃ 
4.1+1.jpg       
      ᠸᠠᠩ ᠸᠠᠩ ᠱᠧᠩ ᠨᠠᠷ ᠬᠤᠲᠠ᠂ ᠬᠤᠰᠢᠭᠤ ᠬᠤᠶᠠᠷ ᠱᠠᠲᠤᠨ ᠤ 《 ᠵᠢᠷᠭᠤᠭ᠎ᠠ ᠶᠢ ᠨᠢᠭᠡᠳᠦᠯᠲᠡᠢ ᠲᠥᠯᠥᠪᠯᠡᠬᠦ 》 ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠭᠤᠣᠯ ᠠᠷᠭ᠎ᠠ ᠠᠪᠴᠠᠯ ᠪᠣᠯᠤᠨ ᠠᠵᠢᠯ ᠤᠨ ᠦᠷ᠎ᠡ ᠪᠦᠲᠦᠮᠵᠢ ᠶᠢ ᠣᠶᠢᠯᠠᠭᠠᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃ 
4.1+2.jpg       
      ᠸᠠᠩ ᠸᠠᠩ ᠱᠧᠩ ᠬᠡᠯᠡᠭᠰᠡᠨ ᠨᠢ᠂ ᠡᠯ᠎ᠡ ᠭᠠᠵᠠᠷ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠪᠦᠬᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠡᠭᠡ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ ᠦᠵᠡᠯ ᠤᠬᠠᠮᠰᠠᠷ ᠢ ᠬᠤᠪᠢᠷᠠᠭᠤᠯᠬᠤ᠂ ᠪᠠᠶᠢᠭᠤᠯᠤᠯ ᠢ ᠥᠭᠡᠷᠡᠴᠢᠯᠡᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠡᠭᠦᠷᠭᠡ ᠴᠢᠳᠠᠪᠤᠷᠢ ᠶᠢ ᠲᠣᠬᠢᠷᠠᠭᠤᠯᠬᠤ᠂ ᠪᠠᠶᠢᠭᠤᠯᠤᠮᠵᠢ ᠶᠢ ᠰᠢᠯᠢᠳᠡᠭᠵᠢᠭᠦᠯᠬᠦ ᠪᠠ ᠡᠩᠨᠡᠭᠡ ᠶᠢ ᠳᠠᠬᠢᠨ ᠪᠠᠶᠢᠭᠤᠯᠬᠤ ᠶᠢ ᠲᠦᠷᠭᠡᠳᠬᠡᠵᠦ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠤᠯᠢ ᠲᠣᠭᠲᠠᠭᠠᠯ ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠨ ᠵᠢᠱᠢᠬᠦ᠂ ᠬᠢᠨᠠᠯᠲᠠ ᠲᠠᠯᠪᠢᠬᠤ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠭᠠᠳᠠᠭᠠᠳᠤ ᠯᠤᠭ᠎ᠠ ᠬᠤᠷᠰᠢᠯᠴᠠᠬᠤ 《 ᠵᠢᠷᠭᠤᠭ᠎ᠠ ᠶᠢ ᠨᠢᠭᠡᠳᠦᠯᠲᠡᠢ ᠲᠥᠯᠥᠪᠯᠡᠬᠦ 》 ᠠᠵᠢᠯ ᠢ ᠯᠠᠪᠳᠠᠭᠤᠨ ᠪᠠᠲᠤᠲᠠᠢ᠂ ᠪᠣᠳᠠᠲᠠᠢ ᠪᠡᠶᠡᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠶᠢᠮᠠᠭ ᠬᠤᠲᠠ᠂ ᠬᠤᠰᠢᠭᠤ ᠰᠢᠶᠠᠩ ᠤ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠳᠤᠮᠳᠠ ᠰᠢᠨ᠎ᠡ ᠦᠢᠯᠡᠳᠦᠯ ᠪᠠᠳᠠᠷᠠᠭᠤᠯᠵᠤ᠂ ᠰᠢᠨ᠎ᠡ ᠠᠮᠵᠢᠯᠲᠠ ᠪᠦᠲᠦᠮᠵᠢ ᠪᠠᠨ ᠢᠯᠡᠷᠡᠭᠦᠯᠬᠦ ᠬᠡᠷᠡᠭᠲᠡᠢ᠃         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂   ᠬᠤᠰᠢᠭᠤ ᠳᠠᠷᠤᠭ᠎ᠠ ᠰᠦᠯᠳᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2