ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠮᠠᠨ ᠤ ᠬᠤᠰᠢᠭᠤᠨ ᠳᠤ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠬᠤ ᠠᠵᠢᠯ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/4/9
      ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠮᠠᠨ ᠤ ᠬᠤᠰᠢᠭᠤᠨ ᠳᠤ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠬᠤ ᠠᠵᠢᠯ ᠦᠷᠨᠢᠭᠦᠯᠦᠭᠰᠡᠨ               ᠣᠶᠢᠷ᠎ᠠ ᠳᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠪᠠᠶᠠᠨᠵᠢᠷᠭᠠᠯ ᠨᠠᠷ ᠮᠠᠨ ᠤ ᠬᠤᠰᠢᠭᠤᠨ ᠳᠤ ᠢᠷᠡᠵᠦ᠂ 2024 ᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠵᠡᠢ᠃       ᠬᠤᠷᠠᠯ ᠠᠴᠠ᠂ ᠤᠰᠤᠯᠠᠯᠲᠠ ᠳᠤ ᠬᠡᠷᠡᠭᠯᠡᠬᠦ ᠤᠰᠤᠨ ᠤ ᠰᠦᠢᠳᠬᠡᠯ ᠢ ᠲᠠᠲᠠᠪᠤᠷᠢᠯᠠᠬᠤ ᠪᠠ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠬᠤᠰᠢᠭᠤᠨ ᠤ ᠡᠯ᠎ᠡ ᠰᠤᠮᠤ᠂ ᠰᠢᠶᠠᠩ ᠪᠠᠯᠭᠠᠰᠤ ( ᠲᠠᠯᠠᠪᠠᠢ ) ᠴᠠᠭ ᠲᠤᠬᠠᠢ ᠳᠤᠨᠢ ᠤᠰᠤ ᠬᠡᠷᠡᠭᠯᠡᠬᠦ ᠨᠡᠶᠢᠭᠡᠮᠯᠢᠭ ᠪᠠᠶᠢᠭᠤᠯᠵᠤ᠂ ᠦᠢᠯᠡᠴᠢᠯᠡᠭᠡᠨ ᠤ ᠺᠣᠮᠫᠠᠨᠢ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠪᠦᠬᠦ ᠬᠤᠰᠢᠭᠤᠨ ᠤ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ ᠤᠰᠤᠨ ᠠᠰᠢᠭᠯᠠᠯᠲᠠ ᠶᠢᠨ ᠨᠣᠷᠮ᠎ᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ᠂ ᠤᠰᠤ ᠠᠷᠪᠢᠯᠠᠬᠤ ᠬᠤᠣᠰ ᠠᠮᠵᠢᠯᠲᠠ ᠣᠯᠬᠤ ᠬᠠᠷᠠᠯᠲᠠ ᠳᠤ ᠬᠦᠷᠭᠡᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃        ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠠᠭᠠᠨ ᠬᠤᠸᠠ ᠪᠠᠯᠭᠠᠰᠤᠨ ᠤ ᠳ᠋ᠠ ᠨᠠᠨ ᠫᠦᠸᠧ᠂ ᠰᠠᠨ ᠸᠠᠨ ᠽᠢ ᠵᠡᠷᠭᠡ ᠲᠣᠰᠬᠤᠨ ᠳᠤ ᠬᠦᠷᠴᠦ ᠤᠰᠤ ᠠᠷᠪᠢᠯᠠᠬᠤ ᠪᠠᠶᠢᠳᠠᠯ ᠳᠤ ᠪᠣᠳᠠᠲᠠᠢ ᠪᠠᠶᠢᠴᠠᠭᠠᠯᠲᠠ ᠬᠢᠭᠰᠡᠨ ᠪᠠᠶᠢᠨ᠎ᠠ᠃           ᠬᠤᠰᠢᠭᠤ ᠳᠡᠳ᠋ ᠳᠠᠷᠤᠭ᠎ᠠ ᠲᠦᠩ ᠰᠢ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠡᠯ᠎ᠡ ᠰᠤᠮᠤ᠂ ᠰᠢᠶᠠᠩ ᠪᠠᠯᠭᠠᠰᠤ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠲᠠᠨ᠎ᠠ   ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2