ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠰᠠᠨ | | ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠰᠠᠨ ᠪᠠᠶᠢᠨ᠎ᠠ ᠃ | ᠶᠡᠷᠦᠩᠬᠡᠢ ᠱᠦᠵᠢ ᠰᠢ ᠶᠢᠨ ᠫᠢᠩ ᠤᠨ ᠴᠦᠩᠴᠢᠩ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠰᠢᠨ᠎ᠡ ᠴᠠᠭ | ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ᠂ 4 | ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶ᠎ᠠ ᠶᠢᠨ ᠬᠤᠷᠠᠯ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠤᠨ ᠮᠧᠢ ᠳ᠋ᠡ ᠳᠡᠭᠡᠳᠦ ᠬᠤᠷᠳᠤᠨ ᠤ ᠵᠠᠮ | ᠨᠤᠷᠠᠵᠤ ᠶᠡᠭᠦᠷᠡᠭᠰᠡᠨ ᠭᠠᠮᠰᠢᠭ ᠤᠨ ᠨᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠦᠨᠳᠦᠰᠦᠨ ᠱᠠᠲᠤᠨ ᠤ ᠳᠠᠷᠤᠭᠠᠰᠤ ᠶᠢ ᠪᠠᠭᠠᠰᠬᠠᠬᠤ᠂ | ᠲᠣᠰᠬᠤᠨ ᠤ ᠬᠠᠮᠲᠤ ᠶᠢᠨ《ᠭᠤᠷᠪᠠᠨ ᠪᠡᠯᠡ》 ᠶᠢᠨ ᠬᠠᠮᠢᠶᠠᠷᠤᠯᠲᠠ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ | ᠠᠷᠠᠳ ᠤᠨ ᠶᠠᠪᠤᠳᠠᠯ ᠤᠨ ᠬᠦᠷᠢᠶ᠎ᠡ ᠬᠡᠪᠴᠢᠶᠡᠨ ᠳᠠᠬᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ | ᠵᠠᠰᠠᠬᠤ ᠵᠡᠷᠭᠡ ᠠᠵᠢᠯ ᠳᠤ ᠰᠤᠳᠤᠯᠤᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠡᠯ᠎ᠡ | ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |