ᠪᠦᠬᠦ ᠬᠤᠰᠢᠭᠤᠨ ᠤ ᠰᠠᠯᠠᠭᠠᠨ ᠳᠡᠰ ᠤᠨ ᠭᠤᠣᠯ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠰᠡᠨ
ᠨᠡᠶᠢᠲᠡᠯᠡᠭᠰᠡᠨ ᠴᠠᠭ᠄
2024/5/21
      ᠪᠦᠬᠦ ᠬᠤᠰᠢᠭᠤᠨ ᠤ ᠰᠠᠯᠠᠭᠠᠨ ᠳᠡᠰ ᠤᠨ ᠭᠤᠣᠯ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠰᠡᠨ                ᠣᠶᠢᠷ᠎ᠠ ᠳᠤ᠂ ᠪᠦᠬᠦ ᠬᠤᠰᠢᠭᠤᠨ ᠤ ᠰᠠᠯᠠᠭᠠᠨ ᠳᠡᠰ ᠤᠨ ᠭᠤᠣᠯ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠰᠡᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠢ ᠵᠢᠶᠠᠨ ᠮᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃       ᠪᠣᠯᠪᠠᠰᠣᠷᠠᠭᠤᠯᠤᠯ ᠤᠨ ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠪᠣᠯᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 《 ᠬᠤᠶᠠᠷ ᠶᠡᠭᠡ ᠶᠠᠪᠤᠳᠠᠯ 》 《 ᠵᠢᠷᠭᠤᠭᠠᠨ ᠢᠨᠵᠧᠨᠧᠷᠢᠩ 》 ᠤᠨ ᠯᠠᠪᠳᠠᠭᠤᠨ ᠪᠠᠲᠤᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠵᠢᠩᠬᠢᠨᠢ ᠴᠢᠳᠠᠪᠤᠷᠢ ᠶᠢ ᠳᠡᠭᠡᠭᠰᠢᠯᠡᠭᠦᠯᠵᠦ᠂ ᠳᠥᠷᠪᠡᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠪᠣᠯᠤᠨ᠎ᠠ᠃        ᠲᠤᠰ ᠤᠳᠠᠭ᠎ᠠ ᠶᠢᠨ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠣᠯᠪᠠᠰᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ 《 ᠬᠤᠶᠠᠷ ᠶᠡᠭᠡ ᠶᠠᠪᠤᠳᠠᠯ 》 ᠢ ᠰᠠᠶᠢᠲᠤᠷ ᠡᠷᠬᠢᠯᠡᠬᠦ ᠲᠣᠭᠤᠷᠢᠨ ᠳᠤ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠯᠤᠰ ᠤᠨ ᠳᠡᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠲᠤ ᠪᠠᠶᠢᠭᠤᠯᠬᠤ ᠵᠡᠷᠭᠡ ᠠᠭᠤᠯᠭ᠎ᠠ ᠪᠠᠷ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠲᠠᠨ᠎ᠠ    ᠢᠦᠢ ᡁᠢ ᠹᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2