ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/5/21
      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ              ᠣᠶᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠶᠢᠨ ᠮᠠᠨ ᠤ ᠬᠤᠰᠢᠭᠤᠨ ᠳᠤ 《 ᠭᠤᠷᠪᠠᠨ ᠤᠮᠠᠷᠠᠲᠤ 》 ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠴᠥᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠳ᠋ᠦᠩ ᠪᠠ ᠬᠤᠤ ᠰᠢᠶᠠᠩ ᠤᠨ ᠲᠣᠰᠬᠤᠨ᠂ ᠴᠠᠭᠠᠨᠪᠤᠯᠠᠭ ᠰᠤᠮᠤ ᠶᠢᠨ ᠪᠠᠶᠠᠨᠪᠤᠯᠠᠭ ᠭᠠᠴᠠᠭᠠᠨ ᠳᠤ ᠭᠦᠨᠵᠡᠭᠡᠶᠢᠷᠡᠵᠦ᠂ ᠬᠠᠷᠭᠠᠨ᠎ᠠ ᠶᠢᠨ ᠠᠵᠤ ᠦᠢᠯᠡᠰ ᠵᠢᠴᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠳᠥᠷᠪᠡᠳ ᠬᠤᠰᠢᠭᠤᠨ ᠤ ᠲᠥᠷᠥᠯ ᠵᠦᠢᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ 《 ᠭᠤᠷᠪᠠᠨ ᠤᠮᠠᠷᠠᠲᠤ 》 ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠴᠥᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ᠂ ᠠᠮᠢ ᠠᠬᠤᠢ ᠶᠢᠨ ᠤᠰᠤ ᠬᠡᠷᠡᠭᠯᠡᠬᠦ᠂ ᠢᠨᠵᠧᠨᠧᠷᠢᠩ ᠤᠨ ᠣᠷᠣᠭᠤᠯᠤᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠲᠣᠭᠲᠠᠴᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ ᠵᠡᠷᠭᠡ ᠠᠵᠢᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃       ᠬᠤᠰᠢᠭᠤᠨ ᠤ ᠤᠳᠤᠷᠢᠳᠤᠯᠭ᠎ᠠ ᠠᠯᠲᠠ᠂ ᠲᠦᠩ ᠰᠢ ᠵᠡᠷᠭᠡ ᠪᠣᠯᠤᠨ ᠬᠤᠲᠠ ᠬᠤᠰᠢᠭᠤ ᠬᠤᠶᠠᠷ ᠱᠠᠲᠤᠨ ᠤ ᠬᠤᠯᠪᠣᠭᠳᠠᠬᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠪᠠᠷ᠎ᠠ ᠪᠣᠯᠤᠭᠰᠠᠨ  ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠦᠩ ᠰᠢᠶᠣᠣ ᠢᠦᠢ   ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2