ᠳᠦᠷᠪᠡᠦᠨ ᠬᠤᠰᠢᠭᠤᠨ ᠤ ᠬᠦᠩ ᠵᠢᠢ ᠳᠠᠩ ᠪᠠᠯᠭᠠᠰᠤ ᠶᠢᠨ ᠲᠣᠪᠴᠢ ᠲᠠᠨᠢᠯᠴᠠᠭᠤᠯᠭ᠎ᠠ | | ᠬᠦᠩ ᠵᠢᠢ ᠳᠠᠩ ᠪᠠᠯᠭᠠᠰᠤ ᠨᠢ ᠳᠥᠷᠪᠡᠳ ᠬᠤᠰᠢᠭᠤᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ | ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠯᠠᠭᠠᠨᠬᠤᠸᠠ ᠪᠠᠯᠭᠠᠰᠤᠨ ᠠᠴᠠ 70 ᠺᠢᠯᠣᠮᠧᠳ᠋ᠷ | ᠵᠠᠶᠢᠲᠠᠢ᠂ ᠳᠥᠷᠪᠡᠳ ᠬᠤᠰᠢᠭᠤᠨ ᠤ ᠴᠠᠭᠠᠨᠪᠤᠯᠠᠭ ᠰᠤᠮᠤ᠂ ᠬᠦᠷᠢᠶᠡᠲᠦ ᠪᠠᠯᠭᠠᠰᠤ᠂ ᠪᠠᠶᠠᠨᠴᠣᠭᠲᠤ ᠪᠠᠯᠭᠠᠰᠤ ᠪᠠ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠲᠠᠢ ᠵᠠᠬ᠎ᠠ ᠨᠡᠶᠢᠯᠡᠵᠦ᠂ ᠶᠡᠷᠦᠩᠬᠡᠢ ᠲᠠᠯᠠᠪᠠᠢ | ᠨᠢ 534 ᠲᠡᠭᠰᠢ ᠳᠥᠷᠪᠡᠯᠵᠢᠨ ᠺᠢᠯᠣᠮᠧᠳ᠋ᠷ ᠪᠣᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠬᠠᠤᠯᠢ ᠬᠡᠷᠡᠭᠵᠢᠭᠦᠯᠬᠦ ᠬᠦᠴᠦᠨ ᠢ | ᠠᠬᠢᠭᠤᠯᠤᠨ᠂ ᠳᠥᠭᠦᠮ ᠲᠦᠳᠡ ᠥᠨᠳᠥᠷ ᠪᠦᠲᠦᠮᠵᠢᠲᠡᠢ ᠦᠨᠳᠦᠰᠦᠨ ᠱᠠᠲᠤᠨ ᠤ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠠᠶᠢᠭᠤᠯᠬᠤ ᠶᠢᠨ ᠲᠥᠯᠥᠭᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠦᠨᠳᠦᠰᠦᠯᠡᠵᠦ᠂ ᠶᠢ ᠳᠠᠩ ᠪᠠᠯᠭᠠᠰᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠨᠠᠮ | ᠵᠠᠰᠠᠭ ᠤᠨ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠡ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠪᠠ | ᠶᠡᠷᠦᠩᠬᠡᠶᠢᠯᠡᠨ ᠲᠣᠬᠢᠷᠠᠭᠤᠯᠵᠤ᠂ ᠨᠠᠮ ᠤᠨ ᠬᠤᠷᠢᠶᠠᠨ ᠤ ᠤᠳᠤᠷᠢᠳᠬᠤ ᠦᠢᠯᠡᠳᠦᠯ ᠢ ᠴᠢᠩᠭᠠᠳᠬᠠᠵᠤ᠂ ᠣᠯᠠᠨ | ᠲᠦᠮᠡᠨ ᠳᠤ ᠦᠢᠯᠡᠴᠢᠯᠡᠬᠦ᠂ ᠳᠥᠭᠦᠮ ᠠᠪᠰᠠᠷᠬᠠᠨ ᠰᠢᠯᠢᠳᠡᠭ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ( ᠨᠢᠭᠡ ) ᠨᠠᠮ ᠪᠠ ᠤᠯᠤᠰ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠪᠠᠯᠭᠠᠰᠤᠨ ᠤ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠥᠭᠵᠢᠯᠲᠡ ᠪᠠ ᠬᠥᠮᠦᠨ | ᠠᠮᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ | ( ᠬᠤᠶᠠᠷ ) ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠬᠠᠷᠢᠭᠤᠴᠠᠵᠤ᠂ ᠭᠠᠴᠠᠭ᠎ᠠ ᠲᠠᠢ ᠵᠣᠬᠢᠴᠠᠭᠤᠯᠤᠨ᠎ᠠ᠃ | ( ᠭᠤᠷᠪᠠ ) ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠠᠷᠢᠭᠤᠴᠠᠵᠤ᠂ ᠪᠡᠯᠡ | ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠢ | ᠪᠣᠯᠭᠠᠬᠤ ᠬᠡᠷᠡᠭᠲᠡᠢ᠃ | ( ᠳᠥᠷᠪᠡ ) ᠬᠥᠳᠡᠭᠡ ᠲᠣᠰᠬᠤᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠲᠤ ᠦᠢᠯᠡᠴᠢᠯᠡᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠬᠡᠷᠡᠭᠲᠡᠢ | ᠃ | ( ᠲᠠᠪᠤ ) ᠨᠢᠭᠡᠳᠦᠯᠲᠡᠢ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠳᠡᠭᠡ | ᠵᠠᠩᠭᠢ ᠪᠠᠷ ᠬᠥᠲᠥᠯᠦᠨ ᠵᠢᠯᠣᠭᠤᠳᠬᠤ᠂ ᠦᠢᠯᠡᠴᠢᠯᠡᠭᠡᠨ ᠬᠠᠩᠭᠠᠬᠤ ᠪᠠ ᠪᠠᠶᠢᠴᠠᠭᠠᠯᠲᠠ ᠬᠢᠨᠠᠯᠲᠠ ᠲᠠᠯᠪᠢᠬᠤ ᠶᠢ | ᠬᠠᠷᠢᠭᠤᠴᠠᠨ᠂ ᠬᠤᠲᠠ ᠬᠥᠳᠡᠭᠡ ᠶᠢᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠠᠲᠤᠯᠠᠭ᠎ᠠ ᠶᠢᠨ ᠦᠢᠯᠡᠰ ᠢ | ᠬᠥᠭᠵᠢᠭᠦᠯᠬᠦ ᠬᠡᠷᠡᠭᠲᠡᠢ᠃ | ( ᠵᠢᠷᠭᠤᠭ᠎ᠠ) ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠵᠤ᠂ ᠪᠣᠳᠠᠰ ᠤᠨ ᠪᠣᠯᠪᠠᠰᠤᠨ᠂ ᠤᠯᠤᠰ ᠲᠥᠷᠥ ᠶᠢᠨ ᠪᠣᠯᠪᠠᠰᠤᠨ ᠪᠣᠯᠤᠨ ᠣᠶᠤᠨ ᠤ ᠪᠣᠯᠪᠠᠰᠤᠨ ᠤ | ᠵᠡᠷᠭᠡᠪᠡᠷ ᠬᠥᠭᠵᠢᠬᠦ ᠶᠢ ᠠᠬᠢᠭᠤᠯᠬᠤ ᠬᠡᠷᠡᠭᠲᠡᠢ᠃ | ( ᠳᠣᠯᠤᠭ᠎ᠠ ) ᠵᠡᠪᠰᠡᠭᠲᠦ ᠬᠦᠴᠦᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ | ᠵᠥᠪᠯᠡᠯᠭᠡᠨ ᠤ ᠬᠠᠷᠢᠯᠴᠠᠬᠤ ᠠᠵᠢᠯ ᠢ ᠬᠠᠷᠢᠭᠤᠴᠠᠨ᠎ᠠ᠃ | ( ᠨᠠᠢᠮᠠ ) ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ | ᠤᠬᠠᠭᠠᠨ ᠮᠡᠷᠭᠡᠵᠢᠯ᠂ ᠮᠡᠳᠡᠭᠡ ᠵᠠᠩᠭᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠠᠷᠠᠭᠠᠯᠵᠠᠬᠤ᠂ | ᠣᠷᠣᠰᠢᠭᠤᠯᠭ᠎ᠠ᠂ ᠰᠠᠶᠢᠨ ᠲᠥᠷᠥᠵᠦ ᠰᠠᠶᠢᠬᠠᠨ ᠥᠰᠬᠡᠬᠦ ᠪᠠ ᠲᠠᠷᠢᠶᠠᠯᠠᠩ᠂ ᠣᠢ ᠰᠢᠭᠤᠢ᠂ ᠤᠰᠤ ᠵᠡᠷᠭᠡ ᠠᠵᠢᠯ ᠢ | ᠰᠠᠶᠢᠲᠤᠷ ᠬᠢᠬᠦ ᠬᠡᠷᠡᠭᠲᠡᠢ᠃ | ( ᠵᠢᠰᠦ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠠᠵᠢᠯ ᠶᠠᠪᠤᠳᠠᠯ ᠤᠨ | ᠡᠷᠬᠡ ᠪᠠ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ | ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠬᠢᠨᠠᠵᠤ ᠪᠠᠶᠢᠴᠠᠭᠠᠬᠤ ᠠᠵᠢᠯ ᠢ | ᠬᠠᠷᠢᠭᠤᠴᠠᠨ᠎ᠠ ᠃ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠤᠨ ᠠᠵᠢᠯ ᠢ ᠬᠠᠷᠢᠭᠤᠴᠠᠨ᠎ᠠ᠃ | ( ᠬᠤᠶᠠᠷ ) ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ | ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠣᠯᠠᠨ | ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ ᠃ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ | ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ᠃ ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ | ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ( ᠭᠤᠷᠪᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠭᠤᠣᠯ ᠡᠭᠦᠷᠭᠡ | ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ᠃ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ᠃ ᠠᠵᠤ ᠦᠢᠯᠡᠰ ᠢ ᠲᠥᠯᠥᠪᠵᠢᠭᠦᠯᠦᠨ | ᠬᠥᠭᠵᠢᠭᠦᠯᠬᠦ ᠠᠵᠢᠯ ᠢ ᠬᠠᠷᠢᠭᠤᠴᠠᠨ᠎ᠠ ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ᠃ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ | ᠬᠠᠷᠢᠭᠤᠴᠠᠨ᠎ᠠ᠃ | ( ᠳᠥᠷᠪᠡ ) ᠨᠡᠶᠢᠭᠡᠮ ᠤᠨ ᠶᠠᠪᠤᠳᠠᠯ ᠤᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ | ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ | ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ | ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | (ᠲᠠᠪᠤ) ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠤᠣᠯ ᠡᠭᠦᠷᠭᠡ ᠬᠠᠷᠢᠭᠤᠴᠠᠯᠭ᠎ᠠ | ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ | ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ ᠃ ᠲᠣᠧᠷᠴᠢᠯᠠᠭᠰᠠᠨ ᠠᠵᠢᠯ ᠢ | ᠬᠠᠷᠢᠭᠤᠴᠠᠨ᠎ᠠ᠃ | ᠭᠤᠷᠪᠠ᠂ ᠳᠡᠳ᠋ ᠰᠠᠯᠠᠭ᠎ᠠ ᠶᠢᠨ ᠳᠡᠰ ᠲᠠᠢ ᠲᠡᠩᠴᠡᠬᠦ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ | ᠲᠥᠷᠥᠯ ᠤᠨ ᠠᠵᠢᠯ ᠦᠢᠯᠡᠰ ᠤᠨ ᠨᠢᠭᠡᠴᠡ ᠶᠢ 3 ᠲᠣᠬᠢᠷᠠᠭᠤᠯᠤᠨ᠎ᠠ᠄ | ( ᠨᠢᠭᠡ ) ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ( ᠠᠷᠠᠤᠨ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠭᠠᠵᠠᠷ ᠤᠨ ᠫᠠᠶᠢᠰᠠ ) ᠭᠤᠣᠯ ᠡᠭᠦᠷᠭᠡ ᠬᠠᠷᠢᠭᠤᠴᠠᠯᠭ᠎ᠠ᠄ | ᠨᠠᠮ ᠤᠨ ᠭᠡᠰᠢᠭᠦᠨ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ | ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢ ᠲᠠᠪᠴᠠᠩ ᠬᠠᠩᠭᠠᠨ᠎ᠠ ᠃ ᠬᠠᠷᠢᠶᠠᠲᠤ ᠣᠷᠣᠨ ᠤ | ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ ᠃ ᠨᠠᠮ ᠪᠠ ᠣᠯᠠᠨ | ᠲᠦᠮᠡᠨ ᠤ ᠡᠯ᠎ᠡ ᠲᠥᠷᠥᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ ᠦᠢᠯᠡᠴᠢᠯᠡᠬᠦ ᠴᠢᠳᠠᠪᠬᠢ ᠶᠢᠨ | ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠬᠤ ᠬᠡᠷᠡᠭᠲᠡᠢ᠃ ᠠᠷᠠᠳ ᠲᠤ ᠳᠥᠭᠦᠮ | ᠦᠵᠡᠭᠦᠯᠬᠦ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ᠃ ᠴᠡᠷᠢᠭ ᠤᠨ | ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ | ᠲᠡᠳᠬᠦᠬᠦ᠂ ᠪᠣᠯᠭᠤᠭᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ | ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ᠃ ᠴᠡᠷᠢᠭ ᠢᠶᠠᠨ ᠬᠦᠷᠢᠶᠡᠯᠡᠵᠦ | ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ᠃ ᠰᠢᠶᠠᠩ ᠪᠠᠯᠭᠠᠰᠤ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ( ᠬᠤᠶᠠᠷ ) ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠣᠯ ᠡᠭᠦᠷᠭᠡ | ᠬᠠᠷᠢᠭᠤᠴᠠᠯᠭ᠎ᠠ᠄ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠠᠴᠠ | ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ | ᠬᠡᠷᠡᠭᠵᠢᠭᠦᠯᠦᠨ᠎ᠡ᠃ | (ᠭᠤᠷᠪᠠ) ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠢ ᠳᠡᠯᠭᠡᠷᠡᠭᠦᠯᠬᠦ ᠲᠥᠪ ᠭᠤᠣᠯ ᠡᠭᠦᠷᠭᠡ | ᠬᠠᠷᠢᠭᠤᠴᠠᠯᠭ᠎ᠠ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ ᠃ ᠲᠠᠷᠢᠶᠠᠴᠢᠨ ᠮᠠᠯᠴᠢᠳ ᠲᠤ ᠠᠵᠤ ᠦᠢᠯᠡᠰ ᠤᠨ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ ᠃ ᠲᠤᠰᠬᠠᠢ ᠮᠡᠷᠭᠡᠵᠢᠯ ᠤᠨ ᠪᠣᠯᠪᠠᠰᠤᠷᠠᠯ | ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ | ᠠᠵᠢᠯ ᠢ ᠬᠠᠷᠢᠭᠤᠴᠠᠨ᠎ᠠ᠃ | ᠠᠵᠢᠯᠯᠠᠬᠤ ᠴᠠᠭ᠄ 9᠄ 00—12᠄ 00 14 : 30 —18 : 00 ( ᠭᠠᠷᠠᠭ ᠤᠨ ᠨᠢᠭᠡᠨ ᠠᠴᠠ | ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ | ᠪᠠᠭᠲᠠᠬᠤ ᠥᠬᠡᠢ ) | ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠭᠦᠩ ᠵᠢᠢ ᠳᠠᠩ ᠪᠠᠯᠭᠠᠰᠤᠨ ᠤ ᠭᠦᠩ ᠵᠢᠢ ᠳᠠᠩ | ᠲᠣᠰᠬᠤᠨ | ᠠᠯᠪᠠᠨ ᠭᠡᠷ ᠤᠨ ᠤᠲᠠᠰᠤ᠄ 0474 —5210700 | ᠰᠢᠤᠳᠠᠨ ᠨᠣᠮᠧᠷ᠄ 011815 | ᠬᠠᠷᠢᠭᠤᠴᠠᠯᠭᠠᠲᠠᠨ᠄ ᠵᠠᠩ ᡁᠢ ᠭᠠᠩ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |