ᠪᠠᠶᠠᠨᠴᠣᠭᠲᠤ ᠪᠠᠯᠭᠠᠰᠤ ᠲᠠᠯ᠎ᠠ ᠨᠤᠲᠤᠭ ᠤᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/5/22
      ᠪᠠᠶᠠᠨᠴᠣᠭᠲᠤ ᠪᠠᠯᠭᠠᠰᠤ ᠲᠠᠯ᠎ᠠ ᠨᠤᠲᠤᠭ ᠤᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠪᠠᠶᠢᠨ᠎ᠠ           ᠮᠠᠨ ᠤ ᠣᠷᠣᠨ ᠤ ᠡᠯᠡᠰᠦᠨ ᠴᠦᠷ ᠲᠤ ᠡᠯᠡᠰᠦᠨ ᠪᠤᠲᠠᠯᠢᠭ ᠬᠠᠮᠠᠷ ᠲᠤ ᠲᠣᠭᠤᠰᠣ ᠪᠤᠵᠢᠭᠢᠨᠠᠵᠤ᠂  ᠤᠶᠢᠷ᠎ᠠ ᠳᠤ᠂ ᠮᠠᠨ ᠤ ᠪᠠᠯᠭᠠᠰᠤᠨ ᠤ ᠲᠠᠯ᠎ᠠ ᠨᠤᠲᠤᠭ ᠤᠨ ᠬᠠᠮᠢᠶᠠᠷᠤᠭᠴᠢ ᠶᠢᠨ ᠡᠪᠡᠰᠦᠨ ᠤ  ᠳᠤᠮᠳᠠ ᠠᠴᠠ ᠪᠠᠶᠠᠨᠰᠢᠯᠢ ᠭᠠᠴᠠᠭ᠎ᠠ᠂ ᠶᠡᠬᠡᠬᠦᠰᠤ ᠭᠠᠴᠠᠭ᠎ᠠ ᠵᠡᠷᠭᠡ ᠭᠠᠵᠠᠷ ᠲᠤ ᠴᠠᠭᠠᠨ ᠰᠣᠩᠭᠢᠨ᠎ᠠ ᠬᠠᠷᠭᠠᠢ ᠶᠢᠨ ᠬᠤᠷᠣᠬᠠᠢ ᠶᠢᠨ ᠨᠠᠪᠴᠢᠲᠤ ᠬᠤᠶᠠᠭᠲᠤ ᠠᠪᠠᠭᠠᠯᠳᠠᠢ ᠢᠯᠡᠷᠡᠵᠦ᠂ ᠱᠤᠭᠤᠮᠯᠢᠭ ᠴᠢᠨᠠᠷᠲᠠᠢ ᠲᠠᠷᠬᠠᠵᠠᠢ᠃ᠲᠤᠰ ᠬᠥᠨᠥᠭᠡᠯᠲᠦ ᠬᠤᠷᠣᠬᠠᠢ  ᠨᠢ ᠦᠬᠡᠷ ᠤᠨ ᠪᠠᠭᠠᠰᠤ ᠵᠢᠴᠢ ᠴᠢᠯᠠᠭᠤᠨ ᠤ ᠵᠠᠪᠰᠠᠷ ᠳᠣᠣᠷ᠎ᠠ ᠡᠪᠦᠯᠵᠢᠵᠦ᠂ ᠳᠠᠷᠠᠭ᠎ᠠ ᠵᠢᠯ ᠤᠨ ᠬᠢᠨᠢ 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ ᠨᠡᠪᠴᠢᠵᠦ᠂ ᠡᠯᠡᠰᠦᠨ ᠰᠣᠩᠭᠢᠨ᠎ᠠ᠂ ᠰᠣᠩᠭᠢᠨ᠎ᠠ᠂ ᠵᠡᠷᠯᠢᠭ ᠭᠤᠭᠤᠳ ᠵᠡᠷᠭᠡ ᠵᠠᠭᠤᠨ ᠨᠤᠭᠤᠯᠤᠭ᠎ᠠ ᠰᠣᠩᠭᠢᠨ᠎ᠠ ᠤᠷᠭᠤᠮᠠᠯ ᠤᠨ ᠡᠰᠢ ᠨᠠᠪᠴᠢ ᠶᠢ ᠲᠡᠭᠦᠨ ᠢᠳᠡᠵᠦ᠂ 15 ᠡᠳᠦᠷ ᠤᠷᠭᠤᠵᠤ ᠪᠤᠶᠢᠵᠢᠭᠠᠳ᠂ ᠪᠡᠶᠡᠯᠡᠭᠰᠡᠨ ᠬᠤᠷᠣᠬᠠᠢ ᠬᠡᠦᠬᠡᠯᠳᠡᠶᠢᠵᠢᠭᠰᠡᠨ ᠤ ᠳᠠᠷᠠᠭ᠎ᠠ ᠦᠨᠳᠦᠰᠦᠨ ᠳᠡᠭᠡᠨ ᠢᠳᠡᠰᠢ ᠲᠡᠭᠦᠵᠦ ᠢᠳᠡᠬᠦ ᠠᠵᠢᠯᠯᠠᠭ᠎ᠠ ᠦᠭᠡᠢ ᠪᠠᠶᠢᠳᠠᠭ᠃       ᠬᠤᠷᠣᠬᠠᠢ ᠶᠢᠨ ᠭᠠᠮᠰᠢᠭ ᠡᠭᠦᠰᠦᠭᠰᠡᠨ ᠤ ᠳᠠᠷᠠᠭ᠎ᠠ᠂ ᠮᠠᠨ ᠤ ᠪᠠᠯᠭᠠᠰᠤ ᠢᠳᠡᠪᠬᠢᠲᠡᠢ ᠪᠠᠷ ᠳᠡᠭᠡᠭᠰᠢ ᠬᠤᠰᠢᠭᠤᠨ ᠤ ᠣᠢ ᠡᠪᠡᠰᠦ ᠶᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠳᠡᠭᠡᠭᠰᠢ ᠳᠣᠷᠣᠭᠰᠢ ᠬᠤᠯᠪᠣᠭᠠᠯᠠᠨ ᠬᠥᠳᠡᠯᠦᠯᠴᠡᠵᠦ᠂ ᠳᠡᠭᠡᠷ᠎ᠡ ᠱᠠᠲᠤᠨ ᠳᠤ ᠮᠠᠨᠠᠨᠲᠤᠭᠤᠯᠤᠨ ᠰᠦᠷᠴᠢᠬᠦ ᠮᠠᠰᠢᠨ ᠢ ᠰᠢᠯᠵᠢᠭᠦᠯᠦᠨ ᠬᠡᠷᠡᠭᠯᠡᠬᠦ ᠪᠠᠷ ᠭᠤᠶᠤᠴᠢᠯᠠᠬᠤ ᠶᠢᠨ ᠬᠠᠮᠲᠤ ᠮᠠᠯᠴᠢᠳ ᠲᠤ ᠰᠢᠩᠭᠡᠷᠡᠭᠦᠯᠦᠭᠰᠡᠨ ᠡᠮ ᠢ ᠲᠣᠬᠢᠷᠠᠭᠤᠯᠤᠨ ᠥᠭᠴᠦ᠂ ᠬᠠᠮᠤᠭ ᠲᠦᠷᠦᠭᠦᠨ ᠳᠤ ᠤᠰᠠᠳᠬᠠᠬᠤ ᠠᠷᠭ᠎ᠠ ᠶᠢ ᠣᠯᠵᠤ ᠮᠡᠳᠡᠵᠡᠢ᠃ ᠲᠷᠠᠺᠲ᠋ᠣᠷ ᠬᠢᠭᠡᠳ ᠢᠵᠢ ᠪᠦᠷᠢᠳᠦᠭᠦᠯᠦᠭᠰᠡᠨ ᠮᠠᠰᠢᠨ ᠪᠠᠭᠠᠵᠢ ᠶᠢ ᠵᠣᠬᠢᠶᠠᠨ ᠪᠠᠶᠢᠭᠤᠯᠤᠨ ᠭᠠᠵᠠᠷ ᠳᠡᠭᠡᠷ᠎ᠡ ᠲᠣᠣᠷ ᠮᠠᠶ᠋ᠢᠭ ᠤᠨ ᠰᠡᠷᠭᠡᠶᠢᠯᠡᠯᠲᠡ ᠬᠢᠬᠦ ᠪᠠ ᠤᠰᠠᠳᠬᠠᠬᠤ ᠦᠷ᠎ᠡ ᠪᠦᠲᠦᠮᠵᠢ ᠶᠢ 98% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃        ᠳᠠᠷᠠᠭ᠎ᠠ ᠠᠯᠬᠤᠮ ᠳᠤ᠂ ᠮᠠᠨ ᠤ ᠪᠠᠯᠭᠠᠰᠤ ᠦᠷᠭᠦᠯᠵᠢᠯᠡᠨ ᠬᠤᠯᠪᠣᠭᠠᠯᠠᠨ ᠬᠤᠷᠣᠬᠠᠢ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠥᠷᠨᠢᠭᠦᠯᠵᠦ᠂ ᠬᠤᠷᠣᠬᠠᠢ ᠶᠢᠨ ᠪᠠᠶᠢᠳᠠᠯ ᠤᠨ ᠬᠤᠪᠢᠷᠠᠯᠲᠠ ᠶᠢ ᠨᠢᠭᠲᠡ ᠠᠩᠬᠠᠷᠴᠤ᠂ ᠬᠤᠷᠣᠬᠠᠢ ᠤᠰᠠᠳᠬᠠᠬᠤ ᠠᠬᠢᠴᠠ ᠶᠢ ᠲᠦᠷᠭᠡᠳᠬᠡᠵᠦ᠂ ᠬᠤᠷᠣᠬᠠᠢ ᠶᠢᠨ ᠪᠠᠶᠢᠳᠠᠯ ᠢ ᠰᠡᠷᠭᠡᠶᠢᠯᠡᠵᠦ ᠪᠣᠯᠤᠨ᠎ᠠ᠃ ᠡᠭᠦᠨ ᠤ ᠬᠠᠮᠲᠤ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2