ᠡᠮ ᠡᠮᠨᠡᠯᠭᠡ ᠶᠢᠨ ᠳᠠᠭᠠᠳᠬᠠᠯ ᠢ ᠣᠯᠠᠨ ᠲᠦᠮᠡᠨ ᠤ ᠡᠮᠴᠢ ᠪᠣᠯᠭᠠᠨ ᠪᠡᠶᠡᠯᠡᠭᠦᠯᠬᠦ ᠳᠤ ᠲᠦᠰᠢᠭᠯᠡᠨ᠎ᠡ | | ᠴᠠᠭ | 2024 —04 —05 | | ᠡᠷᠬᠢᠮ ᠵᠣᠴᠢᠨ | | | | | ᠳᠥᠷᠪᠡᠳ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠯᠦ ᠵᠢᠶᠠᠨ ᠵᠢᠶᠦ᠋ᠨ | ᠲᠣᠪᠴᠢᠯᠠᠭᠤᠷ ᠵᠠᠪᠬᠠᠭᠠ ᠲᠡᠭᠦᠰ ᠵᠣᠷᠢᠭ ᠲᠡᠭᠦᠯᠳᠡᠷ᠂ ᠵᠣᠷᠢᠭ ᠲᠡᠭᠦᠯᠳᠡᠷ᠃ᠳᠥᠷᠪᠡᠳ ᠬᠤᠰᠢᠭᠤᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠢᠮᠠᠭᠲᠠ ᠪᠣᠳᠠᠲᠤ ᠪᠠᠶᠢᠳᠠᠯ ᠳᠤ ᠰᠠᠭᠤᠷᠢᠯᠠᠨ᠂ 《 ᠠᠷᠠᠳ | ᠲᠦᠮᠡᠨ ᠢᠶᠠᠷ ᠭᠤᠣᠯ ᠪᠣᠯᠭᠠᠬᠤ 》 ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠪᠣᠷ ᠰᠤᠷᠲᠠᠯ ᠨᠢ | ᠰᠢᠯᠢᠳᠡᠭ᠂ ᠲᠤᠬᠠᠶᠢᠯᠠᠭᠰᠠᠨ ᠠᠵᠢᠯ ᠨᠢ ᠨᠠᠷᠢᠨ ᠨᠢᠭᠲᠡ ᠡᠮ ᠡᠮᠨᠡᠯᠭᠡ ᠶᠢᠨ ᠳᠠᠭᠠᠳᠬᠠᠯ ᠲᠡᠮᠦᠷ ᠵᠠᠮ ᠤᠨ ᠴᠡᠷᠢᠭ ᠢ | ᠳᠠᠪᠲᠠᠨ ᠪᠣᠯᠪᠠᠰᠤᠷᠠᠭᠤᠯᠬᠤ ᠪᠠᠷ ᠬᠦᠴᠦᠯᠡᠨ ᠴᠢᠷᠮᠠᠶᠢᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ | ᠨᠡᠩ ᠣᠯᠠᠨ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠠᠰᠢᠭ ᠬᠦᠷᠲᠡᠭᠡᠬᠦ 《 ᠠᠰᠢᠭ ᠲᠤᠰᠠ | 》 ᠢ ᠬᠦᠷᠲᠡᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠬᠥᠰᠢᠭᠦᠷᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ | ᠡᠮ ᠡᠮᠨᠡᠯᠭᠡ ᠶᠢᠨ ᠪᠠᠲᠤᠯᠠᠭ᠎ᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠢᠯᠡᠷᠡᠭᠦᠯᠦᠭᠰᠡᠨ ᠪᠠᠶᠢᠨ᠎ᠠ᠃ | ᠠᠰᠠᠭᠤᠭᠰᠠᠨ ᠨᠢ᠄ ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠤᠬᠠᠭᠤᠯᠭ᠎ᠠ ᠶᠢᠨ | ᠭᠤᠣᠯᠳᠠᠯᠭ᠎ᠠ ᠨᠢ ᠲᠡᠷᠡ ᠬᠡᠳᠦᠨ ᠴᠢᠭᠯᠡᠯ ᠪᠣᠢ ︖ | ᠬᠠᠷᠢᠭᠤᠯᠲᠠ᠄ ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠤᠬᠠᠭᠤᠯᠤᠯ ᠤᠨ | ᠭᠤᠣᠯᠳᠠᠯᠭ᠎ᠠ ᠨᠢ᠄ ᠨᠢᠭᠡ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠵᠤ ᠳᠠᠭᠠᠳᠬᠠᠯ ᠳᠤ ᠣᠷᠣᠬᠤ ᠤᠬᠠᠭᠤᠯᠭ᠎ᠠ ᠶᠢ ᠰᠠᠶᠢᠲᠤᠷ ᠬᠢᠨ᠎ᠡ᠃ | ᠤᠬᠠᠭᠤᠯᠤᠨ ᠳᠡᠯᠭᠡᠷᠡᠭᠦᠯᠬᠦ ᠠᠭᠤᠯᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ᠂ ᠤᠬᠠᠭᠤᠯᠤᠨ ᠲᠠᠶᠢᠯᠪᠤᠷᠢᠯᠠᠬᠤ | ᠠᠷᠭ᠎ᠠ ᠵᠠᠮ ᠤᠨ ᠰᠢᠨ᠎ᠡ ᠶᠢ ᠡᠭᠦᠳᠴᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠳᠥᠭᠦᠮ | ᠣᠶᠢᠯᠠᠭᠠᠮᠵᠢᠲᠠᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ | ᠲᠥᠷᠥ ᠶᠢᠨ ᠪᠣᠳᠣᠯᠭ᠎ᠠ ᠶᠢᠨ ᠲᠠᠲᠠᠬᠤ ᠬᠦᠴᠦᠨ ᠪᠠ ᠨᠡᠶᠢᠯᠡᠬᠦ ᠬᠦᠴᠦᠨ ᠢ ᠳᠡᠭᠡᠭᠰᠢᠯᠡᠭᠦᠯᠵᠦ᠂ 《 ᠬᠥᠮᠦᠨ | ᠪᠦᠬᠦᠨ ᠬᠦᠷᠲᠡᠬᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ 》 | ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠂ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠪᠦᠬᠦ ᠲᠠᠯ᠎ᠠ ᠪᠠᠷ ᠪᠣᠢ ᠪᠣᠯᠭᠠᠬᠤ ᠬᠡᠷᠡᠭᠲᠡᠢ᠃ ᠬᠤᠶᠠᠷ ᠲᠤ | ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠨ᠎ᠡ᠃ ᠤᠬᠠᠭᠤᠯᠭ᠎ᠠ ᠶᠢᠨ | ᠠᠷᠭ᠎ᠠ ᠵᠠᠮ ᠢᠶᠠᠨ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠ ᠥᠷᠭᠡᠳᠬᠡᠵᠦ᠂ ᠣᠯᠠᠨ ᠲᠦᠮᠡᠨ ᠳᠤ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠦᠨᠳᠦᠰᠦᠨ ᠱᠠᠲᠤᠨ ᠤ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ( ᠴᠢᠭ )᠂ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠵᠢᠭᠰᠡᠭᠠᠯ ᠤᠨ ᠭᠠᠵᠠᠷ ᠤᠨ ᠤᠬᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ | ᠨᠡᠶᠢᠲᠡ ᠶᠢᠨ ᠨᠣᠮᠧᠷ᠂ ᠠᠮᠢᠵᠢᠷᠠᠯ ᠤᠨ ᠬᠦᠴᠦᠨ ᠳᠥᠷᠪᠡᠳ᠂ ᠨᠠᠶᠢᠵᠠ ᠶᠢᠨ ᠲᠣᠭᠤᠷᠢᠭ᠂ ᠭᠠᠷ ᠤᠲᠠᠰᠤᠨ ᠤ | ᠣᠬᠤᠷ ᠮᠡᠳᠡᠭᠡ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠮᠴᠢᠯᠡᠭᠡᠨ ᠤ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ | ᠬᠡᠷᠡᠭᠲᠡᠢ᠃ ᠭᠤᠷᠪᠠ ᠳᠤ ᠡᠮᠨᠡᠯᠭᠡ ᠶᠢᠨ ᠳᠠᠭᠠᠳᠬᠠᠯ ᠤᠨ ᠡᠯᠧᠺᠳ᠋ᠷᠣᠨ ᠭᠡᠷᠡᠴᠢ ᠶᠢ ᠢᠳᠡᠪᠬᠢᠵᠢᠭᠦᠯᠬᠦ ᠪᠠ ᠣᠨᠳᠣᠣ | ᠭᠠᠵᠠᠷ ᠡᠪᠡᠳᠴᠢᠨ ᠦᠵᠡᠭᠦᠯᠬᠦ ᠳᠤ ᠰᠢᠭᠤᠳ ᠳ᠋ᠦ᠋ᠩᠨᠡᠨ ᠪᠣᠳᠣᠬᠤ ᠤᠬᠠᠭᠤᠯᠭ᠎ᠠ ᠶᠢ ᠰᠠᠶᠢᠲᠤᠷ ᠬᠢᠨ᠎ᠡ᠃ | ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠪᠦᠬᠦ ᠲᠠᠯ᠎ᠠ ᠪᠠᠷ᠂ ᠬᠠᠷᠠᠭᠠᠰᠤ ᠠᠴᠠ ᠥᠷᠭᠡᠨ | ᠳᠡᠯᠭᠡᠷ ᠢᠶᠠᠷ ᠤᠬᠠᠭᠤᠯᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠪᠣᠯᠤᠨ ᠰᠠᠭᠤᠭᠠᠯᠢ | ᠠᠷᠠᠳ ᠲᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠬᠡᠷᠡᠭᠯᠡᠨ ᠡᠪᠡᠳᠴᠢᠨ ᠦᠵᠡᠭᠦᠯᠬᠦ | ᠡᠮ ᠬᠤᠳᠠᠯᠳᠤᠨ ᠠᠪᠬᠤ᠂ ᠣᠨᠳᠣᠣ ᠭᠠᠵᠠᠷ ᠡᠮᠨᠡᠭᠦᠯᠬᠦ ᠶᠢ ᠳᠠᠩᠰᠠᠯᠠᠭᠤᠯᠬᠤ ᠳᠠᠬᠢ ᠦᠢᠯᠡᠳᠦᠯ ᠢ ᠲᠣᠳᠣᠷᠬᠠᠢ | ᠲᠠᠶᠢᠯᠪᠤᠷᠢᠯᠠᠵᠤ᠂ ᠣᠯᠠᠨ ᠳᠤ 《 ᠨᠢᠭᠡ ᠺᠣᠳ᠋ ᠨᠢ ᠭᠠᠷ ᠢᠶᠠᠷ ᠬᠤᠪᠢᠯᠭᠠᠨ ᠵᠧᠦ ᠪᠠᠷ ᠶᠠᠪᠤᠵᠤ ᠪᠠᠶᠢᠬᠤ 》 ᠶᠢᠨ | ᠳᠥᠭᠦᠮ ᠦᠵᠡᠭᠦᠯᠬᠦ ᠴᠢᠨᠠᠷ ᠪᠣᠯᠤᠨ ᠠᠶᠤᠯ ᠥᠬᠡᠢ ᠴᠢᠨᠠᠷ ᠢ ᠭᠦᠢᠴᠡᠳ ᠲᠠᠨᠢᠭᠤᠯᠬᠤ ᠬᠡᠷᠡᠭᠲᠡᠢ᠃ ᠡᠭᠦᠨ ᠤ | ᠬᠠᠮᠲᠤ ᠣᠯᠠᠨ ᠢ ᠵᠠᠪᠠᠯ 《 ᠡᠮᠨᠡᠯᠭᠡ ᠠᠴᠠ ᠭᠠᠷᠴᠤ ᠰᠢᠭᠤᠳ ᠮᠡᠳᠡᠭᠦᠯᠬᠦ 》 ᠬᠡᠷᠡᠭᠲᠡᠢ᠂ 《 ᠵᠣᠭᠤᠰ | ᠣᠷᠣᠯᠠᠨ ᠭᠦᠶᠦᠬᠦ ᠪᠠᠨ ᠭᠦᠶᠦᠯᠭᠡᠵᠦ 》 ᠪᠣᠯᠬᠤ ᠦᠭᠡᠢ᠂ ᠬᠤᠲᠠ ᠶᠢᠨ ᠳᠣᠲᠣᠷ᠎ᠠ᠂ ᠥᠪᠡᠷᠲᠡᠭᠡᠨ ᠵᠠᠰᠠᠬᠤ | ᠣᠷᠣᠨ ᠤ ᠳᠣᠲᠣᠷ᠎ᠠ ᠡᠮᠴᠢᠯᠡᠭᠦᠯᠦᠭᠰᠡᠨ ᠴᠦ ᠲᠡᠷᠡ᠂ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠭᠠᠳᠠᠨ᠎ᠠ | ᠣᠴᠢᠵᠤ ᠡᠮᠴᠢᠯᠡᠭᠦᠯᠦᠭᠰᠡᠨ ᠴᠦ ᠵᠠᠪᠠᠯ ᠡᠮᠨᠡᠯᠭᠡ ᠶᠢᠨ ᠬᠤᠷᠢᠶ᠎ᠠ ᠠᠴᠠ ᠭᠠᠷᠤᠭᠠᠳ ᠥᠪᠡᠷ ᠢᠶᠠᠨ ᠦᠭᠭᠦᠭᠰᠡᠨ | ᠲᠡᠷᠡ ᠬᠡᠰᠡᠭ ᠢ ᠨᠢ ᠰᠢᠭᠤᠳ ᠲᠤᠰᠢᠶᠠᠴᠢᠬᠠᠪᠠᠯ᠂ ᠡᠮᠨᠡᠯᠭᠡ ᠶᠢᠨ ᠳᠠᠭᠠᠳᠬᠠᠯ ᠨᠢ ᠳᠠᠷᠤᠢ ᠰᠢᠭᠤᠳ ᠳᠠᠩᠰᠠ | ᠮᠡᠳᠡᠭᠦᠯᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠭᠰᠡᠨ ᠴᠦ ᠲᠡᠷᠡ᠂ ᠣᠯᠠᠨ ᠲᠦᠮᠡᠨ ᠢ ᠳᠤᠲᠠᠭᠤ ᠭᠦᠶᠦᠯᠭᠡᠵᠦ᠂ | ᠪᠡᠯᠡ ᠮᠥᠩᠭᠦ ᠣᠷᠣᠯᠠᠨ ᠥᠭᠬᠦ ᠳᠠᠷᠤᠯᠲᠠ ᠪᠠᠭ᠎ᠠ᠂ ᠣᠨᠳᠣᠣ ᠭᠠᠵᠠᠷ ᠰᠢᠭᠤᠳ ᠮᠡᠳᠡᠭᠦᠯᠳᠡᠭ᠃ | ᠠᠰᠠᠭᠤᠭᠰᠠᠨ ᠨᠢ᠄ ᠲᠡᠭᠡᠪᠡᠯ ᠣᠨᠳᠣᠣ ᠭᠠᠵᠠᠷ ᠤᠨ ᠰᠢᠭᠤᠳ ᠮᠡᠳᠡᠭᠡᠨ ᠤ ᠳᠣᠲᠣᠷ᠎ᠠ ᠪᠢᠳᠡᠨ ᠤ ᠠᠩᠬᠠᠷᠬᠤ | ᠴᠢᠬᠤᠯᠠᠲᠠᠢ ᠵᠠᠷᠢᠮ ᠴᠤᠪᠤᠷᠠᠯ ᠪᠠ ᠭᠠᠷ ᠭᠦᠢᠴᠡᠳᠬᠡᠯ ᠪᠠᠶᠢᠨ᠎ᠠ ᠤᠤ ᠦᠭᠡᠢ ᠦᠦ ︖ ᠮᠠᠰᠢ ᠣᠯᠠᠨ ᠬᠥᠮᠦᠨ ᠲᠡᠶᠢᠮᠦ | ᠲᠣᠳᠣᠷᠬᠠᠢ ᠮᠡᠳᠡᠬᠦ ᠦᠭᠡᠢ ᠮᠠᠭᠠᠳ᠃ | ᠬᠠᠷᠢᠭᠤᠯᠲᠠ᠄ ᠣᠨᠳᠣᠣ ᠭᠠᠵᠠᠷ ᠰᠢᠭᠤᠳ ᠮᠡᠳᠡᠭᠦᠯᠬᠦ ᠦᠶᠡᠰ᠂ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠳᠠᠩᠰᠠᠯᠠᠭᠤᠯᠬᠤ ᠴᠢᠬᠤᠯᠠ ᠦᠭᠡᠢ᠂ ᠪᠢᠳᠡ ᠣᠷᠣᠨ ᠤ ᠳᠣᠲᠣᠷ᠎ᠠ ᠣᠨᠳᠣᠣ ᠭᠠᠵᠠᠷ ᠭᠡᠵᠦ ᠳᠠᠭᠤᠳᠠᠬᠤ | ᠬᠡᠷᠡᠭᠲᠡᠢ᠃ᠭᠡᠪᠡᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠋ᠠ᠋ᠴᠠ ᠰᠠᠯᠬᠤ ᠳᠤ ᠯᠠ ᠬᠦᠷᠪᠡᠯ᠂ | ᠵᠠᠪᠠᠯ ᠭᠠᠷ ᠤᠲᠠᠰᠤ ᠶᠢᠨ ᠸᠢᠴᠠᠲ ᠤᠨ ᠪᠢᠴᠢᠯ ᠮᠡᠳᠡᠭᠡ ᠶᠢᠨ ᠵᠢᠵᠢᠭ ᠳᠠᠷᠠᠭᠠᠯᠠᠯ ᠢᠶᠠᠷ ᠬᠤᠶᠠᠷ ᠬᠡᠮᠵᠢᠯᠲᠦ ᠺᠣᠳ᠋ ᠢ | ᠰᠢᠷᠪᠢᠬᠦ ᠪᠤᠶᠤ ᠥᠪᠡᠷ ᠢᠶᠠᠨ ᠬᠥᠳᠡᠯᠵᠦ ᠪᠡᠭᠡᠵᠢᠩ ᠪᠤᠶᠤ ᠮᠣᠵᠢ ᠣᠷᠣᠨ ᠨᠤᠲᠤᠭ ᠠᠯᠤᠰᠯᠠᠭᠰᠠᠨ ᠪᠠᠶᠢᠪᠠᠯ᠂ ᠲᠠ | ᠡᠮᠨᠡᠯᠭᠡ ᠠᠴᠠ ᠭᠠᠷᠬᠤ ᠦᠶ᠎ᠡ ᠳᠤ ᠰᠢᠭᠤᠳ ᠳ᠋ᠦ᠋ᠩᠨᠡᠨ ᠪᠣᠳᠣᠬᠤ ᠶᠢ ᠪᠡᠶᠡᠯᠡᠭᠦᠯᠵᠦ ᠳᠡᠶᠢᠯᠬᠦ ᠮᠥᠷᠲᠡᠭᠡᠨ | ᠤᠯᠠᠭᠠᠨᠴᠠᠪ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠤᠨ᠎ᠠ᠂ ᠭᠡᠪᠡᠴᠦ ᠡᠯᠧᠺᠳ᠋ᠷᠣᠨ ᠡᠮᠨᠡᠯᠭᠡ ᠶᠢᠨ | ᠳᠠᠭᠠᠳᠬᠠᠯ ᠤᠨ ᠺᠠᠷᠲ ᠢ ᠠᠮᠢᠳᠤᠯᠢᠭ ᠪᠣᠯᠭᠠᠬᠤ ᠬᠡᠷᠡᠭᠲᠡᠢ᠂ ᠳᠠᠷᠤᠢ ᠡᠯᠧᠺᠳ᠋ᠷᠣᠨ ᠭᠡᠷᠡᠴᠢ ᠪᠠᠷᠢᠮᠲᠠ ᠪᠣᠯᠤᠨ᠎ᠠ᠃ | ᠠᠰᠠᠭᠤᠭᠰᠠᠨ ᠨᠢ᠄ ᠡᠯᠧᠺᠳ᠋ᠷᠣᠨ ᠭᠡᠷᠡᠴᠢ ᠶᠢ ᠢᠳᠡᠪᠬᠢᠲᠡᠢ ᠪᠣᠯᠭᠠᠬᠤ ᠳᠤ ᠪᠢᠳᠡᠨ ᠤ ᠮᠡᠳᠡᠵᠦ ᠪᠠᠶᠢᠭ᠎ᠠ | ᠶᠡᠷᠦ ᠶᠢᠨ ᠪᠠᠶᠢᠳᠠᠯ ᠳᠤ ᠸᠢᠴᠠᠲ᠂ ᠲᠥᠯᠥᠪᠦᠷᠢ ᠶᠢᠨ ᠡᠷᠳᠡᠨᠢ ᠭᠡᠵᠦ ᠪᠠᠶᠢᠬᠤ ᠡᠨᠡ ᠬᠤᠶᠠᠷ ᠨᠢ ᠡᠯᠧᠺᠳ᠋ᠷᠣᠨ | ᠭᠡᠷᠡᠴᠢ ᠲᠡᠮᠳᠡᠭ ᠢ ᠠᠮᠢᠯᠠᠭᠤᠯᠵᠤ ᠪᠣᠯᠤᠨ᠎ᠠ᠂ ᠪᠠᠰᠠ ᠪᠤᠰᠤᠳ ᠠᠷᠭ᠎ᠠ ᠵᠠᠮ ᠪᠠᠶᠢᠨ᠎ᠠ ᠤᠤ︖ | ᠬᠠᠷᠢᠭᠤᠯᠲᠠ᠄ ᠪᠠᠰᠠ ᠤᠯᠤᠰ ᠤᠨ ᠡᠮᠴᠢᠯᠡᠭᠡᠨ ᠤ ᠳᠠᠭᠠᠳᠬᠠᠯ᠂ ᠥᠪᠥᠷ ᠮᠣᠩᠭᠤᠯ ᠤᠨ ᠡᠮᠴᠢᠯᠡᠭᠡᠨ ᠤ | ᠳᠠᠭᠠᠳᠬᠠᠯ ᠵᠡᠷᠭᠡ ᠭᠠᠷ ᠤᠲᠠᠰᠤᠨ ᠤ APP ᠶᠢ ᠪᠠᠭᠤᠯᠭᠠᠨ ᠠᠪᠴᠤ ᠪᠣᠯᠤᠨ᠎ᠠ᠂ ᠳᠠᠩᠰᠠᠯᠠᠭᠤᠯᠤᠭᠰᠠᠨ ᠤ | ᠳᠠᠷᠠᠭ᠎ᠠ ᠡᠯᠧᠺᠳ᠋ᠷᠣᠨ ᠡᠮᠴᠢᠯᠡᠭᠡᠨ ᠤ ᠳᠠᠭᠠᠳᠬᠠᠯ ᠤᠨ ᠺᠠᠷᠲ ᠢ ᠪᠡᠶ᠎ᠡ ᠪᠠᠨ ᠳᠠᠭᠠᠭᠠᠵᠤ ᠢᠳᠡᠪᠬᠢᠵᠢᠭᠦᠯᠵᠦ᠂ | ᠣᠨᠳᠣᠣ ᠭᠠᠵᠠᠷ ᠲᠤ ᠡᠪᠡᠳᠴᠢᠨ ᠦᠵᠡᠭᠦᠯᠬᠦ ᠪᠦᠷᠢᠳᠬᠡᠯ ᠬᠢᠬᠦ ᠪᠤᠶᠤ ᠬᠤᠪᠢ ᠬᠥᠮᠦᠨ ᠤ ᠳᠠᠭᠠᠳᠬᠠᠯ ᠳᠤ | ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠃ | ᠠᠰᠠᠭᠤᠯᠲᠠ᠄ ᠣᠳᠣ ᠮᠠᠨ ᠤ ᠤᠯᠤᠰ ᠶᠠᠭ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠪᠣᠢ᠂ ᠪᠢᠳᠡ ᠶᠠᠭᠠᠬᠢᠪᠠᠯ ᠰᠠᠶᠢᠢ ᠣᠶᠤᠨᠴᠢ ᠡᠮ ᠡᠮᠨᠡᠯᠭᠡ ᠶᠢᠨ | ᠳᠠᠭᠠᠳᠬᠠᠯ ᠤᠨ ᠪᠠᠶᠢᠭᠤᠯᠤᠯᠲᠠ ᠶᠢᠨ ᠠᠰᠢᠭ ᠲᠤᠰᠠ ᠶᠢ ᠰᠡᠷᠡᠵᠦ ᠮᠡᠳᠡᠬᠦ ᠪᠣᠢ︖ | ᠬᠠᠷᠢᠭᠤᠯᠲᠠ᠄ ᠨᠢᠭᠡ ᠳᠤ᠂ ᠪᠢᠳᠡ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ 《 ᠰᠦᠯᠵᠢᠶᠡᠨ | ᠳᠡᠭᠡᠷ᠎ᠡ ᠭᠦᠢᠴᠡᠳᠬᠡᠬᠦ 》᠂ 《 ᠠᠯᠠᠭᠠᠨ ᠳᠡᠭᠡᠷ᠎ᠡ ᠭᠦᠢᠴᠡᠳᠬᠡᠬᠦ 》᠂ 《 ᠣᠷᠣᠨ ᠪᠦᠰᠡ ᠠᠯᠤᠰᠯᠠᠨ | ᠭᠦᠢᠴᠡᠳᠬᠡᠬᠦ 》 ᠶᠢ ᠢᠳᠡᠪᠬᠢᠲᠡᠢ ᠠᠬᠢᠭᠤᠯᠵᠤ᠂ 《 ᠣᠯᠠᠨ ᠲᠦᠮᠡᠨ ᠠᠵᠢᠯ ᠤᠨ ᠪᠠᠶᠢᠷᠢ 》 ᠶᠢ 《 ᠲᠤᠭ᠎ᠠ | ᠪᠠᠷᠢᠮᠲᠠ ᠶᠢᠨ ᠭᠦᠶᠦᠯᠲᠡ 》 ᠪᠣᠯᠭᠠᠨ ᠬᠤᠪᠢᠷᠠᠭᠤᠯᠵᠤ᠂ ᠡᠮᠨᠡᠯᠭᠡ ᠶᠢᠨ ᠳᠠᠭᠠᠳᠬᠠᠯ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠷᠥᠯ ᠵᠦᠢᠯ ᠤᠨ ᠰᠦᠯᠵᠢᠶᠡᠨ ᠳᠡᠭᠡᠷᠡᠬᠢ ᠭᠦᠢᠴᠡᠳᠬᠡᠵᠦ ᠪᠣᠯᠬᠤ ᠨᠣᠷᠮ᠎ᠠ ᠶᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ ᠵᠢᠱᠢᠶᠡᠯᠡᠪᠡᠯ ᠸᠢᠴᠠᠲ ᠤᠨ ᠵᠢᠵᠢᠭ ᠳᠡᠰ ᠳᠠᠷᠠᠭᠠᠯᠠᠯ᠂ ᠤᠯᠤᠰ ᠤᠨ ᠡᠮ ᠡᠮᠨᠡᠯᠭᠡ ᠶᠢᠨ | ᠳᠠᠭᠠᠳᠬᠠᠯ APP ᠵᠡᠷᠭᠡ ᠲᠠᠪᠴᠠᠩ ᠢ ᠠᠰᠢᠭᠯᠠᠨ᠂ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ᠂ ᠬᠤᠪᠢ | ᠬᠥᠮᠦᠨ ᠤ ᠳᠠᠩᠰᠠᠨ ᠡᠷᠦᠬᠡ ᠶᠢ ᠠᠰᠠᠭᠤᠨ ᠯᠠᠪᠯᠠᠬᠤ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠳᠤ | ᠪᠦᠷᠢᠳᠬᠡᠨ ᠳᠠᠩᠰᠠᠯᠠᠬᠤ ᠵᠡᠷᠭᠡ ᠣᠯᠠᠨ ᠲᠥᠷᠥᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ | ᠭᠦᠢᠴᠡᠳᠬᠡᠵᠦ᠂ ᠰᠦᠯᠵᠢᠶᠡᠨ ᠳᠡᠭᠡᠷ᠎ᠡ ᠭᠠᠷᠳᠠᠨ ᠬᠢᠬᠦ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠡᠭᠦᠨ ᠤ ᠬᠠᠮᠲᠤ ᠪᠢᠳᠡ 16 ᠵᠦᠢᠯ ᠤᠨ 《 ᠪᠦᠬᠦ ᠣᠷᠣᠨ ᠳᠤ ᠨᠡᠶᠢᠳᠡᠮ ᠭᠦᠢᠴᠡᠳᠬᠡᠬᠦ | 》 ᠡᠮᠴᠢᠯᠡᠭᠡᠨ ᠤ ᠳᠠᠭᠠᠳᠬᠠᠯ ᠤᠨ ᠵᠦᠢᠯᠡᠰ ᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠳᠠᠯᠢ ᠨᠢᠭᠡᠨ ᠵᠦᠢᠯᠡᠰ ᠢ | ᠰᠦᠯᠵᠢᠶᠡᠨ ᠳᠡᠭᠡᠷ᠎ᠡ ᠪᠠ ᠰᠦᠯᠵᠢᠶᠡᠨ᠋ᠡᠴᠡ ᠭᠠᠳᠠᠨ᠎ᠠ 《 ᠵᠥᠷᠢᠶ᠎ᠡ ᠥᠬᠡᠢ ᠪᠠᠷ ᠬᠦᠯᠢᠶᠡᠨ ᠠᠪᠴᠤ᠂ ᠠᠳᠠᠯᠢ | ᠪᠠᠷᠢᠮᠵᠢᠶ᠎ᠠ ᠪᠠᠷ ᠭᠦᠢᠴᠡᠳᠬᠡᠬᠦ 》 ᠶᠢ ᠪᠡᠶᠡᠯᠡᠭᠦᠯᠦᠨ᠎ᠡ᠃ ᠬᠤᠶᠠᠷ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠪᠢᠳᠡ ᠵᠠᠰᠠᠭ ᠤᠨ ᠶᠠᠪᠤᠳᠠᠯ ᠤᠨ ᠡᠬᠢ ᠪᠠᠶᠠᠯᠢᠭ ᠤᠨ | ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠬᠠᠮᠲᠤᠪᠠᠷ ᠡᠳᠯᠡᠵᠦ᠂ ᠴᠣᠩᠬᠤᠪᠴᠢ ᠦᠢᠯᠡᠴᠢᠯᠡᠭᠡ | ᠂ ᠳ᠋ᠢᠶᠠᠩᠬᠤᠸᠠ ᠦᠢᠯᠡᠴᠢᠯᠡᠭᠡ᠂ ᠰᠦᠯᠵᠢᠶ᠎ᠡ ᠶᠢᠨ ᠲᠢᠩᠬᠢᠮ ᠤᠨ ᠦᠢᠯᠡᠴᠢᠯᠡᠭᠡ ᠵᠡᠷᠭᠡ ᠳᠥᠷᠪᠡᠨ ᠵᠤᠷᠪᠤᠰ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠭ᠎ᠠ ᠵᠠᠮ ᠢ ᠢᠳᠡᠪᠬᠢᠲᠡᠢ ᠪᠠᠷ ᠰᠠᠭᠠᠳ ᠥᠬᠡᠢ ᠨᠡᠪᠲᠡᠷᠡᠭᠦᠯᠦᠨ | ᠂ ᠤᠯᠠᠮᠵᠢᠯᠠᠯᠲᠤ ᠦᠢᠯᠡᠴᠢᠯᠡᠭᠡ ᠬᠢᠭᠡᠳ ᠣᠶᠤᠨᠲᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠡᠷᠭᠡ ᠳᠤᠨᠢ | ᠶᠠᠪᠤᠭᠤᠯᠬᠤ ᠶᠢ ᠪᠡᠶᠡᠯᠡᠭᠦᠯᠵᠦ᠂ ᠠᠵᠢᠯᠲᠠᠨ ᠠᠵᠢᠯᠴᠢᠨ ᠪᠣᠯᠤᠨ ᠰᠠᠭᠤᠭᠠᠯᠢ ᠠᠷᠠᠳ ᠢ ᠭᠡᠷᠡᠴᠡ ᠪᠠᠨ ᠭᠠᠷᠬᠤ ᠥᠬᠡᠢ | ᠪᠠᠷ ᠴᠢᠨᠠᠷ ᠰᠠᠶᠢᠲᠠᠢ ᠪᠥᠭᠡᠳ ᠳᠥᠭᠦᠮ ᠲᠦᠳᠡ 《 ᠬᠤᠷᠤᠭᠤᠨ ᠦᠵᠦᠭᠦᠷ ᠤᠨ ᠦᠢᠯᠡᠴᠢᠯᠡᠭᠡ 》 ᠬᠦᠷᠲᠡᠭᠡᠨ᠎ᠡ | ᠃ ᠭᠤᠷᠪᠠ ᠳᠤ ᠪᠢᠳᠡ ᠡᠳ᠋ ᠤᠨ ᠶᠠᠪᠤᠳᠠᠯ ᠪᠣᠯᠤᠨ ᠲᠤᠬᠠᠶᠢᠯᠠᠭᠰᠠᠨ ᠠᠵᠢᠯ ᠤᠨ ᠭᠠᠷᠳᠠᠨ ᠭᠦᠢᠴᠡᠳᠬᠡᠬᠦ ᠵᠡᠷᠭᠡ | ᠬᠤᠪᠢᠶᠠᠷᠢ ᠰᠢᠰᠲ᠋ᠧᠮ ᠢᠶᠠᠷ ᠳᠠᠮᠵᠢᠭᠤᠯᠤᠨ ᠵᠠᠯᠭᠠᠭᠤᠯᠤᠨ ᠰᠣᠯᠢᠯᠴᠠᠬᠤ ᠶᠢ ᠪᠡᠶᠡᠯᠡᠭᠦᠯᠵᠦ᠂ ᠡᠮᠴᠢᠯᠡᠭᠡᠨ ᠤ | ᠳᠠᠭᠠᠳᠬᠠᠯ ᠤᠨ ᠵᠠᠷᠤᠳᠠᠯ ᠢ ᠲᠤᠬᠠᠶᠢᠯᠠᠭᠰᠠᠨ ᠠᠵᠢᠯ ᠤᠨ ᠰᠢᠰᠲ᠋ᠧᠮ ᠳᠠᠬᠢ ᠭᠠᠷᠳᠠᠨ ᠭᠦᠢᠴᠡᠳᠬᠡᠬᠦ ᠪᠠ ᠬᠦᠯᠢᠶᠡᠨ | ᠠᠪᠴᠤ ᠰᠢᠢᠳᠪᠦᠷᠢᠯᠡᠬᠦ᠂ ᠵᠠᠷᠤᠳᠠᠯ ᠢ ᠬᠢᠨᠠᠨ ᠬᠠᠷᠭᠠᠭᠤᠯᠬᠤ ᠠᠴᠠ ᠡᠳ᠋ ᠤᠨ ᠶᠠᠪᠤᠳᠠᠯ ᠤᠨ ᠰᠢᠰᠲ᠋ᠧᠮ ᠳᠠᠬᠢ ᠵᠣᠭᠤᠰ | ᠮᠥᠩᠭᠦ ᠰᠠᠯᠭᠠᠨ ᠥᠭᠬᠦ᠂ ᠭᠡᠷᠡᠴᠢ ᠪᠠᠷᠢᠮᠲᠠ ᠪᠣᠢ ᠪᠣᠯᠬᠤ ᠵᠡᠷᠭᠡ ᠡᠯ᠎ᠡ ᠠᠵᠢᠯ ᠤᠨ ᠵᠠᠩᠭᠢᠯᠠᠭ᠎ᠠ ᠶᠢ ᠰᠠᠭᠠᠳ ᠥᠬᠡᠢ | ᠵᠠᠯᠭᠠᠯᠳᠤᠭᠤᠯᠵᠤ᠂ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠬᠢᠭᠡᠳ ᠡᠳ᠋ ᠤᠨ ᠶᠠᠪᠤᠳᠠᠯ ᠤᠨ ᠮᠡᠳᠡᠭᠡ | ᠵᠠᠩᠭᠢ ᠶᠢᠨ ᠭᠦᠨᠵᠡᠭᠡᠢ ᠠᠭᠤᠰᠤᠯᠴᠠᠬᠤ ᠶᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠡᠳ᠋ ᠤᠨ ᠶᠠᠪᠤᠳᠠᠯ ᠪᠠ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠵᠣᠯᠭᠠᠯᠲᠠ ᠶᠢ ᠵᠢᠷᠤᠮᠵᠢᠭᠤᠯᠵᠤ᠂ | ᠡᠮᠴᠢᠯᠡᠭᠡᠨ ᠤ ᠵᠠᠷᠤᠳᠠᠯ ᠢ ᠬᠢᠨᠠᠨ ᠬᠠᠷᠭᠤᠭᠤᠯᠵᠤ ᠥᠭᠬᠦ ᠶᠠᠪᠤᠴᠠ ᠶᠢ ᠪᠣᠭᠤᠨᠢᠰᠬᠠᠵᠤ᠂ ᠪᠠᠶᠢᠭᠤᠯᠤᠯᠭ᠎ᠠ ᠶᠢᠨ | ᠠᠵᠢᠯᠯᠠᠭᠠᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ | ᠢᠷᠡᠯᠲᠡ᠄ ᠳᠦᠷᠪᠡᠦᠨ ᠬᠤᠰᠢᠭᠤᠨ ᠤ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | | |