ᠮᠠᠨ ᠤ ᠬᠤᠰᠢᠭᠤ 2024 ᠣᠨ ᠤ ᠣᠨᠣᠯ ᠤᠨ ᠤᠬᠠᠭᠤᠯᠭ᠎ᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ᠋ ᠡᠷᠬᠢᠯᠡᠭᠰᠡᠨ
ᠨᠡᠶᠢᠲᠡᠯᠡᠭᠰᠡᠨ ᠴᠠᠭ᠄
2024/5/22
      ᠮᠠᠨ ᠤ ᠬᠤᠰᠢᠭᠤ 2024 ᠣᠨ ᠤ ᠣᠨᠣᠯ ᠤᠨ ᠤᠬᠠᠭᠤᠯᠭ᠎ᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ᠋ ᠡᠷᠬᠢᠯᠡᠭᠰᠡᠨ             ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ 2024 ᠣᠨ ᠤ ᠣᠨᠣᠯ ᠤᠨ ᠤᠬᠠᠭᠤᠯᠭ᠎ᠠ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ᠋ ᠡᠷᠬᠢᠯᠡᠭᠰᠡᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠠᠵᠢᠯᠯᠠᠭ᠎ᠠ ᠳᠤ ᠣᠷᠣᠯᠴᠠᠪᠠ᠃       ᠤᠷᠤᠯᠳᠤᠭᠠᠨ ᠳᠤ ᠣᠷᠣᠯᠴᠠᠭᠰᠠᠳ ᠲᠤᠰ ᠪᠡᠶ᠎ᠡ ᠶᠢᠨ ᠠᠵᠢᠯ ᠤᠨ ᠪᠣᠳᠠᠲᠠᠢ ᠪᠠᠶᠢᠳᠠᠯ ᠪᠣᠯᠤᠨ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠵᠤ᠂ ᠡᠯ᠎ᠡ ᠲᠠᠯ᠎ᠠ ᠠᠴᠠ ᠡᠯᠪᠡᠭ ᠪᠠᠶᠠᠯᠢᠭ ᠲᠡᠦᠬᠡ ᠶᠢᠨ ᠮᠠᠲ᠋ᠧᠷᠢᠶᠠᠯ᠂ ᠨᠠᠷᠢᠨ ᠪᠣᠳᠠᠲᠠᠢ ᠲᠤᠭ᠎ᠠ ᠪᠠᠷᠢᠮᠲᠠ ᠶᠢ ᠬᠡᠷᠡᠭᠯᠡᠵᠦ᠂ ᠳᠥᠷᠪᠡᠳ ᠬᠤᠰᠢᠭᠤᠨ ᠤ ᠦᠯᠢᠭᠡᠷ ᠢ ᠭᠦᠨᠵᠡᠭᠡᠢ ᠬᠦᠦᠷᠨᠢᠵᠡᠢ᠃ ᠣᠷᠣᠯᠴᠠᠭᠰᠠᠳ ᠰᠢᠯᠢᠳᠡᠭ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠥᠪᠡᠷ ᠥᠪᠡᠷ ᠤᠨ ᠴᠤᠭ ᠵᠢᠪᠬᠤᠭ᠎ᠠ ᠪᠠᠨ ᠢᠯᠡᠷᠡᠭᠦᠯᠵᠦ᠂ ᠬᠠᠮᠤᠭ ᠡᠴᠦᠰ ᠲᠤ᠂ 9 ᠳ᠋ᠦ᠋ᠭᠡᠷ ᠨᠤᠮᠧᠷᠳᠤ  ᠤᠷᠤᠯᠴᠠᠭᠰᠠᠳ ᠤᠶᠤᠨ᠎ᠠ ᠲᠡᠷᠢᠭᠦᠯᠡᠭᠰᠡᠨ ᠪᠠᠶᠢᠨ᠎ᠠ᠃        ᠬᠤᠶᠢᠰᠢᠳᠠ ᠣᠨᠣᠯ ᠤᠨ ᠤᠬᠠᠭᠤᠯᠭ᠎ᠠ ᠶᠢᠨ ᠤᠷᠤᠯᠳᠤᠭᠠᠨ ᠤ ᠦᠷ᠎ᠡ ᠪᠦᠲᠦᠭᠡᠯ ᠢ ᠭᠦᠢᠴᠡᠳ ᠰᠠᠶᠢᠲᠤᠷ ᠬᠡᠷᠡᠭᠯᠡᠨ᠂ ᠨᠢᠭᠡ ᠪᠦᠯᠦᠭ ᠰᠢᠯᠢᠳᠡᠭ ᠣᠨᠣᠯ ᠤᠨ ᠤᠬᠠᠭᠤᠯᠤᠭᠴᠢ ᠶᠢ ᠰᠣᠩᠭᠤᠨ ᠭᠠᠷᠭᠠᠵᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠤ ᠬᠥᠮᠥᠷᠭᠡ ᠶᠢ ᠲᠠᠰᠤᠷᠠᠯᠲᠠ ᠥᠬᠡᠢ ᠲᠡᠭᠦᠯᠳᠡᠷᠵᠢᠭᠦᠯᠵᠦ᠂ ᠣᠨᠣᠯ ᠤᠨ ᠤᠬᠠᠭᠤᠯᠤᠨ ᠲᠠᠶᠢᠯᠬᠤ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠡᠷᠴᠢ ᠵᠣᠷᠢᠭ ᠲᠠᠢ᠂ ᠰᠢᠨ᠎ᠡ ᠠᠶᠠᠨ ᠵᠠᠮ ᠢ ᠤᠷᠤᠭᠰᠢᠯᠠᠨ ᠲᠠᠪᠰᠢᠬᠤ ᠬᠦᠴᠦᠷᠬᠡᠭ ᠶᠡᠭᠡ ᠬᠠᠮᠲᠤ ᠶᠢᠨ ᠬᠦᠴᠦᠨ ᠢ ᠨᠢᠭᠲᠡᠷᠠᠭᠤᠯᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ ᠪᠣᠯᠤᠨ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠦᠩ ᠰᠢᠶᠣᠣ ᠢᠦᠢ     ᠢᠦᠢ ᡁᠢ ᠹᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2