ᠮᠠᠨ ᠤ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ ᠤᠯᠠᠮᠵᠢᠯᠠᠯᠲᠤ ᠰᠤᠷ ᠬᠠᠷᠪᠤᠯᠲᠠ ᠶᠢᠨ ᠰᠤᠯᠢᠯᠴᠠᠭᠠᠨ ᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/5/22
      ᠮᠠᠨ ᠤ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ ᠤᠯᠠᠮᠵᠢᠯᠠᠯᠲᠤ ᠰᠤᠷ ᠬᠠᠷᠪᠤᠯᠲᠠ ᠶᠢᠨ ᠰᠤᠯᠢᠯᠴᠠᠭᠠᠨ ᠤ ᠠᠵᠢᠯᠯᠠᠭ᠎ᠠ ᠦᠷᠨᠢᠭᠦᠯᠦᠭᠰᠡᠨ               5 ᠰᠠᠷ᠎ᠠ ᠶᠢᠨ 21 ᠤ ᠡᠳᠦᠷ᠂ ᠮᠠᠨ ᠤ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ 2024 ᠣᠨ ᠤ ᠤᠯᠠᠮᠵᠢᠯᠠᠯᠲᠤ ᠰᠤᠷ ᠬᠠᠷᠪᠤᠯᠲᠠ ᠶᠢᠨ ᠰᠤᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠤ 30 ᠭᠠᠷᠤᠢ ᠰᠤᠷ ᠬᠠᠷᠪᠤᠯᠲᠠ ᠶᠢᠨ ᠪᠠᠭ᠋ᠠᠳᠤᠳ ᠲᠤᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠠᠢ᠃       ᠡᠨᠡ ᠤᠳᠠᠭᠠᠨ ᠤ ᠤᠯᠠᠮᠵᠢᠯᠠᠯᠲᠤ ᠰᠤᠷ ᠬᠠᠷᠪᠤᠯᠲᠠ ᠶᠢᠨ ᠰᠤᠯᠢᠯᠴᠠᠭᠠᠨ ᠤ ᠠᠵᠢᠯᠯᠠᠭ᠎ᠠ ᠨᠢ ᠥᠷᠭᠡᠨ ᠣᠯᠠᠨ ᠰᠤᠷ ᠬᠠᠷᠪᠤᠬᠤ ᠳᠤᠷ᠎ᠠ ᠪᠠᠭ᠋ᠠᠳᠠᠳ ᠲᠤ ᠥᠪᠡᠷ ᠢ ᠪᠠᠨ ᠢᠯᠡᠷᠡᠭᠦᠯᠬᠦ ᠥᠷᠭᠡᠨ ᠲᠠᠪᠴᠠᠩ ᠬᠠᠩᠭᠠᠵᠤ᠂ ᠲᠡᠳᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠰᠠ ᠲᠤᠬᠠᠢ ᠶᠢᠨ ᠭᠠᠵᠠᠷ ᠤᠨ ᠰᠤᠷ ᠬᠠᠷᠪᠤᠬᠤ ᠬᠥᠳᠡᠯᠭᠡᠭᠡᠨ ᠤ ᠤᠷᠲᠤ ᠬᠤᠭᠤᠴᠠᠭᠠᠨ ᠤ ᠥᠷᠨᠢᠭᠦᠯᠬᠦ ᠳᠤ ᠰᠢᠯᠢᠳᠡᠭ ᠰᠠᠶᠢᠨ ᠰᠣᠶᠣᠯ ᠤᠨ ᠣᠷᠴᠢᠨ ᠨᠥᠬᠦᠴᠡᠯ ᠢ ᠬᠠᠩᠭᠠᠵᠤ᠂ ᠡᠯ᠎ᠡ ᠦᠨᠳᠦᠰᠦᠲᠡᠨ ᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠶ᠎ᠡ ᠵᠣᠬᠢᠴᠠᠩᠭᠤᠢ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠳᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠢᠦᠢ ᡁᠢ ᠹᠠᠩ   ᠮᠦᠰᠢᠶᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2