ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠬᠤᠷᠠᠯᠳᠤᠵᠤ ᠪᠥᠬᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ  ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/22
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠬᠤᠷᠠᠯᠳᠤᠵᠤ ᠪᠥᠬᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ  ᠪᠠᠶᠢᠷᠢᠯᠠᠭᠤᠯᠪᠠ           4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠲᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠠᠵᠢᠯ ᠤᠨ ᠲᠥᠰᠥᠯ︾ ︽ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠵᠦ᠂ ᠪᠥᠬᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ  ᠪᠠᠶᠢᠷᠢᠯᠠᠭᠤᠯᠪᠠ᠃           ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠭ᠎ᠠ ᠶᠢᠨ ᠰᠠᠬᠢᠯᠭ᠎ᠠ ᠪᠠᠲᠤ ᠠᠴᠠ ᠭᠠᠷᠳᠠᠵᠤ᠂ ᠡᠯ᠎ᠡ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠪᠠ ᠤᠳᠤᠷᠢᠳᠬᠤ ᠪᠠᠭ ᠤᠨ ᠦᠷᠭᠦᠯᠵᠢ ᠦᠵᠡᠯ ᠰᠠᠨᠠᠭᠠᠨ ᠤ ᠰᠡᠷᠡᠮᠵᠢ ᠶᠢᠨ ᠳᠣᠬᠢᠶ᠎ᠠ ᠶᠢ ᠴᠣᠬᠢᠬᠤ᠂ ᠦᠷᠭᠦᠯᠵᠢ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠷᠠᠭᠤᠯᠬᠤ᠂ ᠦᠷᠭᠦᠯᠵᠢ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ  ᠪᠠᠶᠢᠬᠤ ᠶᠢ ᠲᠦᠯᠬᠢᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ  ᠪᠠᠶᠢᠭᠤᠯᠤᠯᠲᠠ ᠶᠢ ᠴᠢᠩᠭ᠎ᠠ  ᠰᠠᠶᠢᠳᠤᠷ ᠠᠳᠬᠤᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃           ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠰᠢᠵᠦ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ  ᠲᠤᠭᠤᠰᠢᠯᠠᠭᠤᠯᠵᠤ᠂ ᠪᠦᠯᠦᠭ ᠵᠤᠷᠪᠤᠰ ᠳᠠᠷᠠᠭᠠᠯᠠᠨ ᠲᠡᠷᠡ ᠬᠡᠪ ᠢᠶᠠᠷ ᠰᠤᠷᠤᠯᠴᠠᠵᠤ᠂ ᠠᠰᠠᠭᠤᠳᠠᠯ ᠢ ᠪᠠᠶᠢᠴᠠᠭᠠᠨ ᠦᠵᠡᠬᠦ ᠶᠢ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠰᠡᠷᠡᠮᠵᠢᠯᠡᠭᠦᠯᠬᠦ ᠬᠥᠮᠦᠵᠢᠯ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠵᠤ᠂ ᠪᠣᠯᠪᠠᠰᠤᠷᠠᠯ ᠰᠤᠷᠭᠠᠭᠤᠯᠢᠯᠠᠯ ᠢᠶᠠᠷ ᠰᠤᠷᠤᠯᠴᠠᠯᠭ᠎ᠠ ᠶᠢ ᠲᠡᠳᠬᠦᠬᠦ ᠶᠢ ᠪᠣᠳᠠᠲᠠᠢ ᠠᠳᠬᠤᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠣᠯᠬᠤ ᠶᠢ ᠲᠣᠳᠣᠷᠬᠠᠢ  ᠤᠠᠶᠢᠯᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠲᠣᠳᠣᠷᠬᠠᠢ  ᠤᠠᠶᠢᠯᠭᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ  ᠪᠤᠲᠠᠳᠠᠶᠢᠵᠢᠭᠤᠯᠵᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ  ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ  ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠬᠤ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠡᠭᠦᠷᠭᠡ᠂ ᠠᠬᠢᠴᠠ ᠦᠷ᠎ᠡ ᠪᠦᠲᠦᠮᠵᠢ ᠶᠢ ᠶᠡᠬᠡᠪᠡᠷ ᠤᠬᠠᠭᠤᠯᠵᠤ᠂  ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃        ᠢᠷᠡᠯᠲᠡ᠄  ᠤᠯᠠᠭᠠᠨᠴᠠᠪ ᠬᠤᠲᠠ ᠶᠢᠨ ᠠᠷᠠᠤᠨ ᠤᠨ  ᠵᠠᠰᠠᠭ ᠤᠨ ᠤᠷᠳᠤᠨ ᠤ ᠮᠤᠩᠭᠤᠯ ᠰᠦᠯᠵᠢᠶ᠎ᠡᠳᠡᠪᠰᠢᠭᠦᠯᠦᠭᠴᠢ᠄  ᠲᠡᠷᠭᠡᠯ 
 
ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2