ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠰᠤᠷᠪᠤᠯᠵᠢᠯᠠᠭᠴᠢᠳ ᠲᠠᠢ ᠠᠭᠤᠯᠵᠠᠪᠠ | | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 16 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ | ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | | | | | | | | ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ ᠡᠨᠡ ᠤᠳᠠᠭ᠎ᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠲᠡᠭᠦᠨ ᠤ ᠰᠢᠨ᠎ᠡ ᠨᠢᠭᠡ ᠬᠤᠭᠤᠴᠠᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠤᠨ ᠬᠤᠭᠤᠴᠠᠭ᠎ᠠ ᠪᠠᠨ | ᠡᠬᠢᠯᠡᠭᠦᠯᠦᠭᠰᠡᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠪᠣᠯᠣᠨ᠎ᠠ᠂ ᠡᠨᠡ ᠶᠡᠷᠦᠩᠬᠡᠶᠢᠯᠡᠭᠴᠢ ᠫᠦᠲ᠋ᠢᠨ ᠪᠣᠯᠣᠨ | ᠤᠷᠤᠰ ᠤᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠢ ᠶᠡᠷᠦᠩᠬᠡᠶᠢᠯᠡᠭᠴᠢ ᠫᠦᠲ᠋ᠢᠨ ᠤ ᠠᠶᠢᠯᠴᠢᠯᠠᠬᠤ ᠪᠠᠷ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ᠃ ᠰᠠᠶ᠋ᠢᠬᠠᠨ ᠪᠢ ᠶᠡᠷᠦᠩᠬᠡᠶ᠋ᠢᠯᠡᠭᠴᠢ ᠫᠦᠲ᠋ᠢᠨ ᠲᠠᠢ ᠦᠨᠡᠨᠴᠢ | ᠨᠥᠭᠦᠷᠰᠡᠭ᠂ ᠠᠭᠤᠯᠭ᠎ᠠ ᠪᠠᠷ ᠪᠠᠶᠠᠯᠢᠭ ᠬᠡᠯᠡᠯᠴᠡᠭᠡ ᠬᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠪᠦᠭᠦ ᠲᠠᠯ᠎ᠠ ᠪᠠᠷ | ᠳ᠋ᠦᠩᠨᠡᠵᠦ᠂ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠪᠠ | ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠱᠠᠲᠤᠨ ᠤ ᠬᠤᠶᠠᠷ | ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠳᠤ ᠲᠥᠯᠦᠪᠵᠢᠭᠦᠯᠭᠡ ᠪᠠ | ᠪᠠᠶᠢᠷᠢᠯᠠᠭᠤᠯᠤᠯᠲᠠ ᠬᠢᠪᠡ᠃ ᠪᠢᠳᠡ ᠪᠠᠰᠠ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ | ᠬᠤᠯᠪᠣᠭᠠᠨ ᠤ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠯᠭᠰᠠᠨ 75 ᠵᠢᠯ ᠤᠨ ᠤᠢ ᠶᠢᠨ ᠲᠠᠰᠢᠷᠠᠮ ᠳᠤ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ | ᠨᠡᠶᠢᠲᠡᠯᠡᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠭᠢ ᠪᠠ ᠰᠠᠯᠠᠭ᠎ᠠ ᠮᠥᠴᠢᠷ ᠤᠨ ᠬᠤᠭᠤᠷᠣᠨᠳᠣᠭᠢ | ᠤᠯᠠᠨ ᠵᠦᠢᠯ ᠤᠨ ᠴᠢᠬᠤᠯᠠ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ | ᠳᠤᠮᠳᠠᠳᠤ ᠤᠷᠤᠰ ᠤᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ | ᠪᠣᠯᠣᠨ᠎ᠠ᠃ ᠨᠢᠭᠡ ᠵᠠᠭᠤᠨ ᠤ ᠳᠦᠷᠪᠡᠨ ᠤ ᠭᠤᠷᠪᠠᠨ ᠬᠤᠪᠢ ᠶᠢᠨ ᠶᠠᠪᠤᠴᠠ ᠳᠤ᠂ ᠳᠤᠮᠳᠠᠳᠤ ᠤᠷᠤᠰ ᠤᠨ ᠬᠠᠷᠢᠯᠴᠠᠭ᠎ᠠ | ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ | ᠬᠤᠶᠠᠷ ᠤᠯᠤᠰ ᠤᠨ ᠬᠠᠷᠢᠯᠴᠠᠭᠠᠨ ᠤ ᠪᠠᠶᠢᠷᠢ ᠲᠣᠭᠲᠠᠭᠠᠯᠲᠠ ᠦᠷᠭᠦᠯᠵᠢᠯᠡᠨ ᠳᠡᠭᠡᠭᠰᠢᠯᠡᠵᠦ᠂ ᠬᠠᠮᠲᠤᠷᠠᠯᠴᠠᠭᠠᠨ ᠤ | ᠠᠭᠤᠯᠤᠭᠳᠠᠬᠤᠨ ᠡᠳᠦᠷ ᠢᠷᠡᠬᠦᠶ᠎ᠡ ᠪᠠᠶᠠᠯᠢᠭᠵᠢᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠤᠶᠢᠯᠭᠠᠭᠳᠠᠬᠤᠨ | ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠳᠤᠮᠳᠠᠳᠤ ᠣᠷᠣᠰ ᠤᠨ ᠬᠠᠷᠢᠯᠴᠠᠭ᠎ᠠ ᠨᠢᠭᠡᠨᠲᠡ ᠰᠢᠨ᠎ᠡ ᠭᠡᠯᠪᠡᠷᠢ ᠶᠢᠨ | ᠣᠯᠠᠨ ᠤᠯᠤᠰ ᠤᠨ ᠬᠠᠷᠢᠯᠴᠠᠭ᠎ᠠ ᠪᠠ ᠬᠥᠷᠰᠢ ᠵᠡᠷᠭᠡᠯᠡᠳᠡᠭᠡ ᠲᠣᠮᠣ ᠤᠯᠤᠰ ᠤᠨ ᠬᠠᠷᠢᠯᠴᠠᠭᠠᠨ ᠤ ᠦᠯᠢᠭᠡᠷ ᠵᠢᠱᠢᠶ᠎ᠡ | ᠪᠣᠯᠵᠠᠢ᠃ ᠳᠤᠮᠳᠠᠳᠤ ᠤᠷᠤᠰ ᠤᠨ ᠬᠠᠷᠢᠯᠴᠠᠭ᠎ᠠ ᠡᠳᠡᠭᠡᠷ ᠢᠯᠡᠷᠬᠡᠢ ᠠᠮᠵᠢᠯᠲᠠ ᠣᠯᠣᠭᠰᠠᠨ ᠬᠤᠶᠠᠷ ᠲᠠᠯ᠎ᠠ ᠪᠠᠷ ᠢᠶᠠᠨ | ᠢᠮᠠᠭᠲᠠ ︽ᠲᠠᠪᠤ ᠶᠢ ᠪᠠᠷᠢᠮᠲᠠᠯᠠᠭᠰᠠᠨ︾ ᠳᠤ ᠪᠠᠶᠢᠨ᠎ᠠ᠃ | ᠨᠢᠭᠡ ᠳᠤ᠂ ᠬᠠᠷᠢᠯᠴᠠᠨ ᠬᠦᠨᠳᠦᠳᠬᠡᠬᠦ ᠪᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠭᠤᠣᠯᠯᠠᠭᠴᠢ ᠠᠰᠢᠭ | ᠲᠤᠰᠠ ᠶᠢᠨ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠪᠡ᠃ ᠪᠢ ᠶᠡᠷᠦᠩᠬᠡᠶ᠋ᠢᠯᠡᠭᠴᠢ ᠫᠦᠲ᠋ᠢᠨ ᠲᠠᠢ ᠬᠠᠮᠲᠤ ᠪᠠᠷ | ᠳᠤᠮᠳᠠᠳᠤ ᠤᠷᠤᠰ ᠬᠤᠶᠠᠷ ᠤᠯᠤᠰ ᠲᠣᠮᠣ ᠤᠯᠤᠰ᠂ ᠬᠥᠷᠰᠢ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ | ᠠᠷᠭ᠎ᠠ ᠵᠠᠮ ᠢᠶᠠᠷ ᠵᠠᠮᠨᠠᠵᠤ ᠴᠢᠳᠠᠭᠰᠠᠨ ᠤ ᠵᠠᠩᠭᠢᠯᠠᠭ᠎ᠠ ᠬᠠᠷᠢᠯᠴᠠᠨ ᠭᠦᠨᠳᠦᠳᠬᠡᠵᠦ᠂ ᠡᠷᠬᠡ ᠲᠡᠭᠰᠢ ᠪᠠᠷ ᠬᠠᠨᠳᠤᠵᠤ᠂ | ᠢᠮᠠᠭᠲᠠ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠬᠠᠷᠢᠯᠴᠠᠨ ᠡᠷᠡᠰ ᠳᠡᠮᠵᠢᠭᠰᠡᠨ ᠳᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠡᠨᠡ ᠮᠥᠨ ᠴᠣ᠋ ᠳᠤᠮᠳᠠᠳᠤ | ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠭᠤᠣᠯ ᠠᠭᠤᠯᠭ᠎ᠠ ᠪᠣᠯᠣᠨ᠎ᠠ᠃ ᠬᠤᠶᠠᠷ ᠲᠠᠯ᠎ᠠ ᠪᠠᠷ ᠢᠶᠠᠨ ︽ᠬᠤᠯᠪᠣᠭᠠᠯᠠᠬᠤ ᠦᠭᠡᠢ᠂ ᠡᠰᠡᠷᠭᠦᠴᠡᠯᠳᠦᠬᠦ | ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠤᠰ ᠲᠤᠰ ᠤᠨ ᠰᠣᠩᠭᠤᠭᠰᠠᠨ | ᠬᠥᠭᠵᠢᠯᠲᠡ ᠶᠢᠨ ᠵᠠᠮ ᠢ ᠭᠦᠨᠳᠦᠳᠬᠡᠵᠦ᠂ ᠬᠠᠷᠢᠯᠴᠠᠨ ᠡᠷᠡᠰ ᠳᠡᠮᠵᠢᠬᠦ ᠳᠤᠮᠳᠠ ᠲᠤᠰ ᠲᠤᠰ ᠤᠨ ᠬᠥᠭᠵᠢᠯ ᠮᠠᠨᠳᠤᠯ ᠢᠶᠠᠨ | ᠪᠡᠶᠡᠯᠡᠭᠦᠯᠦᠨ᠎ᠡ᠃ | ᠬᠤᠶᠠᠷ ᠲᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠠᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ | ᠂ ᠳᠤᠮᠳᠠᠳᠤ ᠤᠷᠤᠰ ᠤᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ | ᠃ ᠨᠢᠳᠤᠨᠤᠨ ᠳᠤᠮᠳᠠᠳᠤ ᠤᠷᠤᠰ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2400 ᠳ᠋ᠦ᠋ᠩᠰᠢᠭᠤᠷ ᠳ᠋ᠣᠯᠯᠠᠷ ᠢ | ᠳᠠᠪᠠᠵᠤ 10 ᠵᠢᠯ ᠤᠨ ᠡᠮᠦᠨᠡᠬᠢ ᠠᠴᠠ 1.7 ᠲᠠᠭᠢᠨ ᠰᠢᠬᠠᠮ ᠨᠡᠮᠡᠭᠳᠡᠵᠡᠢ᠃ ᠡᠨᠡ ᠪᠣᠯ ᠳᠤᠮᠳᠠᠳᠤ ᠤᠷᠤᠰ ᠬᠤᠶᠠᠷ | ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠭᠰᠡᠨ ᠤ | ᠬᠤᠷᠢᠶᠠᠩᠭᠤᠢ ᠳᠦᠷᠰᠦ ᠪᠣᠯᠣᠨ᠎ᠠ᠃ ᠪᠢ ᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠬᠤᠶᠠᠷ ᠤᠯᠤᠰ ᠤᠨ ᠠᠰᠢᠭ | ᠲᠤᠰᠠ ᠶᠢᠨ ᠨᠡᠶᠢᠯᠡᠯ ᠴᠡᠭ ᠢ ᠢᠳᠡᠪᠬᠢᠲᠡᠢ ᠡᠷᠢᠯᠬᠢᠯᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠰᠢᠭ | ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠪᠠᠷ ᠠᠮᠵᠢᠯᠲᠠ ᠪᠦᠲᠦᠮᠵᠢ ᠣᠯᠬᠤ ᠶᠢ ᠪᠡᠶᠡᠯᠡᠭᠦᠯᠦᠨ᠎ᠡ ᠭᠡᠵᠦ | ᠰᠠᠨᠠᠯ ᠨᠢᠭᠡᠲᠡᠢ ᠦᠵᠡᠪᠡ᠃ ᠬᠠᠮᠲᠤᠷᠠᠯᠴᠠᠭᠠᠨ ᠤ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ | ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠰᠠᠶᠢᠨ ᠰᠠᠶᠢᠬᠠᠨ ᠬᠠᠨᠳᠤᠰᠢ ᠶᠢ | ᠰᠠᠶᠢᠳᠤᠷ ᠪᠠᠬᠢᠵᠢᠭᠦᠯᠵᠦ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠲᠣᠣᠷ ᠰᠦᠯᠵᠢᠶ᠎ᠡ ᠶᠢ | ᠪᠠᠶᠢᠭᠤᠯᠬᠤ ᠶᠢ ᠳᠡᠮᠵᠢᠵᠦ᠂ ᠬᠤᠰᠢᠭᠤᠷᠠᠯ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢ | ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠪᠣᠯᠣᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ | ᠬᠠᠮᠠᠭᠠᠯᠠᠨ᠎ᠠ᠃ | ᠭᠤᠷᠪᠠ ᠳᠤ᠂ ᠦᠶ᠎ᠡ ᠶᠢᠨ ᠦᠶ᠎ᠡ ᠤᠯᠠᠮᠵᠢᠯᠠᠭᠰᠠᠨ ᠨᠥᠬᠦᠷᠯᠡᠯ ᠢᠶᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ | ᠳᠤᠮᠳᠠᠳᠤ ᠤᠷᠤᠰ ᠤᠨ ᠨᠥᠬᠦᠷᠯᠡᠯ ᠤᠨ ᠭᠠᠯ ᠪᠠᠮᠪᠠᠷ ᠢ ᠬᠠᠮᠲᠤ ᠪᠠᠷ ᠳᠠᠮᠵᠢᠭᠤᠯᠤᠨ᠎ᠠ᠃ ᠳᠤᠮᠳᠠᠳᠤ ᠣᠷᠣᠰ ᠬᠤᠶᠠᠷ ᠤᠯᠤᠰ | ᠴᠥᠮ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠲᠠᠢ ᠪᠠᠶᠢᠵᠦ᠂ ᠫᠦᠱᠺᠢᠨ᠂ ᠲᠤᠯᠰᠲ᠋ᠤᠢ ᠶᠢᠨ | ᠪᠦᠲᠦᠭᠡᠯ ᠢ ᠳᠤᠮᠳᠠᠳᠤ ᠤᠯᠤᠰ ᠲᠤ ᠳᠠᠶᠠᠭᠠᠷ ᠢᠶᠠᠨ ᠮᠡᠳᠡᠳᠡᠭ᠂ ᠪᠡᠭᠡᠵᠢᠩ ᠵᠦᠴᠦᠭᠡ᠂ ᠨᠡᠷᠡᠬᠦᠢ ᠨᠢᠳᠤᠷᠭ᠎ᠠ ᠵᠡᠷᠭᠡ | ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠴᠣ᠋ ᠣᠷᠣᠰ ᠤᠨ ᠠᠷᠠᠳ ᠲᠦᠮᠡᠨ ᠤ ᠪᠠᠭᠠᠷᠬᠠᠯ ᠢ ᠶᠡᠬᠡᠳᠡ ᠣᠯᠣᠭᠰᠠᠨ | ᠶᠤᠮ᠃ ᠣᠳᠣᠬᠠᠨ ᠳᠤ ᠬᠤᠶᠠᠷ ᠲᠠᠯ᠎ᠠ ᠪᠠᠷ ᠢᠶᠠᠨ ︽2030 ᠣᠨ ᠠᠴᠠ ᠡᠮᠦᠨᠡᠬᠢ ᠳᠤᠮᠳᠠᠳᠤ ᠤᠷᠤᠰ ᠤᠨ ᠰᠣᠶᠣᠯ | ᠢᠷᠭᠡᠨᠰᠢᠯ ᠤᠨ ᠬᠠᠮᠲᠤᠷᠠᠯᠴᠠᠭᠠᠨ ᠤ ᠵᠠᠮ ᠱᠤᠭᠤᠮ ᠤᠨ ᠵᠢᠷᠤᠭ︾ ᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ | ᠪᠤᠯᠭᠠᠵᠤ᠂ ᠰᠣᠶᠣᠯ ᠢᠷᠭᠡᠨᠰᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠥᠷᠭᠡᠳᠬᠡᠵᠦ ᠪᠠᠶᠢᠨ᠎ᠠ᠃ | ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠡᠨᠡ ᠵᠢᠯ ᠪᠠ ᠢᠷᠡᠬᠦ ᠵᠢᠯ ᠢ ︽ᠳᠤᠮᠳᠠᠳᠤ ᠤᠷᠤᠰ ᠤᠨ ᠰᠣᠶᠣᠯ ᠤᠨ | ᠣᠨ︾ ᠢᠶᠠᠷ ᠲᠣᠭᠲᠠᠭᠠᠵᠤ᠂ ᠬᠤᠶᠠᠷ ᠲᠠᠯ᠎ᠠ ᠪᠠᠷ ᠢᠶᠠᠨ ᠤᠯᠠᠨ ᠲᠦᠮᠡᠨ ᠲᠠᠢ ᠤᠶᠢᠷᠠᠲᠤᠭᠰᠠᠨ᠂ ᠠᠷᠠᠳ ᠤᠨ ᠰᠡᠳᠬᠢᠯ ᠢ | ᠬᠤᠯᠪᠣᠭᠰᠠᠨ᠂ ᠬᠠᠯᠠᠭᠤᠨ ᠰᠡᠳᠬᠢᠯᠭᠡ ᠲᠠᠢ ᠠᠯᠢ ᠤᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ | ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ᠂ ᠡᠯ᠎ᠡ ᠭᠠᠵᠠᠷ ᠤᠨ ᠤ ᠶᠠᠪᠤᠯᠴᠠᠭ᠎ᠠ ᠪᠠᠨ ᠴᠢᠩᠭᠠᠳᠬᠠᠬᠤ ᠶᠢ | ᠵᠣᠷᠢᠭᠵᠢᠭᠤᠯᠵᠤ᠂ ᠠᠷᠠᠳ ᠤᠨ ᠰᠡᠳᠬᠢᠯ ᠤᠨ ᠣᠶᠢᠯᠠᠭᠠᠯᠴᠠᠭ᠎ᠠ ᠨᠡᠪᠲᠡᠷᠡᠯᠴᠡᠭᠡ᠂ ᠳᠣᠲᠣᠨᠣᠰᠤᠭ ᠶᠠᠪᠤᠯᠴᠠᠭ᠎ᠠ ᠶᠢ ᠨᠡᠩ | ᠰᠠᠶᠢᠳᠤᠷ ᠠᠬᠢᠭᠤᠯᠤᠨ᠎ᠠ᠃ | ᠳᠥᠷᠪᠡ ᠳᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠷ ᠲᠤᠯᠭᠠᠭᠤᠷᠢᠯᠠᠯ ᠪᠤᠯᠭᠠᠬᠤ ᠶᠢ ᠪᠠᠷᠢᠮᠲᠠᠯᠠᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠵᠥᠪ ᠴᠢᠭᠯᠡᠯ ᠢ ᠬᠥᠲᠥᠯᠥᠨ ᠳᠠᠭᠠᠭᠤᠯᠤᠨ᠎ᠠ᠃ ᠬᠤᠶᠠᠷ ᠲᠠᠯ᠎ᠠ ᠪᠠᠷ ᠢᠶᠠᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ ᠳᠤ | ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢᠶᠠᠷ ᠳᠡᠯᠡᠬᠡᠢ ᠶᠢᠨ ᠤᠯᠠᠨ | ᠲᠦᠢᠯᠰᠢᠷᠠᠯᠲᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃ ᠡᠨᠡ ᠵᠢᠯ ᠤᠷᠤᠰ ᠠᠯᠳᠠᠨ ᠲᠤᠭᠤᠰᠭᠠᠨ | ᠤᠯᠤᠰ ᠤᠳ ᠤᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠨ᠎ᠡ᠂ ᠵᠢᠯ ᠤᠨ ᠳᠣᠲᠣᠷ᠎ᠠ ᠳᠤᠮᠳᠠᠳᠤ ᠶᠢᠨ | ᠲᠠᠯ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠭᠥᠯᠢᠶᠡᠨ ᠠᠪᠤᠨ᠎ᠠ᠂ ᠬᠤᠶᠠᠷ ᠲᠠᠯ᠎ᠠ ᠪᠠᠷ ᠢᠶᠠᠨ ᠲᠡᠷᠢᠭᠦᠯᠡᠭᠴᠢ ᠤᠯᠤᠰ ᠤᠨ ᠠᠵᠢᠯ ᠢᠶᠠᠨ ᠬᠠᠷᠢᠯᠴᠠᠨ ᠲᠡᠮᠵᠢᠵᠤ | ᠂ ᠨᠡᠩ ᠪᠦᠭᠦ ᠲᠠᠯ᠎ᠠ ᠶᠢᠨ᠂ ᠨᠠᠷᠢᠨ ᠨᠢᠭᠲᠠ᠂ ᠪᠣᠳᠠᠲᠠᠢ ᠶᠢ ᠡᠷᠬᠢᠮᠯᠡᠭᠰᠡᠨ᠂ ᠪᠠᠭᠲᠠᠭᠠᠮᠵᠢᠲᠠᠢ ᠴᠢᠨᠠᠷ ᠰᠠᠶᠢᠲᠠᠢ ᠬᠠᠨᠢᠲᠠᠨ ᠤ | ᠬᠠᠷᠢᠯᠴᠠᠭ᠎ᠠ ᠶᠢ ᠪᠠᠶᠢᠭᠤᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠢ ᠪᠦᠯᠬᠦᠮᠳᠡᠭᠦᠯᠦᠨ | ᠪᠤᠵᠠᠭᠠᠶᠢᠷᠠᠭᠤᠯᠤᠨ᠎ᠠ᠃ | ᠲᠠᠪᠤ ᠳᠤ᠂ ᠲᠥᠪ ᠭᠤᠣᠯᠴᠢ ᠰᠢᠳᠤᠷᠭᠤ ᠶᠣᠰᠣ ᠪᠠᠷ ᠵᠣᠷᠢᠯᠲᠠ ᠪᠤᠯᠭᠠᠬᠤ ᠶᠢ ᠪᠠᠷᠢᠮᠲᠠᠯᠠᠵᠤ᠂ ᠬᠠᠯᠠᠮᠰᠢᠯ | ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠬᠤ ᠪᠠᠷ ᠴᠢᠷᠮᠠᠶᠢᠨ᠎ᠠ᠃ ᠣᠳᠣᠬᠠᠨ ᠤ ᠳᠡᠯᠡᠬᠡᠢ | ᠵᠢᠷᠲᠢᠨᠴᠦ ᠳᠤ ᠬᠦᠢᠲᠡᠨ ᠳᠠᠶᠢᠨ ᠤ ᠰᠡᠳᠬᠢᠬᠦᠢ ᠰᠠᠷᠨᠢᠭ᠎ᠠ ᠦᠭᠡᠢ ᠪᠠᠶᠢᠵᠦ᠂ ᠭᠠᠭᠴᠠ ᠲᠠᠯ᠎ᠠ ᠪᠠᠷ ᠢᠶᠠᠨ ᠡᠵᠡᠷᠬᠡᠭᠴᠢ | ᠪᠤᠯᠬᠤ᠂ ᠯᠡᠭᠧᠷ ᠤᠨ ᠡᠰᠡᠷᠭᠦᠴᠡᠯᠳᠦᠯ᠂ ᠬᠦᠴᠦᠷᠬᠡᠭᠯᠡᠯ ᠤᠨ ᠤᠯᠤᠰ ᠲᠦᠷᠦ ᠳᠡᠯᠡᠬᠡᠢ ᠶᠢᠨ ᠡᠩᠬᠡ ᠲᠠᠶᠢᠪᠤᠩ ᠪᠠ ᠡᠯ᠎ᠡ | ᠤᠯᠤᠰ ᠤᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃ ᠫᠠᠯᠧᠰᠲ᠋ᠠᠶ᠋ᠢᠨ ᠢᠰᠷᠧᠯ ᠤᠨ ᠮᠥᠷᠭᠦᠯᠳᠦᠭᠡᠨ ᠤ | ᠠᠰᠠᠭᠤᠳᠠᠯ ᠢ ᠰᠢᠢᠳᠪᠦᠷᠢᠯᠡᠬᠦ ᠶᠠᠪᠤᠳᠠᠯ ᠲᠤᠯᠭᠠᠮ ᠪᠣᠯᠣᠭᠠᠳ ᠪᠠᠶᠢᠨ᠎ᠠ ᠭᠡᠵᠦ ᠪᠢ ᠶᠡᠷᠦᠩᠬᠡᠶᠢᠯᠡᠭᠴᠢ ᠫᠦᠲ᠋ᠢᠨ ᠲᠠᠢ ᠰᠠᠨᠠᠯ | ᠨᠢᠭᠡᠲᠡᠢ ᠦᠵᠡᠪᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠶᠢ ᠦᠨᠡᠨ ᠬᠦ ᠬᠡᠷᠡᠭᠵᠢᠭᠦᠯᠵᠦ᠂︽ | ᠬᠤᠶᠠᠷ ᠤᠯᠤᠰ ᠤᠨ ᠲᠥᠰᠣ᠋︾ ᠢᠶᠠᠷ ᠰᠠᠭᠤᠷᠢ ᠪᠣᠯᠭᠠᠨ ᠫᠠᠯᠧᠰᠲ᠋ᠠᠶ᠋ᠢᠨ ᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠦᠺᠷᠠᠶ᠋ᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠪᠣᠯ ᠵᠥᠪ ᠴᠢᠭᠯᠡᠯ ᠮᠥᠨ ᠭᠡᠵᠦ ᠬᠤᠶᠠᠷ ᠲᠠᠯ᠎ᠠ ᠪᠠᠷ ᠢᠶᠠᠨ | ᠰᠠᠨᠠᠯ ᠨᠢᠭᠡᠲᠡᠢ ᠦᠵᠡᠵᠦ ᠪᠠᠶᠢᠨ᠎ᠠ᠃ ᠳᠤᠮᠳᠠᠳᠤ ᠤᠯᠤᠰ ᠤᠨ ᠡᠨᠡ ᠬᠦ ᠠᠰᠠᠭᠤᠳᠠᠯ ᠳᠡᠭᠡᠷᠡᠬᠢ ᠵᠣᠭᠰᠣᠯᠲᠠ ᠪᠣᠯ | ᠢᠮᠠᠭᠲᠠ ᠶᠢᠨ ᠪᠥᠭᠡᠳ ᠲᠣᠳᠣᠷᠬᠠᠢ ᠶᠤᠮ᠂ ᠡᠭᠦᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ | ᠪᠦᠷᠢᠨ ᠪᠦᠲᠦᠨ ᠪᠠᠶᠢᠬᠤ ᠶᠢ ᠬᠦᠨᠳᠦᠳᠬᠡᠬᠦ᠂ ᠡᠯ᠎ᠡ ᠲᠠᠯ᠎ᠠ ᠶᠢᠨ ᠤ ᠠᠮᠤᠷ ᠲᠦᠪᠰᠢᠨ ᠤ ᠲᠤᠬᠠᠢ ᠵᠦᠢ ᠶᠣᠰᠣᠨ ᠤ | ᠠᠩᠬᠠᠷᠤᠯ ᠢ ᠬᠦᠨᠳᠦᠳᠬᠡᠬᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠰᠢᠨ᠎ᠡ ᠮᠠᠶ᠋ᠢᠭ ᠤᠨ ᠠᠮᠤᠷ ᠲᠦᠪᠰᠢᠨ ᠤ | ᠪᠣᠷᠣ ᠲᠥᠯᠥᠪ ᠢ ᠪᠠᠶᠢᠭᠤᠯᠬᠤ ᠵᠡᠷᠭᠡ ᠶᠢ ᠪᠠᠭᠲᠠᠭᠠᠨ᠎ᠠ᠃ ᠳᠤᠮᠳᠠᠳᠤ ᠤᠯᠤᠰ ᠡᠸᠦ᠋ᠷᠦᠫᠡ ᠲᠢᠪ ᠤᠨ ᠡᠬᠡ ᠬᠠᠭᠤᠷᠠᠢ | ᠡᠷᠲᠡᠬᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠢᠶᠠᠨ ᠰᠡᠷᠭᠦᠭᠡᠬᠦ ᠶᠢ ᠬᠦᠰᠡᠵᠦ ᠪᠠᠶᠢᠨ᠎ᠠ᠂ ᠳᠤᠷᠠᠲᠠᠶ᠎ᠠ ᠡᠭᠦᠨ ᠤ | ᠲᠥᠯᠥᠭᠡ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ ᠲᠤᠰᠤᠯ ᠬᠤᠷᠠᠮᠳᠤᠵᠤ ᠲᠠᠯᠠᠢ ᠪᠣᠯᠣᠨ᠎ᠠ᠃ 75 | ᠵᠢᠯ ᠤᠨ ᠪᠠᠲᠤ ᠪᠠᠬᠢ ᠬᠤᠷᠠᠮᠳᠤᠭᠤᠯᠤᠯ ᠢᠶᠠᠷ ᠳᠡᠮᠵᠢᠨ ᠳᠤᠮᠳᠠᠳᠤ ᠣᠷᠣᠰ ᠬᠤᠶᠠᠷ ᠤᠯᠤᠰ ᠤᠨ ᠦᠶ᠎ᠡ ᠶᠢᠨ ᠦᠶ᠎ᠡ ᠳᠡᠭᠡᠨ | ᠨᠥᠭᠦᠷᠰᠡᠭ ᠪᠠᠶᠢᠬᠤ ᠪᠠ ᠪᠦᠭᠦ ᠲᠠᠯ᠎ᠠ ᠶᠢᠨ ᠬᠠᠮᠲᠤᠷᠠᠯᠴᠠᠭ᠎ᠠ ᠨᠢᠭᠡᠨᠲᠡ ᠬᠤᠶᠠᠷ ᠲᠠᠯ᠎ᠠ ᠶᠢᠨ ᠬᠦᠴᠢᠷ ᠪᠡᠷᠬᠡᠰᠢᠶᠡᠯ ᠠᠴᠠ | ᠠᠶᠤᠬᠤ ᠦᠭᠡᠢ᠂ ᠲᠠᠰᠤᠷᠠᠯᠲᠠ ᠦᠭᠡᠢ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠤ ᠪᠦᠷᠢᠯᠳᠦᠪᠡ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠢᠮᠠᠭᠲᠠ ᠤᠭ | ᠰᠠᠨᠠᠭ᠎ᠠ ᠪᠠᠨ ᠪᠠᠲᠤ ᠰᠠᠬᠢᠵᠤ᠂ ᠬᠦᠴᠦ ᠪᠠᠨ ᠬᠠᠮᠲᠤᠳᠬᠠᠨ ᠬᠠᠷᠢᠭᠤᠴᠠᠯᠭ᠎ᠠ ᠡᠭᠦᠷᠭᠡᠯᠡᠵᠦ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠶᠢᠨ ᠠᠮᠤᠷ ᠲᠦᠪᠰᠢᠨ ᠲᠣᠭᠲᠠᠭᠤᠨ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠫᠦᠲ᠋ᠢᠨ᠂ ᠨᠢᠳᠤᠨᠤᠨ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠨ ᠲᠤᠰᠢᠶᠠᠯ ᠡᠭᠦᠷᠭᠡᠯᠡᠭᠡᠳ ᠤᠳᠠᠭᠰᠠᠨ ᠦᠭᠡᠢ | ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠠᠶᠢᠨ᠎ᠠ᠂ ᠪᠢ ᠡᠨᠡ ᠤᠳᠠᠭ᠎ᠠ ᠦᠷᠭᠦᠯᠵᠢᠯᠡᠨ ᠲᠤᠰᠢᠶᠠᠯ | ᠡᠭᠦᠷᠭᠡᠯᠡᠭᠰᠡᠨ ᠤ ᠲᠠᠷᠠᠭ᠎ᠠ ᠳᠤᠮᠳᠠᠳᠤ ᠤᠯᠤᠰ ᠢ ᠠᠩᠬ᠎ᠠ ᠤᠳᠠᠭ᠎ᠠ ᠠᠶᠢᠯᠴᠢᠯᠠᠯᠲᠠ ᠬᠢᠬᠦ ᠤᠯᠤᠰ ᠪᠤᠯᠭᠠᠬᠰᠠᠨ ᠤᠷᠤᠰ | ᠳᠤᠮᠳᠠᠳᠤ ᠶᠢᠨ ᠬᠠᠷᠢᠯᠴᠠᠭ᠎ᠠ ᠶᠢᠨ ᠣᠨᠴᠠᠭᠠᠢ ᠴᠢᠨᠠᠷ ᠪᠣᠯᠣᠨ ᠥᠨᠳᠥᠷ ᠲᠦᠪᠰᠢᠨ ᠵᠢᠴᠢ ᠤᠷᠤᠰ ᠳᠤᠮᠳᠠᠳᠤ ᠬᠤᠶᠠᠷ | ᠲᠠᠯ᠎ᠠ ᠪᠠᠷ ᠢᠶᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ | ᠴᠢᠨᠠᠭᠰᠢᠳᠠ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠳᠠᠬᠢᠨᠲᠠ ᠢᠯᠡᠳᠬᠡᠪᠡ᠃ | ᠤᠷᠤᠰ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ | ᠲᠣᠮᠣ ᠤᠯᠤᠰ ᠬᠥᠷᠰᠢ ᠤᠯᠤᠰ ᠤᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠬᠡᠪ ᠳᠠᠭᠤᠷᠢᠶᠠᠯ ᠪᠣᠯᠵᠤ᠂ ᠬᠤᠶᠠᠷ | ᠤᠯᠤᠰ ᠤᠨ ᠬᠠᠮᠲᠤᠷᠠᠯᠴᠠᠭᠠᠨ ᠤ ᠠᠭᠤᠯᠭ᠎ᠠ ᠪᠠᠶᠠᠯᠢᠭ᠂ ᠦᠷ᠎ᠡ ᠪᠦᠲᠦᠭᠡᠯ ᠡᠯᠪᠡᠭ ᠪᠣᠯᠵᠠᠢ᠃ ᠪᠢ ᠲᠡᠷᠢᠭᠦᠯᠡᠭᠴᠢ ᠰᠢ ᠶᠢᠨ | ᠫᠢᠩ ᠲᠠᠢ ᠨᠢᠭᠲᠠ ᠣᠯᠣᠯᠴᠠᠭ᠎ᠠ ᠪᠠ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠯᠠᠵᠤ᠂ ᠮᠠᠨ ᠤ ᠬᠤᠶᠠᠷ ᠲᠠᠯ᠎ᠠ ᠪᠠᠷ ᠢᠶᠠᠨ | ᠤᠷᠤᠰ ᠳᠤᠮᠳᠠᠳᠤ ᠶᠢᠨ ᠬᠠᠷᠢᠯᠴᠠᠭᠠᠨ ᠤ ᠣᠳᠣᠬᠢ ᠪᠠᠶᠢᠳᠠᠯ ᠳᠤ ᠰᠡᠳᠬᠢᠯ ᠬᠠᠨᠤᠮᠵᠢᠲᠠᠢ ᠪᠠᠶᠢᠬᠤ ᠪᠠᠨ ᠢᠯᠡᠳᠬᠡᠵᠦ᠂ | ᠢᠷᠡᠭᠡᠳᠦᠢ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃ ᠤᠷᠤᠰ ᠤᠨ ᠲᠠᠯ᠎ᠠ ᠶᠢᠨ ᠳᠤᠮᠳᠠᠳᠤ ᠤᠯᠤᠰ ᠢ | ᠤᠷᠳᠤ ᠬᠤᠭᠤᠴᠠᠭᠠᠨ ᠤ ᠨᠠᠶᠢᠳᠠᠪᠤᠷᠢᠲᠠᠢ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠤᠯᠤᠰ ᠲᠦᠷᠦ᠂ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠂ ᠠᠮᠤᠷ ᠲᠦᠪᠰᠢᠨ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ︽ᠤᠷᠤᠰ ᠳᠤᠮᠳᠠᠳᠤ ᠶᠢᠨ ᠰᠣᠶᠣᠯ ᠤᠨ ᠣᠨ︾ ᠢ | ᠰᠠᠶᠢᠳᠤᠷ ᠡᠷᠭᠢᠯᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠤᠷᠤᠰ ᠳᠤᠮᠳᠠᠳᠤ ᠤᠯᠠᠨ | ᠤᠯᠤᠰ ᠤᠨ ᠲᠠᠪᠴᠠᠩ ᠳᠡᠭᠡᠷ᠎ᠡ ᠨᠢᠭᠲᠠ ᠬᠠᠮᠵᠢᠯᠴᠠᠭ᠎ᠠ ᠪᠠᠨ ᠪᠠᠲᠤᠯᠠᠵᠤ᠂ ᠨᠡᠩ ᠠᠷᠠᠳᠴᠢᠯᠠᠯ ᠲᠠᠢ ᠤᠯᠠᠨ ᠲᠦᠢᠯᠵᠢᠭ᠌ᠰᠠᠨ | ᠳᠡᠯᠡᠬᠡᠢ ᠶᠢᠨ ᠡᠮᠬᠢ ᠳᠢᠭᠯᠢᠮ ᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ ᠳᠤᠷᠠᠲᠠᠶ᠎ᠠ ᠠᠯᠳᠠᠨ ᠲᠤᠭᠤᠰᠭᠠᠨ | ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶ᠋ᠢᠭᠤᠯᠤᠯᠲᠠ ᠵᠡᠷᠭᠡ ᠪᠣᠷᠣ ᠲᠥᠯᠥᠪ ᠤᠨ ᠳᠣᠲᠣᠷᠠᠬᠢ | ᠬᠠᠮᠲᠤᠷᠠᠯᠴᠠᠭ᠎ᠠ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠤᠨ᠎ᠠ | ᠭᠡᠵᠦ ᠢᠯᠡᠳᠬᠡᠪᠡ᠃ | ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ ᠴᠢᠨ ᠨᠠᠷ | ᠣᠷᠣᠯᠴᠠᠪᠠ᠃ | ᠳᠡᠪᠰᠢᠭᠦᠯᠦᠭᠴᠢ᠄ ᠲᠡᠷᠭᠡᠯ | |