ᠢᠦᠢ ᠳ᠋ᠠᠢ ᠴᠢᠩ ᠪᠦᠬᠦ ᠬᠤᠰᠢᠭᠤᠨ ᠤ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠭᠰᠡᠨ | ᠪᠠᠶᠢᠳᠠᠯ ᠳᠤ ᠪᠠᠶᠢᠴᠠᠭᠠᠯᠲᠠ ᠬᠢᠪᠡ | | 5 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠧᠢ ᠳ᠋ᠠᠢ ᠴᠢᠩ ᠲᠠᠢ ᠲᠣᠭᠤᠷᠢᠭ᠂ | ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ᠂ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ | ᠭᠠᠵᠠᠷ ᠣᠷᠣᠨ ᠳᠤ ᠬᠦᠷᠴᠦ ᠬᠠᠶᠢᠷ᠎ᠠ ᠬᠠᠯᠠᠮᠵᠢ ᠬᠦᠷᠲᠡᠭᠡᠬᠦ ᠢᠨᠵᠧᠨᠧᠷᠢᠩ᠂ ᠰᠠᠯᠬᠢ ᠭᠡᠷᠡᠯ ᠤᠰᠤᠲᠥ᠋ᠷᠥᠭᠴᠢ ᠰᠢᠪᠲᠦᠷ ᠢ | ᠬᠠᠳᠠᠭᠠᠯᠠᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠲᠥᠮᠥᠰᠥ ᠶᠢᠨ ᠪᠦᠬᠦ ᠨᠤᠨᠲᠠᠭ᠂ ᠤᠰᠤ ᠲᠠᠲᠠᠷᠠᠭᠤᠯᠬᠤ ᠪᠠ ᠤᠰᠤᠲᠤᠯ ᠢ ᠰᠡᠷᠭᠡᠶᠢᠯᠡᠬᠦ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠨᠢ ᠵᠣᠬᠢᠴᠠᠭᠤᠯᠤᠨ ᠰᠢᠢᠳᠪᠦᠷᠢᠯᠡᠪᠡ᠃ | | | | | ᠢᠦᠢ ᠳ᠋ᠠᠢ ᠴᠢᠩ ᠬᠡᠯᠡᠬᠦ ᠳᠡᠭᠡᠨ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠪᠣᠯ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠮ ᠤᠨ ᠲᠣᠣᠷ ᠤᠨ ᠪᠦᠲᠦᠴᠡ ᠶᠢ ᠲᠥᠪᠯᠡᠷᠡᠭᠦᠯᠦᠨ | ᠲᠡᠭᠦᠯᠳᠡᠷᠵᠢᠭᠦᠯᠵᠦ᠂ ᠪᠦᠲᠦᠮᠵᠢᠲᠡᠢ ᠪᠠᠷᠢᠯᠭ᠎ᠠ ᠶᠢᠨ ᠬᠤᠭᠤᠴᠠᠭ᠎ᠠ ᠶᠢ ᠱᠠᠯᠠᠪᠳᠠᠨ ᠠᠳᠬᠤᠵᠤ᠂ ᠡᠯ᠎ᠡ ᠵᠦᠢᠯ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠶᠢᠷ᠎ᠠ | ᠬᠠᠯᠠᠮᠵᠢ ᠶᠢᠨ ᠢᠨᠵᠧᠨᠧᠷᠢᠩ ᠢ ᠦᠨᠡᠨᠬᠦ ᠠᠷᠠᠳ ᠲᠦᠮᠡᠨ ᠤ ᠰᠡᠳᠬᠢᠯ ᠬᠠᠨᠤᠮᠵᠢᠲᠠᠢ᠂ ᠨᠡᠶᠢᠭᠡᠮ ᠳᠤ ᠮᠡᠳᠡᠷᠡᠭᠳᠡᠭᠰᠡᠨ | ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠬᠦ ᠬᠡᠷᠡᠭᠲᠡᠢ᠃ᠭᠤᠣᠯᠳᠠᠯᠭ᠎ᠠ ᠲᠠᠢ ᠠᠵᠤ ᠦᠢᠯᠡᠰ᠂ ᠰᠠᠭᠤᠷᠢ | ᠪᠡᠯᠡᠳᠬᠡᠮᠵᠢ ᠵᠡᠷᠭᠡ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠳᠡᠰ ᠳᠠᠪᠬᠤᠷᠭ᠎ᠠ ᠬᠤᠪᠢᠶᠠᠨ᠂ | ᠨᠠᠷᠢᠯᠢᠭᠵᠢᠭᠤᠯᠤᠨ ᠬᠡᠷᠡᠭᠵᠢᠭᠦᠯᠵᠦ᠂ ᠶᠠᠰᠤ ᠴᠢᠨᠠᠷ ᠪᠣᠯᠤᠨ ᠠᠶᠤᠯ ᠦᠭᠡᠢ ᠶᠢ ᠪᠠᠲᠤᠯᠠᠭᠰᠠᠨ ᠤᠷᠢᠳᠠᠯ ᠳᠣᠣᠷ᠎ᠠ᠂ | ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠭᠦ ᠵᠠᠯᠠᠵᠤ᠂ ᠶᠡᠬᠡᠪᠡᠷ ᠬᠢᠵᠦ ᠲᠦᠷᠭᠡᠨ ᠪᠠᠶᠢᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠡᠷᠲᠡ ᠨᠢᠭᠡᠨ ᠡᠳᠦᠷ ᠠᠵᠢᠯ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠲᠠ ᠶᠢᠨ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ | ᠬᠤᠯᠪᠣᠭᠳᠠᠵᠤ ᠪᠠᠶᠢᠭ᠎ᠠ ᠲᠤᠯᠠ ᠬᠤᠭᠤᠯᠠᠢ ᠲᠣᠣᠷ ᠳᠡᠪᠢᠰᠬᠦ ᠪᠠ ᠪᠣᠬᠢᠷ ᠤᠰᠤ ᠴᠤᠭᠯᠠᠭᠤᠯᠬᠤ ᠠᠵᠢᠯ ᠢ ᠰᠠᠶᠢᠲᠤᠷ ᠬᠢᠵᠦ᠂ | ᠬᠤᠲᠠ ᠶᠢᠨ ᠦᠶᠡᠷ ᠰᠡᠷᠭᠡᠶᠢᠯᠡᠬᠦ ᠪᠠᠷᠢᠮᠵᠢᠶ᠎ᠠ ᠵᠢᠴᠢ ᠦᠶᠡᠷ ᠵᠠᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠢᠷᠦᠭᠦᠨ ᠪᠣᠷᠣᠭᠠᠨ ᠠᠭᠤᠷ ᠠᠮᠢᠰᠬᠤᠯ ᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ | ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ᠠᠶᠤᠯ ᠦᠭᠡᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠣᠢ ᠪᠣᠯᠭᠠᠵᠤ᠂ | ᠨᠠᠭᠠᠳᠤ ᠵᠠᠬ᠎ᠠ ᠶᠢᠨ ᠱᠤᠭᠤᠮ ᠤᠨ ᠰᠡᠳᠬᠢᠴᠡ ᠶᠢ ᠪᠠᠷᠢᠮᠲᠠᠯᠠᠨ᠂ 《 ᠴᠠᠭ ᠢᠮᠠᠭᠲᠠ ᠰᠡᠳᠬᠢᠯ ᠠᠮᠤᠷ ᠪᠠᠶᠢᠯᠭᠠᠬᠤ 》 | ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ | | | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |