ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠳᠤ ᠪᠠᠶᠢᠴᠠᠭᠠᠨ ᠦᠵᠡᠭᠰᠡᠨ ᠪᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠶᠠᠷᠢᠯᠴᠠᠬᠤ ᠬᠤᠷᠠᠯ᠂ 4 ᠰᠠᠷ᠎ᠠ ᠶᠢᠨ 30 ᠤ ᠡᠳᠦᠷ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠮᠧᠢ ᠳ᠋ᠡ ᠲᠦᠷᠭᠡᠨ ᠵᠠᠮ ᠤᠨ ᠨᠤᠷᠠᠵᠤ | ᠶᠡᠭᠦᠷᠡᠭᠰᠡᠨ ᠭᠠᠮᠰᠢᠭ ᠲᠤ ᠰᠢ ᠶᠢᠨ ᠫᠢᠩ ᠤᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ | ᠳᠠᠷᠤᠭᠠᠰᠤ ᠶᠢ ᠪᠠᠭᠠᠰᠬᠠᠬᠤ᠂ ᠲᠣᠰᠬᠤᠨ ᠤ ᠬᠠᠮᠲᠤ ᠶᠢᠨ 《 ᠭᠤᠷᠪᠠᠨ ᠪᠡᠯᠡ 》 ᠶᠢᠨ ᠬᠠᠮᠢᠶᠠᠷᠤᠯᠲᠠ᠂ ᠬᠠᠶᠢᠷ᠎ᠠ | ᠬᠠᠯᠠᠮᠵᠢ ᠶᠢᠨ ᠢᠨᠵᠧᠨᠧᠷᠢᠩ᠂ ᠠᠷᠠᠳ ᠤᠨ ᠶᠠᠪᠤᠳᠠᠯ ᠤᠨ ᠬᠦᠷᠢᠶ᠎ᠡ ᠬᠡᠪᠴᠢᠶᠡᠨ ᠳᠠᠬᠢ ᠳᠦᠷᠢᠮ ᠵᠥᠷᠢᠴᠡᠭᠰᠡᠨ | ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠰᠤᠳᠤᠯᠪᠠ᠃ | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ | ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ | ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ | ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃《 ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠠᠳᠬᠤᠬᠤ ᠨᠢ ᠬᠥᠭᠵᠢᠯᠲᠡ ᠶᠢ ᠠᠳᠬᠤᠬᠤ 》 ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠵᠤ᠂ | ᠰᠠᠨᠠᠭᠠᠴᠢᠯᠠᠭ᠋/ᠠ᠊_ᠠ᠋ᠴᠠ ᠪᠠᠨ ᠡᠭᠦᠷᠭᠡᠯᠡᠵᠦ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠳᠠᠬᠢ ᠵᠠᠮ ᠬᠠᠰᠢᠬᠤ ᠪᠠᠷᠰ᠂ ᠬᠥᠯ ᠢᠶᠠᠨ ᠲᠤᠱᠠᠬᠤ ᠴᠢᠯᠠᠭᠤ ᠶᠢ ᠲᠠᠰᠤᠷᠠᠯᠲᠠ ᠦᠭᠡᠢ ᠴᠡᠪᠡᠷᠯᠡᠨ | ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠥᠨᠳᠥᠷ ᠬᠢᠷᠢ ᠬᠡᠮᠵᠢᠶ᠎ᠡ ᠲᠠᠢ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠰᠠᠯᠠᠨ ᠠᠬᠢᠭᠤᠯᠬᠤ ᠬᠡᠷᠡᠭᠲᠡᠢ᠃ ᠴᠡᠭᠴᠡᠯᠡᠨ | ᠵᠠᠰᠠᠬᠤ ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠳᠤ ᠳᠠᠷᠤᠭᠠᠰᠤ ᠬᠥᠩᠭᠡᠷᠡᠭᠦᠯᠬᠦ ᠬᠠᠷᠢᠭᠤᠴᠠᠯᠭᠠᠲᠤ ᠰᠡᠳᠬᠢᠯᠭᠡ | ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠭᠦᠯᠵᠦ᠂ ᠥᠪᠡᠷ ᠢ ᠪᠠᠨ ᠪᠠᠶᠢᠴᠠᠭᠠᠵᠤ ᠥᠪᠡᠷ ᠲᠡᠭᠡᠨ | ᠵᠠᠯᠠᠷᠠᠭᠤᠯᠬᠤ ᠶᠢ ᠬᠢᠨᠠᠮᠠᠭᠠᠢ ᠥᠷᠨᠢᠭᠦᠯᠦᠨ᠂ ᠨᠠᠷᠢᠯᠢᠭ ᠵᠣᠬᠢᠶᠠᠯ ᠤᠨ ᠨᠡᠶᠢᠭᠡᠮᠯᠢᠭ ᠢ ᠪᠠᠭᠠᠰᠬᠠᠬᠤ ᠲᠣᠭᠲᠠᠭᠠᠯ ᠢ | ᠬᠠᠲᠠᠭᠤᠷᠠᠭᠤᠯᠵᠤ᠂ ᠪᠠᠶᠢᠴᠠᠭᠠᠵᠤ ᠬᠢᠨᠠᠨ ᠰᠢᠯᠭᠠᠬᠤ ᠲᠤᠭ᠎ᠠ ᠬᠡᠮᠵᠢᠶ᠎ᠡ ᠶᠢ ᠳᠣᠷᠣᠭᠰᠢ ᠳᠠᠷᠤᠵᠤ᠂ ᠦᠨᠳᠦᠰᠦᠨ ᠱᠠᠲᠤᠨ ᠤ | ᠺᠠᠳ᠋ᠷᠴᠤᠳ ᠲᠤ ᠨᠡᠩ ᠣᠯᠠᠨ ᠴᠠᠭ ᠪᠠ ᠣᠶᠤᠨ ᠴᠢᠳᠠᠯ ᠢ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ᠂ | ᠪᠣᠳᠠᠲᠠᠢ ᠠᠵᠢᠯ ᠬᠢᠬᠦ ᠳᠡᠭᠡᠷ᠎ᠡ ᠲᠠᠯᠪᠢᠬᠤ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ 《 ᠭᠤᠷᠪᠠᠨ ᠪᠡᠯᠡ | 》 ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠪᠠᠨ ᠲᠦᠷᠭᠡᠳᠬᠡᠵᠦ᠂ ᠣᠷᠣᠰᠢᠵᠤ | ᠪᠠᠶᠢᠭ᠎ᠠ ᠠᠰᠠᠭᠤᠳᠠᠯ ᠢ ᠵᠦᠢ ᠵᠣᠬᠢᠰᠲᠠᠢ ᠪᠥᠭᠡᠳ ᠬᠠᠤᠯᠢ ᠶᠣᠰᠣᠨ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠵᠤ᠂ | ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃《 ᠬᠠᠶᠢᠷ᠎ᠠ ᠬᠠᠯᠠᠮᠵᠢ ᠶᠢᠨ | ᠢᠨᠵᠧᠨᠧᠷᠢᠩ 》 ᠪᠣᠯ ᠦᠢ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠢ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠬᠢᠭᠡᠳ ᠠᠶᠤᠯ ᠦᠭᠡᠢ ᠶᠢ ᠦᠨᠡᠨᠬᠦ ᠪᠠᠲᠤᠯᠠᠭᠰᠠᠨ ᠤᠷᠢᠳᠠᠯ | ᠳᠣᠣᠷ᠎ᠠ᠂ ᠪᠠᠷᠢᠯᠭ᠎ᠠ ᠶᠢᠨ ᠠᠵᠢᠯ ᠤᠨ ᠠᠬᠢᠴᠠ ᠪᠠᠨ ᠲᠦᠷᠭᠡᠳᠬᠡᠵᠦ᠂ ᠥᠨᠳᠥᠷ ᠬᠢᠷᠢ ᠬᠡᠮᠵᠢᠶ᠎ᠡ ᠲᠠᠢ᠂ ᠶᠠᠰᠤ ᠴᠢᠨᠠᠷ ᠲᠠᠢ᠂ | ᠥᠨᠳᠥᠷ ᠪᠠᠷᠢᠮᠵᠢᠶ᠎ᠠ ᠪᠠᠷ 《 ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ 》 ᠠᠵᠢᠯ ᠤᠨ ᠡᠭᠦᠷᠭᠡ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ᠠᠷᠠᠳ ᠤᠨ ᠶᠠᠪᠤᠳᠠᠯ ᠤᠨ ᠬᠦᠷᠢᠶᠡᠨ ᠤ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ | ᠨᠡᠮᠡᠭᠳᠡᠭᠦᠯᠦᠨ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠨᠠᠷᠢᠨ ᠬᠠᠭᠤᠳᠠᠰᠤ ᠶᠢ ᠪᠣᠳᠠᠲᠠᠶᠢᠵᠢᠭᠤᠯᠬᠤ | ᠪᠠ ᠡᠭᠦᠷᠭᠡ ᠶᠢ ᠪᠣᠳᠠᠲᠠᠶᠢᠵᠢᠭᠤᠯᠬᠤ ᠬᠡᠷᠡᠭᠲᠡᠢ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠨᠠᠷᠢᠯᠢᠭ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠡᠯ᠎ᠡ | ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠣᠷᠣᠯᠴᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |