ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《 ᠡᠮᠡᠭᠲᠡᠶᠢᠴᠦᠳ ᠤᠨ ᠬᠠᠤᠯᠢ | ᠲᠦᠭᠡᠮᠡᠯᠵᠢᠭᠦᠯᠦᠯᠲᠡ ᠶᠢᠨ ᠬᠥᠳᠡᠭᠡ ᠲᠣᠰᠬᠤᠨ ᠤ ᠠᠶᠠᠯᠠᠯ 》 ᠵᠢᠴᠢ 《 ᠪᠢ ᠡᠮᠡᠭᠲᠡᠶᠢᠴᠦᠳ ᠬᠡᠦᠬᠡᠳ ᠲᠤ ᠪᠣᠳᠠᠲᠤ | ᠶᠠᠪᠤᠳᠠᠯ ᠬᠢᠵᠦ ᠥᠭᠬᠦ 》 ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ | | 5 ᠰᠠᠷ᠎ᠠ ᠶᠢᠨ 9 ᠤ ᠡᠳᠦᠷ᠂ ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ · | ᠷᠦᠨ ᠽᠧ ᠤᠮᠠᠷᠠᠲᠤ ᠶᠢᠨ ᠬᠢᠯᠢ ᠬᠢᠵᠠᠭᠠᠷ ᠲᠠᠬᠢ ᠦᠢ ᠲᠦᠮᠡᠨ ᠡᠷᠦᠬᠡ - ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 《 ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ 》 ᠵᠢᠴᠢ 《 ᠪᠢ | ᠡᠮᠡᠭᠲᠡᠶᠢᠴᠦᠳ ᠬᠡᠦᠬᠡᠳ ᠲᠤ ᠪᠣᠳᠠᠲᠠᠢ ᠠᠵᠢᠯ ᠬᠢᠵᠦ ᠥᠭᠬᠦ 》 ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ᠃ | | | | | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠸᠠᠩ ᠹᠠᠩ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ | ᠨᠡᠶᠢᠭᠡᠮᠯᠢᠭ ᠤᠨ ᠬᠠᠷᠢᠯᠴᠠᠭ᠎ᠠ ᠶᠢᠨ ᠬᠥᠭᠵᠢᠯᠲᠡ ᠶᠢᠨ ᠬᠡᠯᠲᠡᠰ ᠤᠨ ᠳᠠᠷᠤᠭ᠎ᠠ ᠰᠢᠦᠢ ᠰᠢᠶᠣᠤ ᠭᠤᠸᠠᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ | ᠡᠷᠬᠢᠯᠡᠭᠴᠢ ᠸᠠᠩ ᠴᠢᠶᠠᠩ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠸᠠᠩ | ᠫᠢᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠴᠢᠶᠣᠤ ᠶᠦᠨ ᠯᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠢᠦᠢ ᠳ᠋ᠠᠢ ᠴᠢᠩ ᠵᠡᠷᠭᠡ | ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃ | | | | | ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠠᠤᠯᠢ ᠴᠠᠭᠠᠵᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮᠡᠴᠡ ᠭᠤᠣᠯᠯᠠᠨ ᠡᠷᠬᠢᠯᠡᠨ᠎ᠡ᠃ᠠᠵᠢᠯᠯᠠᠭ᠎ᠠ ᠶᠢᠨ ᠵᠣᠷᠢᠯᠲᠠ ᠪᠣᠯ | ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠬᠥᠳᠡᠭᠡ | ᠲᠣᠰᠬᠤᠨ ᠤ ᠡᠮᠡᠭᠲᠡᠶᠢᠴᠦᠳ ᠤᠨ ᠬᠠᠤᠯᠢ ᠴᠠᠭᠠᠵᠠ ᠶᠢᠨ ᠡᠬᠢ ᠪᠠᠶᠠᠯᠢᠭ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠤᠯᠭᠠᠮ᠎ᠠ ᠬᠡᠷᠡᠭᠴᠡᠭᠡ ᠳᠤ ᠴᠢᠭᠯᠡᠭᠦᠯᠵᠦ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠪᠠ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡ ᠶᠢ | ᠬᠥᠳᠡᠭᠡ ᠲᠣᠰᠬᠤᠨ ᠤ ᠡᠮᠡᠭᠲᠡᠶᠢᠴᠦᠳ ᠣᠯᠠᠨ ᠲᠦᠮᠡᠨ ᠤ ᠳᠡᠷᠭᠡᠳᠡ ᠬᠦᠷᠭᠡᠨ᠂ ᠬᠥᠳᠡᠭᠡ ᠲᠣᠰᠬᠤᠨ ᠤ | ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠨᠡᠶᠢᠭᠡᠮ ᠳᠤ ᠡᠮᠡᠭᠲᠡᠶᠢᠴᠦᠳ ᠢ ᠬᠦᠨᠳᠦᠳᠬᠡᠬᠦ᠂ | ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠬᠠᠤᠯᠢ ᠪᠠᠷ ᠬᠥᠳᠡᠭᠡ | ᠲᠣᠰᠬᠤᠨ ᠢ ᠵᠠᠰᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ | ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠲᠥᠯᠥᠭᠡ ᠶᠦ᠋ᠮ᠃ | ᠠᠵᠢᠯᠯᠠᠭ᠎ᠠ ᠨᠢ ᠪᠠᠰᠠ ᠳᠥᠷᠪᠡᠳ ᠬᠤᠰᠢᠭᠤᠨ ᠤ ᠡᠮᠡᠭᠲᠡᠢ ᠪᠠᠶᠢᠴᠠᠭᠠᠭᠴᠢ᠂ ᠡᠮᠡᠭᠲᠡᠢ ᠬᠠᠤᠯᠢᠴᠢ᠂ ᠡᠮᠡᠭᠲᠡᠢ | ᠠᠵᠢᠯᠲᠠᠨ᠂ ᠬᠠᠤᠯᠢ ᠲᠦᠭᠡᠮᠡᠯᠵᠢᠭᠦᠯᠬᠦ ᠪᠠᠭᠰᠢ ᠶᠢᠨ ᠪᠦᠯᠬᠦᠮ᠂ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠮᠡᠷᠭᠡᠨ | ᠬᠥᠮᠦᠨ᠂ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠭᠡᠰᠢᠭᠦᠨ᠂ ᠬᠥᠳᠡᠭᠡ ᠲᠣᠰᠬᠤᠨ ᠤ ᠬᠠᠤᠯᠢ ᠰᠤᠷᠴᠤ | ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠵᠡᠷᠭᠡ ᠳᠤ 《 ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ | ᠲᠣᠰᠬᠤᠨ ᠤ ᠠᠵᠢᠯᠯᠠᠭ᠎ᠠ 》 ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠣᠯᠭᠤᠬᠤ ᠶᠢᠨ ᠬᠠᠮᠲᠤ 《 | ᠬᠠᠤᠯᠢ ᠴᠠᠭᠠᠵᠠ ᠶᠢ ᠲᠣᠳᠣᠷᠬᠠᠢ ᠮᠡᠳᠡᠬᠦ ᠬᠥᠮᠦᠨ 》 ᠤᠨ ᠲᠥᠯᠥᠭᠡᠯᠡᠭᠴᠢᠳ ᠲᠤ ᠦᠨᠡᠮᠯᠡᠯ ᠣᠯᠭᠤᠵᠤ᠂ ᠪᠦᠬᠦ | ᠤᠯᠤᠰ ᠤᠨ 《 3·8 》 ᠤᠯᠠᠭᠠᠨ ᠲᠤᠭ ᠤᠨ ᠬᠠᠮᠲᠤ ᠶᠢᠨ ᠱᠠᠩᠨᠠᠯ ᠢ ᠭᠠᠷᠳᠠᠭᠤᠯᠵᠠᠢ᠂ ᠡᠭᠦᠨ᠋ᠡᠴᠡ ᠭᠠᠳᠠᠨ᠎ᠠ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠳᠥᠷᠪᠡᠳ ᠬᠤᠰᠢᠭᠤᠨ ᠳᠤ 9.38 ᠲᠦᠮᠡᠨ | ᠲᠥᠭᠦᠷᠢᠭ ᠤᠨ ᠡᠳ᠋ ᠪᠣᠳᠠᠰ ᠬᠠᠨᠳᠢᠪᠯᠠᠵᠤ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦ ᠶᠢᠨ | ᠨᠡᠶᠢᠭᠡᠮᠯᠢᠭ ᠤᠯᠠᠭᠠᠨᠴᠠᠪ ᠬᠤᠲᠠ ᠳᠤ 40 ᠲᠦᠮᠡᠨ ᠲᠥᠭᠦᠷᠢᠭ ᠤᠨ 《 ᠴᠦᠨ ᠯᠧᠢ ᠰᠤᠷᠤᠯᠭ᠎ᠠ ᠶᠢᠨ ᠲᠡᠳᠬᠦᠮᠵᠢ ᠶᠢᠨ | ᠮᠥᠩᠭᠦ 》 ᠬᠠᠨᠳᠢᠪᠯᠠᠵᠠᠢ᠃ | ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠬᠠᠤᠯᠢ | ᠲᠦᠭᠡᠮᠡᠯᠵᠢᠭᠦᠯᠬᠦ ᠵᠢᠵᠢᠭ ᠵᠦᠴᠦᠭᠡ 《 ᠭᠡᠷ ᠬᠥᠷᠥᠩᠭᠡ ᠶᠢᠨ ᠭᠡᠷ ᠤᠨ ᠭᠠᠳᠠᠨ᠎ᠠ 》 ᠶᠢ ᠠᠪᠴᠢᠷᠠᠨ᠂ ᠳᠥᠷᠪᠡᠳ | ᠬᠤᠰᠢᠭᠤᠨ ᠤ ᠤᠯᠠᠭᠠᠨᠮᠦ᠋ᠴᠢᠷ ᠭᠤᠴᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠬᠢᠬᠦ᠂ ᠺᠢᠨᠣ ᠭᠠᠷᠭᠠᠬᠤ᠂ ᠡᠷᠡᠭᠦᠯ ᠮᠡᠨᠳᠦ ᠪᠠᠨ ᠬᠦᠷᠭᠡᠬᠦ᠂ ᠰᠣᠶᠣᠯ ᠬᠦᠷᠭᠡᠵᠦ ᠥᠭᠬᠦ᠂ ᠬᠠᠤᠯᠢ ᠴᠠᠭᠠᠵᠠ | ᠬᠦᠷᠭᠡᠬᠦ ᠵᠡᠷᠭᠡ ᠣᠯᠠᠨ ᠶᠠᠩᠵᠤ ᠶᠢᠨ ᠠᠵᠢᠯᠯᠠᠭ᠎ᠠ ᠨᠢ ᠬᠠᠤᠯᠢ ᠲᠦᠭᠡᠮᠡᠯᠵᠢᠭᠦᠯᠬᠦ ᠤᠬᠠᠮᠰᠠᠷ ᠢ ᠬᠥᠮᠦᠰ ᠤᠨ ᠰᠡᠳᠬᠢᠯ ᠳᠤ | ᠭᠦᠨ ᠰᠠᠭᠤᠭᠳᠠᠭᠰᠠᠨ ᠪᠠᠶᠢᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |