ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ | ᠨᠥᠬᠦᠷᠯᠡᠯ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠳᠥᠷᠪᠡᠳ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ | | 5 ᠰᠠᠷ᠎ᠠ ᠶᠢᠨ 12 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ | ᠬᠤᠷᠢᠶ᠎ᠠ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠪᠣᠯᠤᠨ | ᠤᠳᠤᠷᠢᠳᠤᠯᠭ᠎ᠠ ᠪᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠡᠮᠴᠢᠯᠡᠭᠡᠨ ᠤ ᠠᠩᠭᠢ ᠳᠥᠷᠪᠡᠳ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ | ᠬᠢᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠴᠧᠩ ᠭᠤᠸᠠᠩ ᠾᠦᠢ ᠰᠠᠭᠤᠳᠠᠯ ᠤᠨ ᠬᠤᠷᠠᠯ ᠳᠤ ᠣᠷᠣᠯᠴᠠᠪᠠ᠃ | ᠮᠡᠷᠭᠡᠵᠢᠯᠲᠡᠨ ᠨᠦᠭᠦᠳ ᠤᠨ ᠠᠵᠢᠯ ᠤᠨ ᠬᠡᠰᠡᠭ 《 ᠠᠷᠠᠳ ᠲᠦᠮᠡᠨ ᠤ ᠦᠯᠢᠭᠡᠷ ᠵᠢᠱᠢᠶ᠎ᠡ 》 ᠲᠤ | ᠠᠯᠳᠠᠷᠰᠢᠭᠰᠠᠨ ᠴᠡᠮᠥᠶ᠋ᠢᠵᠢ ᠶᠢᠨ ᠭᠡᠷ ᠲᠤ ᠢᠷᠡᠵᠦ᠂ ᠡᠵᠢ ᠳᠤ ᠪᠠᠨ ᠭᠤᠶᠣ ᠰᠠᠶᠢᠬᠠᠨ ᠴᠡᠴᠡᠭ ᠡᠷᠭᠦᠵᠦ᠂ ᠥᠨᠳᠥᠷ | ᠨᠠᠰᠤᠲᠠᠨ ᠤᠳ ᠲᠤ ᠡᠵᠢ ᠶᠢᠨ ᠢᠶᠠᠨ ᠪᠠᠶᠠᠷ ᠤᠨ ᠮᠡᠨᠳᠦᠴᠢᠯᠡᠯ ᠪᠠ ᠢᠷᠦᠭᠡᠯ ᠵᠥᠩᠨᠡᠯ ᠢ ᠬᠦᠷᠭᠡᠵᠡᠢ᠃ | | | | | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ᠂ ᠠᠵᠢᠯᠲᠠᠨ ᠵᠡᠷᠭᠡ ᠪᠠᠶᠢᠳᠠᠯ ᠤᠨ ᠲᠤᠬᠠᠢ ᠬᠠᠷᠢᠯᠴᠠᠨ ᠲᠠᠨᠢᠯᠴᠠᠭᠤᠯᠪᠠ᠃ᠲᠤᠰᠬᠠᠢ ᠮᠡᠷᠭᠡᠵᠢᠯᠲᠡᠨ ᠤ | ᠳᠤᠭᠤᠶᠢᠯᠠᠩ ᠠᠴᠠ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠢ ᠳᠥᠭᠦᠮ ᠲᠦᠳᠡ ᠡᠮᠴᠢᠯᠡᠭᠡᠨ ᠤ | ᠪᠠᠶᠢᠭᠤᠯᠤᠮᠵᠢ ᠯᠤᠭ᠎ᠠ ᠵᠠᠯᠭᠠᠯᠳᠣᠭᠤᠯᠬᠤ ᠥᠬᠡᠢ᠂ ᠪᠢᠳᠡ ᠡᠷᠬᠡᠪᠰᠢ ᠲᠡᠷᠢᠭᠦᠨ ᠤ ᠡᠮᠴᠢᠯᠡᠭᠡᠨ ᠤ ᠮᠡᠷᠭᠡᠵᠢᠯ᠂ ᠲᠡᠷᠢᠭᠦᠨ ᠤ | ᠡᠮᠴᠢᠯᠡᠭᠡᠨ ᠤ ᠣᠶᠢᠯᠠᠭᠠᠭᠳᠠᠬᠤᠨ ᠢ ᠠᠳᠠ ᠠᠪᠠᠴᠢᠬᠤ ᠬᠡᠷᠡᠭᠲᠡᠢ᠃ ᠬᠤᠶᠠᠷ ᠲᠠᠯ᠎ᠠ ᠪᠠᠷ ᠢᠶᠠᠨ ᠢᠯᠡᠭᠦᠬᠡᠨ ᠰᠣᠯᠢᠯᠴᠠᠵᠤ᠂ | ᠢᠯᠡᠭᠦᠬᠡᠨ ᠰᠤᠷᠤᠯᠴᠠᠵᠤ᠂ ᠳᠥᠷᠪᠡᠳ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠲᠥᠯᠥᠭᠡ ᠬᠠᠮᠲᠤ ᠪᠠᠷ | ᠴᠢᠷᠮᠠᠶᠢᠬᠤ ᠬᠡᠷᠡᠭᠲᠡᠢ᠃ | ᠴᠧᠩ ᠭᠤᠸᠠᠩ ᠾᠦᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠨᠥᠬᠦᠷᠯᠡᠯ | ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠪᠡ᠃ᠲᠡᠷᠡ ᠵᠢᠭᠠᠵᠤ ᠭᠠᠷᠭᠠᠭᠰᠠᠨ ᠨᠢ᠂ ᠭᠠᠵᠠᠷ ᠣᠷᠣᠨ ᠤ ᠴᠢᠨᠠᠷᠲᠠᠢ ᠵᠦᠷᠢᠶ᠎ᠡ ᠠᠴᠠ ᠪᠣᠯᠵᠤ᠂ ᠳᠥᠷᠪᠡᠳ | ᠬᠤᠰᠢᠭᠤᠨ ᠤ ᠲᠤᠬᠠᠢ ᠶᠢᠨ ᠭᠠᠵᠠᠷ ᠤᠨ ᠤᠳᠠᠭᠠᠨ ᠴᠢᠨᠠᠷᠲᠠᠢ ᠡᠪᠡᠳᠴᠢᠨ ᠡᠮᠭᠡᠭ ᠨᠡᠯᠢᠶᠡᠳ ᠠᠷᠪᠢᠨ ᠪᠠᠶᠢᠵᠤ᠂ ᠪᠡᠭᠡᠵᠢᠩ | ᠥᠪᠥᠷ ᠮᠣᠩᠭᠤᠯ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ᠋ᠡᠴᠡ ᠨᠡᠰᠢ᠂ ᠲᠤᠬᠠᠢ ᠶᠢᠨ ᠭᠠᠵᠠᠷ ᠤᠨ ᠡᠮᠴᠢᠯᠡᠭᠡᠨ ᠤ | ᠬᠢᠷᠢ ᠬᠡᠮᠵᠢᠶ᠎ᠡ ᠶᠢ ᠪᠦᠲᠦᠮᠵᠢᠲᠡᠢ ᠪᠠᠷ ᠳᠡᠭᠡᠭᠰᠢᠯᠡᠭᠦᠯᠪᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠷ | ᠳᠠᠮᠵᠢᠨ ᠳᠥᠷᠪᠡᠳ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠠᠷᠭ᠎ᠠ ᠠᠪᠴᠠᠯ ᠢ ᠦᠷᠭᠦᠯᠵᠢᠯᠡᠨ ᠬᠡᠷᠡᠭᠵᠢᠭᠦᠯᠵᠦ᠂ ᠨᠡᠩ | ᠣᠯᠠᠨ ᠬᠠᠮᠲᠤᠷᠠᠯᠴᠠᠭ᠎ᠠ ᠰᠣᠯᠢᠯᠴᠠᠭ᠎ᠠ ᠬᠢᠵᠦ᠂ ᠠᠵᠢᠯ ᠲᠥᠷᠥᠯ ᠢᠶᠠᠷ ᠲᠤᠰᠠᠯᠠᠬᠤ ᠠᠵᠢᠯ ᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ | | | | | ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠬᠤᠶᠠᠷ ᠲᠠᠯ᠎ᠠ ᠶᠢᠨ ᠨᠥᠬᠦᠷᠯᠡᠯ ᠢ ᠠᠬᠢᠭᠤᠯᠵᠤ᠂ | ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠬᠠᠮᠲᠤ ᠶᠢᠨ ᠲᠠᠨᠢᠯᠲᠠ ᠶᠢ ᠪᠣᠢ | ᠪᠣᠯᠭᠠᠵᠤ᠂ ᠬᠤᠶᠢᠰᠢᠳᠠ ᠶᠢᠨ ᠠᠵᠢᠯ ᠳᠤ ᠦᠨᠡᠨ ᠬᠣ ᠪᠣᠯᠣᠮᠵᠢᠲᠠᠢ ᠰᠡᠳᠬᠢᠮᠵᠢ ᠣᠯᠭᠤᠵᠠᠢ᠃ ᠬᠤᠷᠠᠯ ᠳᠤ | ᠤᠷᠤᠯᠴᠠᠭᠰᠠᠤᠨ ᠠᠴᠠ᠂ ᠬᠤᠶᠢᠰᠢᠳᠠ ᠥᠨᠳᠥᠷ ᠲᠦᠪᠰᠢᠨ ᠪᠦᠬᠦᠢ ᠰᠢᠯᠢᠳᠡᠭ ᠴᠢᠨᠠᠷᠲᠠᠢ ᠡᠮᠴᠢᠯᠡᠭᠡᠨ ᠤ ᠡᠬᠢ ᠪᠠᠶᠠᠯᠢᠭ ᠤᠨ | 《 ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ 》 ᠪᠠᠷ ᠳᠠᠮᠵᠢᠨ᠂ ᠳᠥᠷᠪᠡᠳ ᠬᠤᠰᠢᠭᠤᠨ ᠳᠤ ᠬᠦᠨᠳᠦ | ᠡᠪᠡᠳᠴᠢᠨ ᠢ ᠬᠤᠰᠢᠭᠤᠨ᠋ᠠ᠋ᠴᠠ ᠪᠠᠨ ᠭᠠᠷᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠣᠯᠠᠨ ᠲᠦᠮᠡᠨ ᠳᠤ | ᠣᠶᠢᠷ᠎ᠠ ᠬᠠᠪᠢ ᠳᠠᠭᠠᠨ ᠡᠷᠬᠡ ᠲᠡᠭᠰᠢ᠂ ᠰᠢᠯᠢᠳᠡᠭ᠂ ᠳᠥᠭᠦᠮ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ ᠭᠡᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠠᠩ ᠯᠢᠦ᠂ | ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ᠂ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤ ᠡᠮᠨᠡᠯᠭᠡ ᠶᠢᠨ | ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠪᠦᠬᠦ | ᠪᠦᠷᠢᠯᠳᠦᠬᠦᠨ᠂ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |