ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠬᠢᠨᠠᠨ ᠵᠥᠪᠯᠡᠪᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/5/29
      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠬᠢᠨᠠᠨ ᠵᠥᠪᠯᠡᠪᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠬᠢᠨᠠᠨ ᠵᠥᠪᠯᠡᠪᠡ᠃        ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃       ᠬᠤᠷᠠᠯ ᠠᠴᠠ᠂ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢ ᠮᠥᠨ ᠃ ᠨᠠᠮ ᠤᠨ ᠲᠥᠪ ᠬᠤᠷᠢᠶ᠎ᠠ ᠶᠢᠨ  ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ  ᠤᠶᠢᠯᠭᠠᠵᠤ᠂ ᠳᠤᠮᠳᠠ ᠣᠷᠣᠨ ᠪᠣᠯ ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ᠂ ᠡᠨᠧᠷᠭᠢ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ  ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠪᠤᠯᠬᠤ  ᠪᠠᠶᠢᠯᠳᠤᠬᠤ ᠪᠣᠳᠣᠯᠭ᠎ᠠ ᠶᠢᠨ  ᠪᠠᠶᠢᠷᠢ ᠲᠣᠭᠲᠠᠭᠠᠯᠲᠠ ᠶᠢ ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠵᠤ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠴᠢᠬᠤᠯᠠ ᠶᠡᠭᠡ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃       ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢ ᠪᠠᠷᠢᠮᠲᠠᠯᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ  ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ  ᠪᠤᠶᠢᠵᠢᠭᠤᠯᠤᠨ  ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ  ᠪᠠᠶᠢᠷᠢᠰᠢᠭᠤᠯᠬᠤ ᠬᠡᠷᠡᠭᠲᠡᠢ᠃ ᠣᠷᠣᠨ  ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ  ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠡᠯᠧᠮᠧᠨᠲ ᠤᠨ ᠥᠨᠳᠥᠷ ᠪᠦᠲᠦᠮᠵᠢᠲᠡᠢ ᠴᠢᠯᠦᠭᠡᠲᠡᠢ ᠳᠥᠭᠦᠮ ᠳᠥᠲᠡ ᠭᠦᠢᠯᠭᠡᠭᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ  ᠪᠠᠶᠢᠷᠢᠰᠢᠯ  ᠳᠤ ᠦᠢᠯᠡᠴᠢᠯᠡᠬᠦ ᠳᠤ ᠨᠡᠩ  ᠰᠠᠶᠢᠳᠤᠷ ᠠᠭᠤᠰᠤᠯᠴᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠵᠡᠰᠬᠦᠯᠡᠩᠲᠦ  ᠰᠠᠶᠢᠬᠠᠨ ᠳᠤᠮᠳᠠ ᠣᠷᠣᠨ ᠢ ᠲᠦᠷᠭᠡᠳᠬᠡᠨ ᠪᠦᠲᠦᠭᠡᠨ  ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ  ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ  ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ  ᠪᠤᠳᠠᠲᠠᠶᠢᠵᠢᠭᠤᠯᠵᠤ᠂ ᠨᠠᠷᠢᠨ ᠲᠠᠩᠰᠠ ᠶᠢᠨ ᠭᠡᠯᠪᠡᠷᠢ ᠪᠠᠷ  ᠨᠠᠶᠢᠳᠠᠪᠤᠷᠢᠵᠢᠭᠤᠯᠤᠯᠲᠠ  ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠱᠠᠨ ᠰᠢ᠂ ᠠᠨᠾᠦ᠋ᠢ᠂ ᠵᠢᠶᠠᠩᠰᠢ᠂ ᠾᠧᠨᠠᠨ᠂ ᠬᠤᠪᠧᠢ᠂ ᠬᠤᠨᠠᠨ ᠵᠡᠷᠭᠡ ᠳᠤᠮᠳᠠ ᠣᠷᠣᠨ ᠤ ᠵᠢᠷᠭᠤᠭᠠᠨ ᠮᠤᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ᠋ ᠡᠭᠦᠷᠭᠡᠯᠡᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ  ᠨᠢᠭᠲᠠᠷᠠᠭᠤᠯᠵᠤ᠂ ᠳᠤᠮᠳᠠ ᠣᠷᠣᠨ ᠤ ᠬᠥᠭᠵᠢᠨ ᠮᠠᠨᠳᠤᠭᠰᠠᠨ ᠰᠢᠨ᠎ᠡ ᠬᠠᠭᠤᠳᠠᠰᠤ ᠶᠢ  ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠤᠨ ᠠᠮᠤᠷ ᠲᠦᠪᠰᠢᠨ᠂ ᠬᠥᠭᠵᠢᠯᠲᠡ ᠶᠢᠨ ᠪᠦᠭᠦ ᠲᠠᠯ᠎ᠠ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠴᠢᠨᠠᠷ  ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠳᠠᠪᠠᠭᠤ ᠴᠢᠬᠤᠯᠠ ᠶᠡᠭᠡ ᠪᠣᠭᠤᠮᠲᠠ ᠪᠣᠯᠣᠨ᠎ᠠ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠲᠣᠭᠲᠠᠭᠠᠨ  ᠨᠡᠶᠢᠲᠡᠯᠡᠭᠰᠡᠨ ᠮᠥᠩᠭᠦᠨ ᠭᠦᠢᠯᠭᠡᠭᠡᠨ ᠤ ᠬᠦᠷᠢᠶᠡᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ  ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ  ᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ  ᠪᠠᠶᠢᠭᠤᠯᠤᠮᠵᠢ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠨᠠᠭᠰᠢᠳᠠ  ᠪᠤᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠵᠥᠪ ᠠᠵᠢᠯ ᠤᠨ ᠠᠮᠵᠢᠯᠲᠠ ᠶᠢᠨ ᠦᠵᠡᠯᠲᠡ ᠲᠠᠢ ᠪᠤᠯᠬᠤ ᠶᠢ ᠱᠠᠯᠠᠪᠳᠠᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ  ᠰᠠᠶᠢᠳᠤᠷ  ᠨᠠᠶᠢᠳᠠᠪᠤᠷᠢᠵᠢᠭᠤᠯᠵᠤ  ᠪᠠᠶᠢᠭ᠎ᠠ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃       ᠬᠤᠷᠠᠯ ᠠᠴᠠ᠂ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ  ᠰᠠᠶᠢᠳᠤᠷ ᠠᠳᠬᠤᠵᠤ᠂ ᠴᠢᠩᠭ᠎ᠠ  ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠣᠷᠢᠭᠲᠠᠢ ᠪᠠᠷ ᠨᠠᠷᠢᠨ ᠬᠢᠨᠠᠮᠠᠭᠠᠢ ᠬᠠᠲᠠᠭᠤ ᠲᠠᠢ ᠬᠠᠯᠳᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠦᠨᠡᠨ ᠬᠠᠮᠢᠶᠠᠷᠴᠤ ᠦᠨᠡᠨ ᠴᠢᠩᠭ᠎ᠠ  ᠪᠠᠶᠢᠯᠭᠠᠵᠤ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠬᠤ᠂ ᠬᠠᠷᠢᠭᠤᠴᠠᠯᠭ᠎ᠠ ᠲᠤᠯᠭᠠᠬᠤ ᠳᠤ ᠵᠠᠪᠠᠯ ᠴᠢᠩᠭ᠎ᠠ ᠪᠠᠶ᠋ᠢᠬᠤ ᠴᠢᠩᠭ᠎ᠠ ᠳᠣᠬᠢᠶ᠎ᠠ ᠶᠢ ᠳᠠᠮᠵᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ︽ᠬᠤᠷᠴᠠ ᠰᠢᠳᠤ︾ ᠲᠠᠢ  ᠪᠠᠶᠢᠯᠭᠠᠬᠤ᠂ ᠥᠨᠴᠥᠭ ᠢᠷᠮᠡᠭ ᠲᠠᠢ  ᠪᠠᠶᠢᠬᠤ ᠶᠢ ᠪᠡᠶᠡᠯᠡᠭᠦᠯᠵᠦ᠂ ᠴᠢᠩᠭ᠎ᠠ  ᠪᠠᠶᠢᠬᠤ ᠦᠨᠳᠦᠰᠦᠨ ᠭᠦᠭ ᠠᠶᠠᠰ᠂ ᠴᠢᠩᠭ᠎ᠠ  ᠪᠠᠶᠢᠬᠤ ᠠᠷᠭ᠎ᠠ ᠬᠡᠮᠵᠢᠶ᠎ᠡ᠂ ᠴᠢᠩᠭ᠎ᠠ  ᠪᠠᠶᠢᠬᠤ ᠠᠭᠤᠷ ᠠᠮᠢᠰᠬᠤᠯ ᠢ ᠮᠥᠩᠭᠦᠨ ᠭᠦᠢᠯᠭᠡᠭᠡᠨ ᠤ ᠬᠦᠷᠢᠶᠡᠨ ᠳᠤ ᠪᠤᠶ ᠪᠤᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠳᠡᠪᠰᠢᠭᠦᠯᠦᠭᠴᠢ᠄  ᠲᠡᠷᠭᠡᠯ      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠳᠤ ᠳᠤᠮᠳᠠ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠬᠢᠨᠠᠨ ᠵᠥᠪᠯᠡᠪᠡ᠃       ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃       ᠬᠤᠷᠠᠯ ᠠᠴᠠ᠂ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢ ᠮᠥᠨ ᠃ ᠨᠠᠮ ᠤᠨ ᠲᠥᠪ ᠬᠤᠷᠢᠶ᠎ᠠ ᠶᠢᠨ  ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ  ᠤᠶᠢᠯᠭᠠᠵᠤ᠂ ᠳᠤᠮᠳᠠ ᠣᠷᠣᠨ ᠪᠣᠯ ᠮᠠᠨ ᠤ ᠤᠯᠤᠰ ᠤᠨ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ᠂ ᠡᠨᠧᠷᠭᠢ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ  ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠪᠤᠯᠬᠤ  ᠪᠠᠶᠢᠯᠳᠤᠬᠤ ᠪᠣᠳᠣᠯᠭ᠎ᠠ ᠶᠢᠨ  ᠪᠠᠶᠢᠷᠢ ᠲᠣᠭᠲᠠᠭᠠᠯᠲᠠ ᠶᠢ ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠵᠤ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠴᠢᠬᠤᠯᠠ ᠶᠡᠭᠡ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃       ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢ ᠪᠠᠷᠢᠮᠲᠠᠯᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ  ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ  ᠪᠤᠶᠢᠵᠢᠭᠤᠯᠤᠨ  ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ  ᠪᠠᠶᠢᠷᠢᠰᠢᠭᠤᠯᠬᠤ ᠬᠡᠷᠡᠭᠲᠡᠢ᠃ ᠣᠷᠣᠨ  ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ  ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠡᠯᠧᠮᠧᠨᠲ ᠤᠨ ᠥᠨᠳᠥᠷ ᠪᠦᠲᠦᠮᠵᠢᠲᠡᠢ ᠴᠢᠯᠦᠭᠡᠲᠡᠢ ᠳᠥᠭᠦᠮ ᠳᠥᠲᠡ ᠭᠦᠢᠯᠭᠡᠭᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ  ᠪᠠᠶᠢᠷᠢᠰᠢᠯ  ᠳᠤ ᠦᠢᠯᠡᠴᠢᠯᠡᠬᠦ ᠳᠤ ᠨᠡᠩ  ᠰᠠᠶᠢᠳᠤᠷ ᠠᠭᠤᠰᠤᠯᠴᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠵᠡᠰᠬᠦᠯᠡᠩᠲᠦ  ᠰᠠᠶᠢᠬᠠᠨ ᠳᠤᠮᠳᠠ ᠣᠷᠣᠨ ᠢ ᠲᠦᠷᠭᠡᠳᠬᠡᠨ ᠪᠦᠲᠦᠭᠡᠨ  ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ  ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ  ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ  ᠪᠤᠳᠠᠲᠠᠶᠢᠵᠢᠭᠤᠯᠵᠤ᠂ ᠨᠠᠷᠢᠨ ᠲᠠᠩᠰᠠ ᠶᠢᠨ ᠭᠡᠯᠪᠡᠷᠢ ᠪᠠᠷ  ᠨᠠᠶᠢᠳᠠᠪᠤᠷᠢᠵᠢᠭᠤᠯᠤᠯᠲᠠ  ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠱᠠᠨ ᠰᠢ᠂ ᠠᠨᠾᠦ᠋ᠢ᠂ ᠵᠢᠶᠠᠩᠰᠢ᠂ ᠾᠧᠨᠠᠨ᠂ ᠬᠤᠪᠧᠢ᠂ ᠬᠤᠨᠠᠨ ᠵᠡᠷᠭᠡ ᠳᠤᠮᠳᠠ ᠣᠷᠣᠨ ᠤ ᠵᠢᠷᠭᠤᠭᠠᠨ ᠮᠤᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ᠋ ᠡᠭᠦᠷᠭᠡᠯᠡᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ  ᠨᠢᠭᠲᠠᠷᠠᠭᠤᠯᠵᠤ᠂ ᠳᠤᠮᠳᠠ ᠣᠷᠣᠨ ᠤ ᠬᠥᠭᠵᠢᠨ ᠮᠠᠨᠳᠤᠭᠰᠠᠨ ᠰᠢᠨ᠎ᠡ ᠬᠠᠭᠤᠳᠠᠰᠤ ᠶᠢ  ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠤᠨ ᠠᠮᠤᠷ ᠲᠦᠪᠰᠢᠨ᠂ ᠬᠥᠭᠵᠢᠯᠲᠡ ᠶᠢᠨ ᠪᠦᠭᠦ ᠲᠠᠯ᠎ᠠ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠴᠢᠨᠠᠷ  ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠳᠠᠪᠠᠭᠤ ᠴᠢᠬᠤᠯᠠ ᠶᠡᠭᠡ ᠪᠣᠭᠤᠮᠲᠠ ᠪᠣᠯᠣᠨ᠎ᠠ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾  ᠢ ᠲᠣᠭᠲᠠᠭᠠᠨ  ᠨᠡᠶᠢᠲᠡᠯᠡᠭᠰᠡᠨ ᠮᠥᠩᠭᠦᠨ ᠭᠦᠢᠯᠭᠡᠭᠡᠨ ᠤ ᠬᠦᠷᠢᠶᠡᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ  ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ  ᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ  ᠪᠠᠶᠢᠭᠤᠯᠤᠮᠵᠢ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠨᠠᠭᠰᠢᠳᠠ  ᠪᠤᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠵᠥᠪ ᠠᠵᠢᠯ ᠤᠨ ᠠᠮᠵᠢᠯᠲᠠ ᠶᠢᠨ ᠦᠵᠡᠯᠲᠡ ᠲᠠᠢ ᠪᠤᠯᠬᠤ ᠶᠢ ᠱᠠᠯᠠᠪᠳᠠᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ  ᠰᠠᠶᠢᠳᠤᠷ  ᠨᠠᠶᠢᠳᠠᠪᠤᠷᠢᠵᠢᠭᠤᠯᠵᠤ  ᠪᠠᠶᠢᠭ᠎ᠠ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃       ᠬᠤᠷᠠᠯ ᠠᠴᠠ᠂ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ  ᠰᠠᠶᠢᠳᠤᠷ ᠠᠳᠬᠤᠵᠤ᠂ ᠴᠢᠩᠭ᠎ᠠ  ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠣᠷᠢᠭᠲᠠᠢ ᠪᠠᠷ ᠨᠠᠷᠢᠨ ᠬᠢᠨᠠᠮᠠᠭᠠᠢ ᠬᠠᠲᠠᠭᠤ ᠲᠠᠢ ᠬᠠᠯᠳᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠦᠨᠡᠨ ᠬᠠᠮᠢᠶᠠᠷᠴᠤ ᠦᠨᠡᠨ ᠴᠢᠩᠭ᠎ᠠ  ᠪᠠᠶᠢᠯᠭᠠᠵᠤ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠬᠤ᠂ ᠬᠠᠷᠢᠭᠤᠴᠠᠯᠭ᠎ᠠ ᠲᠤᠯᠭᠠᠬᠤ ᠳᠤ ᠵᠠᠪᠠᠯ ᠴᠢᠩᠭ᠎ᠠ ᠪᠠᠶ᠋ᠢᠬᠤ ᠴᠢᠩᠭ᠎ᠠ ᠳᠣᠬᠢᠶ᠎ᠠ ᠶᠢ ᠳᠠᠮᠵᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ︽ᠬᠤᠷᠴᠠ ᠰᠢᠳᠤ︾ ᠲᠠᠢ  ᠪᠠᠶᠢᠯᠭᠠᠬᠤ᠂ ᠥᠨᠴᠥᠭ ᠢᠷᠮᠡᠭ ᠲᠠᠢ  ᠪᠠᠶᠢᠬᠤ ᠶᠢ ᠪᠡᠶᠡᠯᠡᠭᠦᠯᠵᠦ᠂ ᠴᠢᠩᠭ᠎ᠠ  ᠪᠠᠶᠢᠬᠤ ᠦᠨᠳᠦᠰᠦᠨ ᠭᠦᠭ ᠠᠶᠠᠰ᠂ ᠴᠢᠩᠭ᠎ᠠ  ᠪᠠᠶᠢᠬᠤ ᠠᠷᠭ᠎ᠠ ᠬᠡᠮᠵᠢᠶ᠎ᠡ᠂ ᠴᠢᠩᠭ᠎ᠠ  ᠪᠠᠶᠢᠬᠤ ᠠᠭᠤᠷ ᠠᠮᠢᠰᠬᠤᠯ ᠢ ᠮᠥᠩᠭᠦᠨ ᠭᠦᠢᠯᠭᠡᠭᠡᠨ ᠤ ᠬᠦᠷᠢᠶᠡᠨ ᠳᠤ ᠪᠤᠶ ᠪᠤᠯᠭᠠᠬᠤ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠳᠡᠪᠰᠢᠭᠦᠯᠦᠭᠴᠢ᠄  ᠲᠡᠷᠭᠡᠯ 
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2