ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/5/30
      ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ                5 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠡᠭ ᠤᠨ ᠬᠠᠲᠤᠨ ᠭᠤᠣᠯ ᠤᠨ《ᠲᠤᠬᠤᠢ》 ᠶᠢᠨ ᠬᠦᠭᠵᠢᠯᠲᠡ ᠳᠠᠶᠢᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠰᠣᠨᠣᠰᠴᠤ᠂ ᠤᠮᠠᠷᠠᠲᠤ ᠬᠢᠯᠢ ᠶᠢᠨ ᠰᠣᠶᠣᠯ᠂ ᠭᠤᠣᠯᠳᠠᠯᠭ᠎ᠠ ᠲᠠᠢ ᠲᠥᠷᠥᠯ ᠵᠦᠢᠯ᠂ ᠴᠢᠳᠠᠪᠤᠷᠢᠲᠠᠨ ᠣᠷᠣᠭᠤᠯᠵᠤ ᠢᠷᠡᠬᠦ ᠵᠡᠷᠭᠡ ᠠᠵᠢᠯ ᠢ ᠰᠤᠳᠤᠯᠤᠭᠰᠠᠨ ᠪᠠᠶᠢᠨ᠎ᠠ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ  ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠬᠤᠷᠠᠯ ᠳᠤ ᠤᠷᠤᠯᠴᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ    ᠷᠧᠨ ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2