ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠳᠥᠷᠪᠡᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ — ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠵᠤ ᠥᠷᠭᠡᠨ ᠣᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠣᠯᠭᠤᠬᠤ ᠠᠵᠢᠯ ᠤᠨ | ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠮᠥᠨ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ᠂ ᠵᠠᠬ᠎ᠠ | ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ | ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠢᠯ | ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠮᠦᠸᠧ ᠷᠦᠩ ᠰᠤᠳᠤᠯᠤᠭᠴᠢ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ | ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ ᠲᠤᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ᠂ | ᠤᠯᠤᠰ ᠤᠨ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠨ᠎ᠠ᠃ ᠨᠠᠮ ᠤᠨ ᠠᠷᠪᠠᠨ ᠨᠠᠶᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯ ᠣᠯᠭᠤᠯᠲᠠ ᠶᠢᠨ ᠠᠵᠢᠯ ᠢ ᠲᠦᠷᠦ ᠶᠢ ᠵᠠᠰᠠᠵᠤ ᠵᠠᠰᠠᠭ ᠢ | ᠡᠷᠭᠢᠯᠡᠭᠦ ᠳᠤᠪᠤᠶᠢᠮ᠎ᠠ ᠪᠡᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ | ᠵᠦᠢᠯ ᠤᠨ ᠳᠠᠷᠤᠯᠲᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ | ᠠᠵᠢᠯ ᠣᠯᠭᠤᠯᠲᠠ ᠵᠢᠯ ᠳᠤᠮᠳᠠᠴᠢ ᠪᠠᠷ 1300 ᠲᠦᠮᠡᠨ ᠬᠥᠮᠥᠨ ᠳᠤ ᠬᠦᠷᠴᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠪᠠ᠃ ᠦᠢᠯᠡᠳᠦᠯᠭᠡ ᠶᠢᠨ | ᠳᠤᠮᠳᠠ ᠰᠢᠨ᠎ᠡ ᠴᠠᠭ ᠦᠶ᠎ᠡ ᠶᠢᠨ ᠠᠵᠢᠯ ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ᠃ ᠡᠭᠦᠨ ᠳᠤ ᠭᠤᠣᠯᠳᠠᠭᠤ᠄ | ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠦᠨᠳᠦᠰᠦ ᠪᠤᠯᠭᠠᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠭᠡᠷᠡᠭᠵᠢᠭᠦᠯᠦᠨ᠎ᠡ︔ ᠬᠥᠭᠵᠢᠯᠲᠡ ᠳᠤ ᠲᠦᠰᠢᠭᠯᠡᠨ | ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠪᠠ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠤᠶᠠᠯᠳᠤᠭᠤᠯᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ | ᠬᠥᠮᠥᠰ ᠤᠨ ᠠᠵᠢᠯ ᠣᠯᠭᠤᠯᠲᠠ ᠶᠢ ᠳᠤᠪᠤᠶᠢᠯᠭᠠᠨ ᠰᠠᠶᠢᠳᠤᠷ ᠠᠳᠬᠤᠬᠤ ᠶᠢ ᠪᠠᠷᠢᠮᠲᠠᠯᠠᠨ᠎ᠠ︔ ᠦᠢᠯᠡᠰ ᠪᠣᠰᠬᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠎ᠠ︔ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ | ᠪᠤᠢ ᠪᠤᠯᠭᠠᠬᠤ ᠶᠢ ᠪᠠᠷᠢᠮᠲᠠᠯᠠᠨ᠎ᠠ︔ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ | ᠪᠠᠷᠢᠮᠲᠠᠯᠠᠬᠤ ᠵᠡᠷᠭᠡ ᠪᠠᠭᠲᠠᠨ᠎ᠠ᠃ ᠡᠳᠡᠭᠡᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠂ ᠤᠷᠳᠤ | ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ᠂ ᠨᠡᠩ | ᠢᠯᠡᠭᠦᠦ ᠤᠬᠠᠮᠰᠠᠷ ᠠᠴᠠ ᠪᠠᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ | ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠠᠪᠤᠴᠠ ᠪᠤᠯᠭᠠᠵᠤ᠂ ᠬᠥᠭᠵᠢᠯᠲᠡ ᠪᠠᠷ ᠠᠵᠢᠯ ᠣᠯᠭᠤᠯᠲᠠ ᠶᠢ | ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠢᠷᠡᠭᠡᠳᠦᠢ ᠶᠢᠨ ᠠᠵᠤ | ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ | ᠬᠡᠷᠡᠭᠲᠡᠢ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ | ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ ᠪᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ | ᠡᠷᠡᠮᠡᠯᠵᠡᠯ ᠢ ᠦᠨᠳᠦᠰᠦᠯᠡᠨ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠠᠵᠢᠯ | ᠮᠡᠷᠭᠡᠵᠢᠯ ᠤᠨ ᠰᠢᠨ᠎ᠡ ᠴᠤᠪᠤᠷᠠᠯ ᠢ ᠢᠳᠡᠪᠬᠢᠲᠡᠢ ᠪᠠᠷ ᠠᠭᠤᠳᠠᠯᠬᠤ ᠪᠠ ᠪᠤᠶᠢᠵᠢᠭᠤᠯᠵᠤ ᠠᠵᠢᠯ ᠣᠯᠭᠤᠯᠲᠠ ᠶᠢᠨ ᠰᠢᠨ᠎ᠡ | ᠨᠡᠮᠡᠭᠳᠡᠯ ᠤᠨ ᠴᠡᠭ ᠢ ᠨᠡᠭᠡᠭᠡᠨ ᠬᠥᠭᠵᠢᠭᠦᠯᠬᠦ ᠬᠡᠷᠡᠭᠲᠡᠢ᠃ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ ᠶᠡᠭᠡ | ᠲᠦᠷᠦᠯ ᠵᠦᠢᠯ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠠᠵᠢᠯ ᠣᠯᠭᠤᠯᠲᠠ ᠳᠤ ᠦᠵᠡᠭᠦᠯᠭᠦ | ᠨᠥᠯᠥᠭᠡ ᠶᠢ ᠦᠨᠡᠯᠡᠨ ᠵᠢᠰᠢᠬᠦ ᠶᠢ ᠴᠢᠩᠭᠠᠳᠬᠠᠵᠤ᠂ ᠡᠳ᠋ ᠤᠨ ᠵᠠᠰᠠᠭ᠂ ᠵᠣᠭᠤᠰ᠂ ᠪᠡᠯᠡ ᠣᠷᠣᠭᠤᠯᠤᠯᠲᠠ᠂ ᠬᠡᠷᠡᠭᠯᠡᠭᠡ᠂ | ᠠᠵᠤ ᠦᠢᠯᠡᠰ᠂ ᠣᠷᠣᠨ ᠪᠦᠰᠡ ᠵᠡᠷᠭᠡ ᠶᠢᠨ ᠲᠦᠷᠦ ᠶᠢᠨ ᠪᠣᠳᠣᠯᠭ᠎ᠠ ᠶᠢ ᠠᠵᠢᠯ ᠣᠯᠭᠤᠯᠲᠠ ᠶᠢᠨ ᠲᠦᠷᠦ ᠶᠢᠨ | ᠪᠣᠳᠣᠯᠭ᠎ᠠ ᠯᠤᠭ᠎ᠠ ᠵᠣᠬᠢᠴᠠᠭᠤᠯᠤᠨ ᠬᠤᠯᠪᠣᠯᠳᠤᠭᠤᠯᠵᠤ᠂ ᠠᠳᠠᠯᠢ ᠴᠢᠭᠯᠡᠯ ᠢᠶᠠᠷ ᠬᠦᠴᠦᠯᠡᠨ᠂ ᠠᠵᠢᠯ ᠣᠯᠭᠤᠯᠲᠠ ᠶᠢᠨ | ᠨᠥᠭᠦᠷᠰᠡᠭ ᠭᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠪ ᠪᠣᠯᠪᠠᠰᠤᠷᠠᠯ ᠰᠢᠯᠢᠳᠡᠭ ᠰᠠᠶᠢᠨ᠂ ᠶᠡᠷᠦᠩᠬᠡᠢ ᠬᠡᠮᠵᠢᠶ᠎ᠡ ᠶᠡᠭᠡ᠂ ᠪᠦᠲᠦᠴᠡ ᠰᠢᠯᠢᠳᠡᠭ᠂ | ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠤᠯᠭᠠᠵᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠵᠣᠬᠢᠴᠠᠬᠤ ᠦᠭᠡᠢ ᠪᠠᠶᠢᠬᠤ ᠡᠨᠡ ᠬᠦ ᠪᠦᠲᠦᠴᠡ ᠶᠢᠨ ᠴᠢᠨᠠᠷᠲᠠᠢ | ᠠᠵᠢᠯ ᠣᠯᠭᠤᠯᠲᠠ ᠶᠢᠨ ᠵᠥᠷᠢᠴᠡᠯ ᠢ ᠰᠠᠶᠢᠳᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ᠂ | ᠬᠥᠮᠥᠨ ᠤ ᠬᠦᠴᠦᠨ ᠤ ᠡᠬᠢ ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠣᠯᠣᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠳᠤᠷ | ᠠᠳᠬᠤᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ ᠤᠨ | ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠶᠡᠭᠡ ᠪᠠᠷ ᠬᠥᠭᠵᠢᠭᠦᠯᠵᠦ᠂ ᠨᠠᠰᠤᠨ ᠲᠤᠷᠰᠢ ᠶᠢᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ | ᠳᠦᠷᠢᠮ ᠢ ᠪᠦᠷᠢᠨᠰᠢᠭᠦᠯᠬᠦ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠥᠮᠥᠨ ᠪᠠ ᠠᠵᠢᠯ ᠤᠨ ᠪᠠᠶᠢᠷᠢ ᠬᠠᠷᠢᠯᠴᠠᠨ ᠲᠣᠬᠢᠷᠠᠯᠴᠠᠬᠤ᠂ ᠬᠥᠮᠥᠨ ᠤ ᠳᠠᠪᠠᠭᠤᠯᠢᠭ ᠲᠠᠯ᠎ᠠ ᠶᠢ ᠮᠡᠳᠡᠷᠡᠵᠦ ᠬᠡᠷᠡᠭᠯᠡᠬᠦ᠂ | ᠬᠥᠮᠥᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ | ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ | ᠨᠡᠶᠢᠭᠡᠮ ᠤᠨ ᠠᠵᠢᠯ ᠣᠯᠭᠤᠯᠲᠠ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ ᠬᠥᠲᠥᠯᠥᠨ ᠵᠢᠯᠤᠭᠤᠳᠴᠤ᠂ | ᠠᠵᠢᠯ ᠰᠣᠩᠭᠤᠬᠤ ᠰᠢᠨ᠎ᠡ ᠤᠶᠢᠯᠭᠠᠭᠳᠠᠬᠤᠨ ᠢᠶᠠᠷ ᠠᠵᠢᠯ ᠣᠯᠭᠤᠯᠲᠠ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ | ᠵᠠᠷᠢᠮ ᠠᠵᠢᠯ ᠲᠥᠷᠥᠯ ᠳᠠᠬᠢ ᠠᠵᠢᠯᠴᠢᠨ ᠳᠤᠲᠠᠭᠳᠠᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ︽ᠠᠵᠢᠯ ᠪᠠᠶᠢᠬᠤ ᠳᠤ | ᠬᠢᠬᠦ ᠬᠥᠮᠥᠨ ᠦᠭᠡᠢ︾ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ︽ᠬᠥᠮᠥᠨ ᠪᠠᠶᠢᠪᠠᠴᠤ ᠬᠢᠬᠦ ᠠᠵᠢᠯ ᠦᠭᠡᠢ︾ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠣᠯᠭᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠤᠬᠰᠠᠨ ᠵᠦᠢᠯ ᠪᠠ | ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ᠂ ᠵᠠᠯᠠᠭᠤᠴᠤᠳ ᠤᠨ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠲᠤ ᠪᠣᠯᠣᠨ | ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠢᠯ ᠣᠯᠬᠤ ᠦᠢᠯᠡᠰ ᠪᠣᠰᠬᠠᠬᠤ ᠳᠤ ᠣᠷᠤᠯᠴᠠᠬᠤ ᠶᠢ ᠵᠣᠷᠢᠭᠵᠢᠭᠤᠯᠵᠤ᠂ | ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠲᠠᠢ ᠤᠶᠠᠯᠳᠤᠭᠤᠯᠤᠨ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠤᠨ ᠤᠶᠢᠷ᠎ᠠ | ᠬᠠᠪᠢ ᠳᠠᠭᠠᠨ ᠠᠵᠢᠯ ᠣᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠬᠥᠯᠥᠰᠦᠨ ᠲᠠᠷᠢᠶᠠᠴᠢᠨ ᠤ ᠠᠵᠢᠯ ᠣᠯᠣᠯᠲᠠ ᠶᠢ ᠠᠬᠢᠭᠤᠯᠵᠤ᠂ ᠭᠠᠳᠠᠭᠰᠢ ᠭᠠᠷᠤᠭᠰᠠᠨ | ᠴᠢᠳᠠᠪᠤᠷᠢᠲᠠᠨ ᠤ ᠨᠤᠲᠤᠭ ᠲᠠᠭᠠᠨ ᠪᠤᠴᠠᠵᠤ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ | ᠬᠥᠲᠥᠯᠥᠨ ᠵᠢᠯᠤᠭᠤᠳᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠯᠥᠰᠦᠨ ᠠᠵᠢᠯ ᠬᠢᠬᠦ | ᠬᠡᠪᠴᠢᠶ᠎ᠡ ᠪᠠ ᠬᠥᠯᠥᠰᠦᠨ ᠠᠵᠢᠯ ᠬᠢᠭᠰᠡᠨ ᠣᠷᠣᠯᠭ᠎ᠠ ᠶᠢ ᠲᠣᠭᠲᠠᠪᠤᠷᠢᠵᠢᠭᠤᠯᠵᠤ᠂ ᠠᠵᠢᠯ ᠠᠯᠳᠠᠭᠰᠠᠨ ᠠᠴᠠ ᠪᠣᠯᠵᠤ | ᠬᠡᠪᠴᠢᠶᠡᠵᠢᠯ ᠤᠨ ᠴᠢᠨᠠᠷᠲᠠᠢ ᠪᠠᠷ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ᠃ ᠨᠠᠰᠤ ᠠᠬᠢᠭᠰᠠᠨ᠂ ᠵᠡᠮᠳᠡᠭ | ᠪᠣᠯᠤᠭᠰᠠᠨ᠂ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ | ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠨᠢᠭᠡᠳᠦᠯᠲᠡᠢ ᠲᠥᠯᠥᠪᠵᠢᠭᠦᠯᠦᠨ ᠰᠠᠶᠢᠳᠤᠷ ᠬᠡᠷᠡᠭᠯᠡᠵᠦ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠦᠭᠡᠢ ᠪᠤᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠴᠡᠷᠢᠭ ᠤᠨ ᠠᠯᠪᠠᠨ ᠠᠴᠠ ᠪᠠᠭᠤᠭᠰᠠᠳ᠂ ᠡᠮᠡᠭᠲᠡᠶ᠋ᠢᠴᠦᠳ ᠵᠡᠷᠭᠡ ᠬᠥᠮᠥᠰ ᠲᠤ | ᠠᠵᠢᠯ ᠣᠯᠭᠤᠬᠤ ᠠᠵᠢᠯ ᠢ ᠰᠠᠶᠢᠳᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯ ᠣᠯᠭᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠢ | ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠲᠡᠢ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠦᠢᠯᠡᠰ ᠪᠣᠰᠬᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠰ ᠪᠣᠰᠬᠠᠬᠤ ᠶᠠᠰᠤ ᠴᠢᠨᠠᠷ ᠢ | ᠳᠡᠭᠡᠭᠰᠢᠯᠡᠭᠦᠯᠭᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ ᠵᠢᠷᠤᠮᠵᠢᠬᠰᠠᠨ ᠵᠠᠬ᠎ᠠ | ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ | ᠪᠤᠯᠭᠠᠵᠤ᠂ ᠬᠥᠮᠥᠨ ᠪᠦᠭᠦᠨ ᠢ ᠴᠥᠮ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠳᠠᠮᠵᠢᠨ ᠲᠤᠰ ᠪᠡᠶ᠎ᠡ ᠶᠢᠨ | ᠬᠥᠭᠵᠢᠯᠲᠡ ᠪᠠᠨ ᠪᠡᠶᠡᠯᠡᠭᠦᠯᠬᠦ ᠲᠣᠭᠢᠶᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠠᠵᠢᠯ | ᠣᠯᠭᠤᠯᠲᠠ ᠶᠢᠨ ᠭᠦᠳᠡᠯᠮᠦᠷᠢ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | ᠠᠮᠢᠳᠤᠯᠢᠭ ᠠᠵᠢᠯ ᠣᠯᠭᠤᠯᠲᠠ ᠪᠠ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠡᠷᠬᠡ | ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ | ᠥᠷᠭᠡᠳᠬᠡᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦ᠋ᠩᠨᠡᠵᠦ᠂ ᠳᠦᠷᠢᠮ ᠢ ᠪᠦᠷᠢᠯᠳᠦᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠴᠠᠯᠢᠩ ᠥᠷᠢᠲᠦᠬᠦ ᠳᠠᠭᠠᠳᠬᠠᠯ | ᠥᠷᠢᠲᠦᠬᠦ᠂ ᠬᠠᠤᠯᠢ ᠶᠢ ᠵᠥᠷᠢᠴᠡᠨ ᠠᠵᠢᠯᠲᠠᠨ ᠢ ᠬᠠᠰᠤᠬᠤ ᠵᠡᠷᠭᠡ ᠰᠠᠮᠠᠭᠤᠨ ᠦᠵᠡᠭᠳᠡᠯ ᠢ ᠪᠦᠲᠦᠮᠵᠢᠲᠡᠢ ᠵᠠᠰᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ | ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠳᠦᠷᠢᠮ ᠲᠣᠭᠲᠠᠴᠠ ᠪᠠᠨ ᠪᠦᠷᠢᠨᠰᠢᠭᠦᠯᠵᠦ᠂ ᠠᠵᠢᠯ ᠤᠨ ᠬᠠᠮᠲᠤᠷᠠᠯ ᠬᠦᠴᠦᠨ ᠢᠶᠠᠨ | ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠤᠨᠤᠯ ᠤᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ | ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠡᠪᠰᠢᠭᠦᠯᠦᠭᠴᠢ᠄ ᠲᠡᠷᠭᠡᠯ | |