ᠬᠤᠰᠢᠭᠤ ᠤᠯᠠᠭᠠᠨᠮᠥ᠋ᠴᠢᠷ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠭᠦᠨᠵᠡᠭᠡᠶᠢᠷᠡᠨ ᠠᠯᠪᠠᠨ ᠵᠢᠷᠤᠮ ᠤᠨ ᠲᠣᠭᠯᠠᠯᠲᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/5/6
      ᠬᠤᠰᠢᠭᠤ ᠤᠯᠠᠭᠠᠨᠮᠥ᠋ᠴᠢᠷ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠭᠦᠨᠵᠡᠭᠡᠶᠢᠷᠡᠨ ᠠᠯᠪᠠᠨ ᠵᠢᠷᠤᠮ ᠤᠨ ᠲᠣᠭᠯᠠᠯᠲᠠ ᠦᠷᠨᠢᠭᠦᠯᠦᠭᠰᠡᠨ               ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠬᠢᠯᠢ ᠬᠢᠵᠠᠭᠠᠷ ᠢ ᠪᠠᠲᠤᠯᠠᠨ ᠬᠠᠮᠠᠭᠠᠯᠠᠬᠤ ᠠᠵᠢᠯ ᠳᠤᠮᠳᠠᠬᠢ 《 ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ 》 ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ ᠤᠯᠠᠭᠠᠨᠮᠥ᠋ᠴᠢᠷ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠭᠦᠨᠵᠡᠭᠡᠶᠢᠷᠡᠨ ᠠᠯᠪᠠᠨ ᠵᠢᠷᠤᠮ ᠤᠨ ᠲᠣᠭᠯᠠᠯᠲᠠ ᠭᠠᠷᠭᠠᠭᠰᠠᠨ ᠪᠠᠶᠢᠨ᠎ᠠ᠃       ᠲᠤᠰ ᠤᠳᠠᠭᠠᠨ ᠤ ᠲᠣᠭᠯᠠᠯᠲᠠ ᠨᠢ ᠴᠡᠷᠢᠭ ᠠᠷᠠᠳ ᠢᠶᠠᠨ ᠬᠠᠶᠢᠷᠠᠯᠠᠵᠤ᠂ ᠠᠷᠠᠳ ᠴᠡᠷᠢᠭ ᠢᠶᠠᠨ ᠬᠦᠷᠢᠶᠡᠯᠡᠵᠦ᠂ ᠵᠢᠭᠠᠰᠤ ᠤᠰᠤᠨ ᠤ ᠵᠤᠵᠠᠭᠠᠨ ᠬᠠᠶᠢᠷ᠎ᠠ ᠰᠡᠳᠬᠢᠯᠭᠡ ᠶᠢ ᠲᠤᠰᠬᠠᠵᠤ᠂ ᠴᠡᠷᠢᠭ ᠠᠷᠠᠳ ᠪᠦᠯᠬᠦᠮᠳᠡᠨ᠂ ᠡᠶ᠎ᠡ ᠵᠣᠬᠢᠴᠠᠯᠲᠤ ᠨᠡᠶᠢᠭᠡᠮ ᠢ ᠬᠠᠮᠲᠤᠪᠠᠷ ᠪᠠᠶᠢᠭᠤᠯᠬᠤ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠵᠡᠢ᠃       ᠳᠠᠷᠠᠭᠠᠴᠢ ᠶᠢᠨ ᠠᠯᠬᠤᠮ ᠳᠤ᠂ ᠬᠤᠰᠢᠭᠤ ᠤᠯᠠᠭᠠᠨᠮᠦ᠋ᠴᠢᠷ ᠨᠢ ᠦᠷᠭᠦᠯᠵᠢᠯᠡᠨ 《 ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠪᠠᠲᠤ ᠢᠲᠡᠭᠡᠯ ᠢ ᠪᠠᠷᠢᠮᠲᠠᠯᠠᠵᠤ᠂ ᠣᠯᠠᠨ ᠡᠰᠢᠴᠢᠯᠡᠭᠰᠡᠨ ᠲᠣᠭᠯᠠᠯᠲᠠ ᠪᠣᠯᠤᠨ ᠴᠡᠷᠢᠭ ᠠᠷᠠᠳ ᠬᠠᠮᠲᠤᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠠᠷᠠᠳ ᠤᠨ ᠪᠦᠯᠬᠦᠮᠳᠡᠯ ᠤᠨ ᠭᠤᠣᠯ ᠰᠡᠳᠦᠪ ᠢ ᠲᠤᠰᠬᠠᠭᠰᠠᠨ ᠨᠡᠩ ᠣᠯᠠᠨ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠬᠦᠴᠦᠯᠡᠨ ᠡᠭᠦᠳᠴᠦ᠂ ᠤᠯᠠᠭᠠᠨᠮᠦ᠋ᠴᠢᠷ ᠤᠨ 《 ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ 》 ᠤᠨ ᠮᠥᠨ ᠴᠢᠨᠠᠷ ᠢ ᠡᠭᠦᠷᠢᠳᠡ ᠬᠠᠳᠠᠭᠠᠯᠠᠵᠤ᠂ ᠨᠠᠮ ᠤᠨ ᠬᠠᠶᠢᠷ᠎ᠠ ᠬᠠᠯᠠᠮᠵᠢ ᠶᠢ ᠴᠡᠷᠢᠭ ᠤᠨ ᠬᠤᠸᠠᠷᠠᠨ᠂ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠲᠤ ᠳᠠᠮᠵᠢᠭᠤᠯᠵᠤ ᠥᠭᠭᠦᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠴᠧᠨ ᠯᠢᠨ   ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2