ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ ᠂ ᠲᠠᠯ᠎ᠠ ᠨᠤᠲᠤᠭ ᠤᠨ ᠠᠮᠢ ᠠᠬᠤᠢ ᠶᠢ ᠰᠠᠶᠢᠲᠤᠷ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/5/6
      ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ ᠂ ᠲᠠᠯ᠎ᠠ ᠨᠤᠲᠤᠭ ᠤᠨ ᠠᠮᠢ ᠠᠬᠤᠢ ᠶᠢ ᠰᠠᠶᠢᠲᠤᠷ ᠰᠠᠶᠢᠵᠢᠷᠠᠭᠤᠯᠤᠨ᠎ᠠ               ᠣᠶᠢᠷ᠎ᠠ ᠶᠢᠨ ᠵᠢᠯ ᠠᠴᠠ᠂ ᠮᠠᠨ ᠤ ᠬᠤᠰᠢᠭᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ ᠠᠵᠢᠯ ᠢ ᠢᠳᠡᠪᠬᠢᠲᠡᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠦᠴᠦᠲᠡᠢ ᠠᠬᠢᠭᠤᠯᠵᠤ᠂ ᠪᠦᠬᠦ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠪᠣᠯᠭᠠᠨ ᠪᠠᠶᠢᠭᠤᠯᠤᠭᠰᠠᠨ ᠪᠠᠶᠢᠨ᠎ᠠ ᠃        ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠲᠠᠯᠠᠪᠠᠢ 3091.31 ᠲᠦᠮᠡᠨ  ᠮᠦ ᠪᠠᠶᠢᠵᠤ᠂ ᠡᠭᠦᠨ ᠳᠤ ᠪᠠᠶᠢᠭᠠᠯᠢᠯᠢᠭ ᠪᠡᠯᠴᠢᠭᠡᠷ ᠤᠨ ᠲᠠᠯᠠᠪᠠᠢ 3068.16 ᠲᠦᠮᠡᠨ ᠮᠦ᠂ ᠪᠤᠰᠤᠳ ᠨᠤᠲᠤᠭ ᠪᠡᠯᠴᠢᠭᠡᠷ ᠤᠨ ᠲᠠᠯᠠᠪᠠᠢ 23.14 ᠲᠦᠮᠡᠨ ᠮᠦ᠂ ᠪᠦᠬᠦ ᠬᠤᠰᠢᠭᠤᠨ ᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ 1933.6 ᠲᠦᠮᠡᠨ ᠮᠦ ᠪᠣᠢ᠃        ᠲᠤᠰ ᠤᠳᠠᠭᠠᠨ ᠤ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠳᠤ ᠭᠤᠣᠯᠳᠠᠭᠤ ᠲᠣᠣᠷᠯᠠᠨ ᠪᠢᠲᠡᠭᠦᠮᠵᠢᠯᠡᠬᠦ ᠪᠠ ᠰᠢᠯᠵᠢᠭᠦᠯᠦᠨ ᠤᠷᠭᠤᠭᠤᠯᠬᠤ ᠶᠢ ᠤᠶᠠᠯᠳᠤᠭᠤᠯᠤᠨ᠂ ᠢᠷᠡᠬᠦ ᠵᠢᠯ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 15 ︱ 20% ᠪᠠᠷ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠢᠯᠡᠷᠬᠡᠢ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠠᠮᠰᠢᠭ᠋ ᠠᠴᠠ ᠪᠣᠯᠤᠭᠰᠠᠨ ᠬᠤᠬᠢᠷᠠᠯ ᠢ ᠢᠯᠡᠳᠲᠡ ᠪᠠᠭᠤᠷᠠᠭᠤᠯᠤᠨ᠂ ᠨᠤᠲᠤᠭ ᠪᠡᠯᠴᠢᠭᠡᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠴᠦᠰ ᠲᠡᠭᠡᠨ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠬᠤᠣᠰ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠭᠦᠯᠦᠨ᠎ᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠰᠣᠷᠣᠨ᠎ᠠ   ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2