ᠲᠥᠯᠥᠪᠦᠷᠢ ᠦᠭᠡᠢ ᠨᠣᠭᠤᠭ᠎ᠠ ᠶᠢᠨ ᠦᠷ᠎ᠡ ᠶᠢ ᠲᠠᠷᠬᠠᠭᠠᠵᠤ᠂ ᠭᠤᠶᠣ ᠰᠠᠶᠢᠬᠠᠨ ᠬᠦᠷᠢᠶ᠎ᠡ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2024/5/8
      ᠲᠥᠯᠥᠪᠦᠷᠢ ᠦᠭᠡᠢ ᠨᠣᠭᠤᠭ᠎ᠠ ᠶᠢᠨ ᠦᠷ᠎ᠡ ᠶᠢ ᠲᠠᠷᠬᠠᠭᠠᠵᠤ᠂ ᠭᠤᠶᠣ ᠰᠠᠶᠢᠬᠠᠨ ᠬᠦᠷᠢᠶ᠎ᠡ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ             ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠥᠷᠭᠡᠳᠬᠡᠨ᠂ ᠮᠠᠨ ᠤ ᠰᠢᠶᠠᠩ ᠤᠨ ᠥᠷᠭᠡᠨ ᠣᠯᠠᠨ ᠲᠣᠰᠬᠤᠨ ᠤ ᠠᠷᠠᠳ 《 ᠦᠵᠡᠰᠬᠦᠯᠡᠩᠲᠦ ᠰᠠᠶᠢᠬᠠᠨ ᠬᠦᠷᠢᠶ᠎ᠡ 》 ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠲᠦᠯᠬᠢᠨ ᠠᠬᠢᠭᠤᠯᠤᠨ᠎ᠠ᠃ ᠣᠶᠢᠷ᠎ᠠ ᠳᠤ᠂ ᠶᠡᠭᠡ ᠲᠦᠷᠭᠡᠨ ᠭᠤᠣᠯ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠦᠴᠦᠲᠡᠢ ᠳᠡᠮᠵᠢᠯᠭᠡ ᠳᠣᠣᠷ᠎ᠠ ᠲᠥᠯᠥᠪᠦᠷᠢ ᠦᠭᠡᠢ ᠨᠣᠭᠤᠭᠠᠨ ᠤ ᠦᠷ᠎ᠡ᠂ ᠴᠡᠴᠡᠭ ᠤᠨ ᠦᠷ᠎ᠡ ᠶᠢ ᠲᠠᠷᠬᠠᠭᠠᠵᠤ᠂ ᠲᠣᠰᠬᠤᠨ ᠤ ᠠᠷᠠᠳ ᠢ ᠬᠠᠪᠰᠤᠷᠤᠨ ᠪᠣᠬᠢᠷᠲᠤᠯ ᠦᠭᠡᠢ ᠬᠦᠷᠢᠶᠡᠨ ᠤ ᠠᠵᠤ ᠠᠬᠤᠢ᠂ ᠭᠤᠶᠣ ᠬᠡᠭᠡᠨᠴᠢᠷ ᠭᠡᠷ ᠬᠦᠷᠢᠶ᠎ᠡ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
5.7+1.jpeg
      ᠲᠤᠰ ᠤᠳᠠᠭ᠎ᠠ ᠨᠡᠶᠢᠲᠡ 3700 ᠤᠭᠤᠲᠠ ᠲᠠᠷᠢᠭᠰᠠᠨ ᠨᠣᠭᠤᠭ᠎ᠠ ᠶᠢᠨ ᠦᠷ᠎ᠡ᠂ 6 ᠤᠭᠤᠲᠠ ᠴᠡᠴᠡᠭᠲᠦ ᠦᠷ᠎ᠡ᠂ ᠭᠠᠶᠢᠮᠤ ᠨᠣᠭᠤᠭ᠎ᠠ᠂ ᠦᠨᠦᠷᠲᠦ ᠨᠣᠭᠤᠭ᠎ᠠ᠂ ᠤᠰᠤᠨ ᠯᠤᠤᠪᠠᠩ᠂ ᠰᠢᠯᠢᠮᠳᠡᠭ᠂ ᠵᠣᠷᠭᠤᠳᠠᠰᠤ᠂ ᠪᠤᠷᠴᠠᠭ᠂ ᠠᠷᠠᠰᠤ᠂ ᠵᠠᠭᠤᠨ ᠬᠤᠨᠤᠭ ᠤᠨ ᠡᠪᠡᠰᠦ᠂ ᠫᠧᠷᠰ ᠤᠨ ᠤᠳ᠋ ᠵᠡᠷᠭᠡ ᠡᠭᠦᠯᠳᠡᠷ ᠢ ᠪᠠᠭᠲᠠᠭᠠᠵᠠᠢ᠃ᠳᠥᠴᠢᠨ ᠴᠢᠩ ᠭᠠᠵᠠᠷ ᠤᠨ ᠵᠠᠰᠠᠭ ᠵᠠᠬᠢᠷᠭᠠᠨ ᠤ ᠲᠣᠰᠬᠤᠨ᠂ ᠵᠦᠯᠦᠨᠳᠡᠢ ᠵᠠᠰᠠᠭ ᠵᠠᠬᠢᠷᠭᠠᠨ ᠤ ᠲᠣᠰᠬᠤᠨ᠂ ᠲᠦᠮᠡᠲᠦ ᠵᠠᠰᠠᠭ ᠵᠠᠬᠢᠷᠭᠠᠨ ᠤ ᠲᠣᠰᠬᠤᠨ ᠤ 828 ᠡᠷᠦᠬᠡ ᠶᠢᠨ 1731 ᠲᠣᠰᠬᠤᠨ ᠤ ᠠᠷᠠᠳ ᠲᠤ ᠦᠷ᠎ᠡ ᠪᠠ ᠴᠡᠴᠡᠭ ᠤᠨ ᠦᠷ᠎ᠡ ᠲᠠᠷᠬᠠᠭᠠᠨ᠎ᠠ᠃ ᠨᠣᠭᠤᠭ᠎ᠠ ᠶᠢᠨ ᠦᠷ᠎ᠡ ᠠᠪᠤᠭᠰᠠᠨ ᠲᠣᠰᠬᠤᠨ ᠤ ᠠᠷᠠᠳ ᠪᠦᠭᠦᠳᠡᠭᠡᠷ ᠪᠠᠶᠠᠷ ᠤᠨ ᠮᠠᠩᠨᠠᠢ ᠲᠡᠨᠢᠢᠵᠦ᠂ ᠵᠢᠦᠢ ᠯᠦᠩ ᠲᠠᠢ ᠲᠣᠰᠬᠤᠨ ᠤ ᠬᠢᠨ ᠨᠣᠭᠤᠭ᠎ᠠ ᠶᠢᠨ ᠦᠷ᠎ᠡ᠂ ᠴᠡᠴᠡᠭ ᠤᠨ ᠦᠷ᠎ᠡ ᠣᠯᠤᠭᠰᠠᠨ ᠲᠣᠰᠬᠤᠨ ᠤ ᠠᠷᠠᠳ ᠲᠠᠭᠠᠨ 《 ᠪᠢ ᠵᠢᠯ ᠪᠦᠷᠢ ᠲᠣᠰᠬᠤᠨ ᠤ ᠵᠠᠰᠠᠭ ᠤᠨ ᠣᠷᠳᠣᠨ ᠤ ᠰᠦᠢᠳᠬᠡᠯ ᠬᠤᠷᠢᠶᠠᠬᠤ ᠦᠭᠡᠢ ᠲᠠᠷᠬᠠᠭᠠᠵᠤ ᠪᠠᠶᠢᠭ᠎ᠠ ᠨᠣᠭᠤᠭ᠎ᠠ ᠶᠢᠨ ᠦᠷ᠎ᠡ᠂ ᠴᠡᠴᠡᠭ ᠤᠨ ᠦᠷ᠎ᠡ ᠶᠢ ᠣᠯᠵᠤ᠂ ᠵᠤᠨ ᠪᠣᠯᠪᠠᠯ ᠰᠢᠨ᠎ᠡ ᠰᠣᠷᠭᠤᠭ ᠨᠣᠭᠤᠭ᠎ᠠ ᠢᠳᠡᠭᠰᠡᠨ ᠢᠶᠠᠷ ᠪᠠᠷᠠᠬᠤ ᠦᠭᠡᠢ᠂ ᠰᠣᠷᠭᠤᠭ ᠰᠠᠶᠢᠬᠠᠨ ᠴᠡᠴᠡᠭ ᠨᠢ ᠮᠠᠨ ᠤ ᠬᠦᠷᠢᠶ᠎ᠡ ᠬᠠᠰᠢᠶ᠎ᠠ ᠪᠠᠨ ᠴᠤ ᠨᠡᠩ ᠰᠠᠶᠢᠬᠠᠨ ᠪᠣᠯᠭᠠᠵᠤ᠂ ᠠᠭᠤᠷ ᠠᠮᠢᠰᠬᠤᠯ ᠤᠨ ᠳᠤᠯᠠᠭᠠᠷᠠᠯ ᠢ ᠦᠨᠳᠦᠰᠦᠯᠡᠨ ᠳᠠᠷᠦ᠋ᠢᠬᠠᠨ ᠲᠠᠷᠢᠵᠤ᠂ ᠡᠨᠡ ᠵᠢᠯ ᠤᠨ 《 ᠬᠠᠮᠤᠭ ᠤᠨ ᠭᠤᠶᠣ ᠭᠡᠷ ᠪᠦᠯᠢ 》 ᠶᠢᠨ ᠴᠣᠯᠠ ᠶᠢ ᠣᠯᠬᠤ ᠪᠠᠷ ᠴᠢᠷᠮᠠᠶᠢᠵᠤ ᠪᠣᠢ᠃
5.7+2.jpg
      ᠡᠨᠡ ᠤᠳᠠᠭ᠎ᠠ ᠶᠢᠨ ᠣᠯᠭᠤᠭᠰᠠᠨ ᠰᠦᠢᠳᠬᠡᠯ ᠬᠤᠷᠢᠶᠠᠬᠤ ᠥᠬᠡᠢ ᠨᠣᠭᠤᠭ᠎ᠠ ᠶᠢᠨ ᠦᠷ᠎ᠡ᠂ ᠴᠡᠴᠡᠭ ᠤᠨ ᠦᠷ᠎ᠡ ᠵᠡᠷᠭᠡ ᠠᠵᠢᠯᠯᠠᠭ᠎ᠠ ᠨᠢ ᠲᠣᠰᠬᠤᠨ ᠤ ᠠᠷᠠᠳ ᠲᠤ ᠪᠣᠳᠠᠲᠤ ᠠᠰᠢᠭ ᠬᠦᠷᠲᠡᠭᠡᠬᠦ ᠪᠠᠷ ᠪᠠᠷᠠᠬᠤ ᠥᠬᠡᠢ᠂ ᠪᠠᠰᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠬᠦᠴᠦᠯᠡᠨ ᠬᠥᠭᠵᠢᠭᠦᠯᠵᠦ ᠪᠣᠢ᠃ᠳᠠᠷᠠᠭ᠎ᠠ ᠠᠯᠬᠤᠮ ᠳᠤ᠂ ᠶᠡᠭᠡ ᠲᠦᠷᠭᠡᠨ ᠭᠤᠣᠯ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠰᠡᠳᠬᠢᠯ ᠪᠦᠬᠦ ᠬᠦᠴᠦ ᠪᠠᠷ ᠢᠶᠠᠨ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ 《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠣᠯᠠᠨ ᠲᠦᠮᠡᠨ ᠤ ᠦᠢᠯᠡᠳᠦᠯᠭᠡ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠬᠠᠭᠠᠰ ᠬᠢᠵᠠᠭᠠᠷ ᠡᠳᠦᠷ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠠᠵᠢᠯᠯᠠᠵᠤ ᠠᠮᠢᠳᠤᠷᠠᠬᠤ ᠳᠤ ᠲᠠᠭᠠᠯᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2